ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2023/9/25
  9 ᠰᠠᠷ᠎ᠠ ᠶᠢᠨ 23 ᠤ ᠡᠳᠦᠷ᠂  ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ  ᠬᠤᠷᠠᠯᠳᠤᠵᠤ᠂  ᠬᠤᠰᠢᠭᠤ ᠨᠠᠮ ᠤᠨ ᠬᠤᠷᠢᠶᠠᠨ ᠤ ᠱᠦᠵᠢ᠂  ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠣᠣ ᠹᠧᠢ ᠫᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠸᠠᠩ ᠸᠧᠢ ᠬᠤᠩ ᠬᠤᠷᠠᠯ ᠢ ᠡᠷᠭᠢᠯᠡᠪᠡ᠃ ᠬᠤᠷᠠᠯ ᠠᠴᠠ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠬᠠᠷᠢᠭᠤ ᠲᠤᠰᠬᠠᠭᠰᠠᠨ ᠡᠯ᠎ᠡ ᠲᠥᠷᠥᠯ ᠤᠨ ᠠᠰᠠᠭᠤᠳᠠᠯ   ᠢ ᠰᠠᠨᠠᠭᠠᠴᠢᠯᠠᠭ᠎ᠠ   ᠠᠴᠠ ᠪᠠᠨ ᠲᠠᠨᠢᠵᠤ᠂ ︽ᠦᠷ᠎ᠡ ᠳ᠋ᠦᠩ   ᠢᠶᠠᠷ ᠤᠳᠤᠷᠢᠳᠤᠮᠵᠢ ᠪᠣᠯᠭᠠᠬᠤ︾   ᠶᠢ ᠪᠠᠷᠢᠮᠲᠠᠯᠠᠨ᠂ ᠪᠦᠲᠦᠮᠵᠢᠲᠡᠶ ᠠᠷᠭ᠎ᠠ ᠬᠡᠮᠵᠢᠶ᠎ᠡ   ᠶᠢ ᠰᠤᠳᠤᠯᠵᠤ᠂ ᠠᠷᠭ᠎ᠠ ᠪᠦᠬᠦᠨ   ᠢ ᠰᠦᠪᠡᠭᠴᠢᠯᠡᠨ ᠠᠰᠠᠭᠤᠳᠠᠯ   ᠢ ᠴᠡᠭᠴᠡᠯᠡᠨ ᠰᠠᠶᠢᠵᠢᠷᠠᠭᠤᠯᠵᠤ  ᠂ ᠦᠷ᠎ᠡ ᠪᠦᠲᠦᠮᠵᠢ ᠣᠯᠬᠤ   ᠶᠢ ᠠᠬᠢᠭᠤᠯᠬᠤ ᠬᠡᠷᠡᠭᠲᠡᠢ᠃ ᠪᠠᠷᠢᠮᠵᠢᠶ᠎ᠠ ᠲᠠᠢ ᠨᠠᠷᠢᠨ ᠬᠢᠨᠠᠮᠠᠭᠠᠢ ᠬᠠᠷᠭᠤᠭᠤᠯᠵᠤ᠂ ᠲᠤᠰ ᠪᠡᠶ᠎ᠡ ᠶᠢᠨ ᠡᠭᠦᠷᠭᠡᠯᠡᠵᠦ ᠪᠠᠶᠢᠭ᠎ᠠ ᠪᠣᠳᠠᠲᠠᠢ ᠡᠭᠦᠷᠭᠡ ᠲᠠᠢ ᠪᠠᠨ ᠤᠶᠠᠯᠳᠤᠭᠤᠯᠤᠨ᠂  ᠲᠤᠤᠷᠴᠢᠯᠠᠭᠰᠠᠨ ᠮᠠᠶ᠋ᠢᠭ ᠤᠨ ᠨᠡᠶᠢᠳᠡᠮ ᠤᠨ ᠪᠠᠶᠢᠴᠠᠭᠠᠯᠳᠠ ᠬᠢᠵᠦ᠂  ᠵᠥᠷᠢᠶ᠎ᠡ ᠪᠠᠨ ᠡᠷᠢᠵᠦ ᠳᠤᠲᠠᠭᠤᠳᠠᠯ ᠢᠶᠠᠨ ᠨᠦᠬᠦᠪᠦᠷᠢᠯᠡᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ  ᠲᠦᠷᠦᠯ ᠳᠠᠷᠠᠭᠠᠯᠠᠨ ᠨᠠᠶᠢᠳᠠᠪᠤᠷᠢᠵᠢᠭᠤᠯᠵᠤ᠂ ᠬᠢᠨᠠᠨ ᠰᠢᠯᠭᠠᠬᠤ ᠳᠤᠮᠳᠠ ᠰᠢᠯᠢᠳᠡᠭ ᠬᠢᠷᠢ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠰᠤᠮᠤ ᠰᠢᠶᠠᠩ ᠪᠠᠯᠭᠠᠰᠤ ᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ  ᠲᠦᠷᠦᠯ ᠤᠨ ᠭᠤᠣᠯᠳᠠᠯᠭ᠎ᠠ ᠲᠠᠢ ᠠᠵᠢᠯ   ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠬᠤᠰᠢᠭᠤᠨ   ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠢᠨ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠤᠯᠭᠠᠨ᠂ ᠲᠥᠷᠥ ᠶᠢᠨ ᠪᠣᠳᠣᠯᠭ᠎ᠠ᠂ ᠲᠥᠷᠥᠯ ᠵᠦᠢᠯ᠂ ᠪᠡᠯᠡ ᠮᠥᠩᠭᠦ᠂ ᠡᠬᠢ ᠪᠠᠶᠠᠯᠢᠭ ᠢ ᠲᠥᠪᠯᠡᠷᠡᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠠᠰᠢ ᠬᠡᠯᠪᠡᠶᠢᠯᠭᠡᠵᠦ᠂  ᠭᠤᠤᠯ ᠬᠦᠴᠦᠨ ᠵᠦᠢᠯ ᠢ ᠲᠥᠪᠯᠡᠷᠡᠭᠦᠯᠦᠨ᠂ ᠡᠬᠢ ᠪᠠᠶᠠᠯᠢᠭ ᠢ ᠴᠤᠭᠯᠠᠷᠠᠭᠤᠯᠵᠤ᠂ ᠳᠡᠭᠡᠳᠦ ᠳᠣᠣᠷᠠᠳᠤ ᠱᠠᠳᠤ ᠪᠠᠷ  ᠢᠶᠠᠨ ᠬᠤᠯᠪᠤᠭᠠᠯᠠᠨ ᠬᠠᠮᠵᠢᠯᠴᠠᠭᠰᠠᠨ ᠥᠨᠳᠥᠷ ᠪᠦᠲᠦᠮᠵᠢᠲᠡᠶ ᠬᠦᠴᠦᠷᠬᠡᠭ ᠶᠡᠭᠡ ᠬᠠᠮᠳᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ  ᠬᠡᠵᠦ  ᠴᠢᠬᠤᠯᠠᠴᠢᠯᠠᠭᠰᠠᠨ ᠪᠠᠶᠢᠨ᠎ᠠ᠃  ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂  ᠭᠡᠰᠢᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号