9 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠴᠢᠶᠠᠨ ᠶᠢᠨ | ᠭᠧᠦ ᠪᠠᠯᠭᠠᠰᠤᠨ ᠤ ᠳ᠋ᠠ ᠭᠧ ᠳ᠋ᠦᠩ ᠲᠣᠰᠬᠤᠨ ᠳᠤ 2023 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ | ᠬᠤᠭᠤᠴᠠᠭᠠᠨ ᠤ ᠪᠥᠬᠦ ᠠᠶᠢᠮᠠᠭ ᠤᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ | ᠰᠤᠷᠤᠭᠴᠢᠳ ᠲᠤ ︽ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ᠂ ᠬᠢᠷᠢ ᠴᠢᠳᠠᠪᠤᠷᠢ ᠪᠠᠨ ᠳᠡᠭᠡᠭᠰᠢᠯᠡᠭᠦᠯᠦᠨ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠥᠨᠳᠥᠷ ᠬᠡᠪ | ᠪᠣᠯᠪᠠᠰᠤᠷᠠᠯ ᠲᠠᠢ ᠺᠠᠳ᠋ᠷ ᠪᠣᠯᠬᠤ ᠪᠠᠷ ᠴᠢᠷᠮᠠᠶᠢᠶ᠎ᠠ︾ ᠬᠡᠮᠡᠬᠦ ᠭᠤᠣᠯ ᠰᠡᠳᠦᠪ ᠢᠶᠠᠷ ᠨᠠᠮ ᠤᠨ ᠬᠢᠴᠢᠶᠡᠯ ᠤᠷᠤᠵᠠᠢ᠃ | ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠭᠤᠷᠪᠠᠳᠤᠭᠠᠷ ᠳᠡᠰ ᠤᠨ ᠪᠠᠶᠢᠴᠠᠭᠠᠨ | ᠰᠤᠳᠤᠯᠤᠭᠴᠢ ᠯᠢ ᠵᠢᠢ ᠰᠢᠤᠸᠠᠢ ᠠᠵᠢᠯᠯᠠᠭ᠎ᠠ ᠶᠢ ᠡᠷᠭᠢᠯᠡᠪᠡ᠃ ᠵᠤᠤ ᠹᠧᠢ ᠫᠧᠩ ︽ᠬᠦᠰᠡᠯᠡᠩ ᠲᠠᠢ ᠺᠠᠳ᠋ᠷ ᠪᠣᠯᠬᠤ | ᠳᠤ ᠡᠷᠬᠡᠪᠰᠢ ᠠᠯᠤᠰ ᠬᠡᠳᠦ ᠶᠢᠨ ᠵᠣᠷᠢᠯᠲᠠ ᠲᠠᠢ ᠪᠠᠶᠢᠬᠤ ︾᠂ ︽ ᠵᠠᠷᠴᠢᠮ ᠲᠠᠢ ᠺᠠᠳ᠋ᠷ ᠪᠣᠯᠬᠤ ᠳᠤ ᠡᠷᠬᠡᠪᠰᠢ | ᠵᠣᠭᠰᠣᠯᠲᠠ ᠪᠠᠲᠤ ᠪᠠᠶᠢᠬᠤ︾᠂ ︽ᠴᠢᠳᠠᠪᠤᠷᠢ ᠲᠠᠢ ᠺᠠᠳ᠋ᠷ ᠪᠣᠯᠬᠤ ᠳᠤ ᠡᠷᠬᠡᠪᠰᠢ ᠪᠦᠬᠦ ᠲᠠᠯ᠎ᠠ ᠪᠠᠷ ᠬᠦᠭᠵᠢᠬᠦ︾ | ᠵᠡᠷᠭᠡ ᠲᠠᠪᠤᠨ ᠲᠠᠯ᠎ᠠ ᠶᠢᠨ ᠲᠤᠭᠤᠷᠢᠨ ᠳᠤ᠂ ᠥᠷᠭᠡᠨ ᠤᠯᠡᠠ ᠢᠳᠡᠷ ᠵᠠᠯᠠᠭᠤ ᠺᠠᠳ᠋ᠷᠴᠤᠳ ᠢ ᠯᠠᠪᠳᠠᠭᠤᠨ ᠪᠠᠲᠤᠲᠠᠢ | ᠠᠵᠢᠯᠯᠠᠬᠤ ᠣᠪᠣᠷ᠂ ᠦᠨᠡᠨᠴᠢ ᠰᠢᠳᠤᠷᠭᠤ ᠢᠲᠡᠭᠡᠯ ᠪᠢᠰᠢᠷᠡᠯ ᠲᠠᠢ ᠪᠠᠶᠢᠵᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ | ᠲᠦᠷᠢᠮ ᠢ ᠰᠠᠬᠢᠳᠠᠭ ᠰᠠᠶᠢᠨ ᠺᠠᠳ᠋ᠷ ᠪᠣᠯᠬᠤ ᠪᠠᠷ ᠴᠢᠷᠮᠠᠶᠢᠬᠤ ᠬᠡᠷᠡᠭᠲᠡᠢ᠃ ᠴᠢᠷᠮᠠᠶᠢᠨ ᠰᠤᠷᠤᠯᠴᠠᠵᠤ᠂ ᠭᠦᠨᠵᠡᠭᠡᠢ | ᠰᠤᠳᠤᠯᠵᠤ᠂ ᠬᠠᠲᠠᠭᠤᠵᠢᠯᠲᠠᠢ ᠴᠢᠷᠮᠠᠶᠢᠵᠤ᠂ ᠡᠯ᠎ᠡ ᠵᠦᠢᠯ ᠤᠨ ᠪᠤᠳᠤᠯᠢᠶᠠᠨᠲᠠᠢ ᠠᠰᠠᠭᠤᠳᠠᠯ ᠢ ᠰᠢᠢᠳᠪᠦᠷᠢᠯᠡᠬᠦ | ᠴᠢᠳᠠᠪᠤᠷᠢ ᠪᠠᠨ ᠪᠣᠯᠪᠠᠰᠤᠷᠠᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠠᠷᠠᠳ ᠤᠨ ᠲᠥᠯᠥᠭᠡ | ᠬᠡᠮᠡᠬᠦ ᠬᠠᠶᠢᠷ᠎ᠠ ᠰᠡᠳᠬᠢᠯᠭᠡ ᠪᠠᠨ ᠪᠠᠲᠤᠳᠬᠠᠬᠤ ᠬᠡᠷᠡᠭᠲᠡᠢ ᠬᠡᠵᠦ ᠵᠤᠷᠢᠬᠵᠢᠭᠤᠯᠤᠭᠰᠠᠨ ᠪᠠᠶᠢᠨ᠎ᠠ᠃ ᠵᠣᠣ ᠹᠧᠢ ᠫᠧᠩ | ᠪᠠᠰᠠ ᠬᠤᠷᠠᠯ ᠳᠤ ᠣᠷᠣᠯᠴᠠᠭᠰᠠᠨ ᠢᠳᠡᠷ ᠵᠠᠯᠠᠭᠤ ᠺᠠᠳ᠋ᠷᠴᠤᠳ ᠢ ᠶᠡᠷᠦᠩᠬᠡᠢ ᠱᠦᠵᠢ ᠰᠢ ᠶᠢᠨ ᠫᠢᠩ ᠤᠨ | ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠠᠨ᠂ | ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠴᠢᠳᠠᠪᠤᠷᠢ ᠪᠠᠨ ᠲᠡᠭᠡᠭᠰᠢᠯᠡᠬᠦᠯᠦᠨ᠂ ᠵᠣᠷᠢᠭ ᠢᠶᠠᠨ ᠬᠥᠪᠴᠢᠯᠡᠨ ᠡᠷᠡᠯᠬᠡᠭᠯᠡᠨ | ᠲᠡᠮᠡᠴᠡᠵᠦ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠲᠤᠯᠭᠠᠭᠤᠷᠢ ᠬᠦᠴᠦᠨ ᠪᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠠᠶᠠᠨ ᠵᠠᠮ ᠢ ᠴᠢᠷᠮᠠᠶᠢᠨ ᠪᠢᠴᠢᠭᠯᠡᠬᠦ ᠳᠤ ᠵᠠᠯᠠᠭᠤᠴᠤᠳ ᠤᠨ ᠡᠭᠦᠷᠭᠡ ᠴᠢᠳᠠᠪᠬᠢ | ᠪᠠᠨ ᠭᠦᠢᠴᠡᠳ ᠪᠠᠳᠠᠷᠠᠭᠤᠯᠤᠨ᠂ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠬᠦᠬᠦ ᠪᠤᠯᠳᠤᠭᠠᠢ ᠭᠡᠵᠦ ᠬᠦᠰᠡᠪᠡ᠃ | ᠯᠢ ᠴᠦᠨ ᠭᠤᠸᠠᠩ᠂ ᠵᠤᠤ ᠬᠠᠢ ᠯᠢ ᠠᠵᠢᠯᠯᠠᠭ᠎ᠠ ᠳᠤ ᠤᠷᠤᠯᠴᠠᠵᠠᠢ᠃ |