ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠵᠦ ᠬᠤᠳᠠᠯᠠ ᠲᠦᠮᠡᠨ ᠤ ᠡᠷᠡᠬᠦᠯ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2023/9/25
    ᠨᠠᠮᠤᠷ ᠤᠨ ᠤᠯᠠᠷᠢᠯ   ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠨᠡᠩ ᠰᠠᠶᠢᠨ ᠬᠢᠵᠦ᠂  ᠠᠷᠠᠳ ᠤᠯᠠᠨ ᠤ ᠡᠷᠡᠬᠦᠯ ᠮᠡᠨᠳᠦ ᠪᠠ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠤᠶᠢᠷ᠎ᠠ ᠳᠤ ᠬᠤᠩ ᠴᠢ ᠪᠠᠯᠭᠠᠰᠤᠨ ᠤ ᠬᠢᠨ ᠳᠡᠭᠡᠳᠦ ᠱᠠᠲᠤᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ ᠨᠠᠮᠤᠷ ᠤᠨ ᠤᠯᠠᠷᠢᠯ ᠤᠨ ᠬᠤᠯᠤᠭᠠᠨ᠎ᠠ ᠤᠰᠠᠳᠬᠠᠬᠤ ᠠᠵᠢᠯᠯᠠᠭ᠎ᠠ ᠦᠷᠨᠢᠬᠦᠯᠵᠡᠢ᠃  ᠡᠨᠡ ᠤᠳᠠᠭᠠᠨ ᠤ ᠠᠵᠢᠯᠯᠠᠭ᠎ᠠ ᠨᠢ ᠲᠤᠰ ᠪᠠᠯᠭᠠᠰᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ 6 ᠭᠤᠣᠯᠳᠠᠯᠭ᠎ᠠ ᠲᠠᠢ ᠭᠠᠵᠠᠷ ᠣᠷᠣᠨ ᠳᠤ ᠬᠠᠨᠳᠤᠵᠤ᠂  ᠢᠦ ᠢ᠂ ᠴᠢᠶᠠᠨ ᠶᠦᠩ᠂  ᠬᠤ᠋ ᠠᠢ᠂ ᠱᠦᠢ ᠴᠢᠤᠸᠠᠨ᠂  ᠬᠤᠩ ᠴᠢ᠂ ᠶᠦᠩ ᠱᠧᠩ ᠵᠡᠷᠭᠡ 6 ᠲᠤᠰᠬᠤᠨ ᠢ ᠬᠠᠮᠤᠷᠤᠭᠰᠠᠨ ᠪᠠᠶᠢᠨ᠎ᠠ᠃ ᠡᠶᠢᠨ ᠬᠦ᠋ ᠬᠤᠯᠤᠭᠠᠨ᠎ᠠ ᠶᠢᠨ ᠬᠤᠤᠷ᠎ᠠ ᠪᠠ  ᠬᠤᠯᠤᠭᠠᠨ᠎ᠠ ᠤᠰᠠᠳᠬᠠᠬᠤ ᠫᠤᠤᠵᠢᠩ ᠵᠡᠷᠭᠡ  ᠶᠢ ᠲᠦᠭᠡᠭᠡᠵᠦ᠂ ᠪᠥᠬᠦ ᠲᠠᠯ᠎ᠠ ᠪᠠᠷ ᠪᠠᠶᠢᠴᠠᠭᠠᠬᠤ᠂ ᠬᠠᠮᠠᠭᠠᠯᠠᠯᠲᠠ ᠶᠢᠨ ᠴᠢᠨᠠᠷᠲᠠᠢ ᠪᠠᠷ ᠬᠤᠯᠤᠭᠠᠨ᠎ᠠ ᠤᠰᠠᠳᠬᠠᠬᠤ ᠶᠢ ᠦᠨᠡᠨ ᠬᠦ   ᠪᠡᠶᠡᠯᠡᠬᠦᠯᠦᠭᠰᠡᠨ ᠪᠦᠭᠡᠳ ᠪᠥᠬᠦ ᠪᠠᠯᠭᠠᠰᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠢᠶ᠎ᠠ ᠪᠦᠬᠦᠢ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂  ᠬᠤᠯᠤᠭᠠᠨ᠎ᠠ ᠶᠢᠨ ᠲᠥᠷᠥᠯ ᠤᠨ ᠡᠪᠡᠳᠴᠢᠨ ᠡᠮᠭᠡᠭ ᠡᠭᠦᠰᠬᠦ ᠶᠢ ᠰᠡᠷᠭᠡᠶᠢᠯᠡᠨ ᠬᠤᠷᠢᠭᠯᠠᠵᠠᠢ᠃ ᠲᠠᠷᠠᠭᠠᠴᠢ ᠶᠢᠨ ᠠᠯᠬᠤᠮ ᠳᠤ᠂  ᠬᠤᠩ ᠴᠢ ᠪᠠᠯᠭᠠᠰᠤ  ᠨᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠬᠤᠯᠤᠭᠠᠨ᠎ᠠ ᠶᠢᠨ ᠨᠦᠬᠡ ᠶᠢ ᠪᠠᠶᠢᠴᠠᠭᠠᠬᠤ ᠪᠠ ᠬᠤᠯᠤᠭᠠᠨ᠎ᠠ ᠶᠢᠨ ᠲᠦᠷᠦᠯ ᠢ ᠤᠰᠠᠳᠬᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂  ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂  ᠬᠢᠵᠢᠭ ᠡᠬᠦᠰᠬᠦ ᠶᠢ ᠴᠢᠩᠭ᠎ᠠ ᠰᠡᠷᠭᠡᠶᠢᠯᠡᠵᠦ᠂ ᠠᠷᠠᠳ ᠣᠯᠠᠨ ᠤ ᠡᠷᠡᠭᠦᠯ ᠮᠡᠨᠳᠦ ᠶᠢ  ᠬᠠᠮᠠᠭᠠᠯᠠᠬᠤ ᠪᠠᠷ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号