ᠣᠶᠢᠷ᠎ᠠ ᠳᠤ᠂ ᠬᠦᠨᠪᠤᠯᠠᠭ ᠰᠤᠮᠤ ᠨᠢ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠠᠬᠢᠭᠤᠯᠬᠤ ᠬᠤᠷᠠᠯ | ᠬᠤᠷᠠᠯᠳᠤᠭᠤᠯᠵᠤ᠂ ᠰᠤᠮᠤᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠭᠠᠵᠢᠭᠤ ᠨᠣᠮᠯᠠᠯ ᠢ ᠡᠰᠡᠷᠭᠦᠴᠡᠬᠦ | ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠵᠠᠳᠠᠯᠤᠭᠰᠠᠨ ᠤ ᠬᠠᠮᠲᠤ᠂ | ᠤᠬᠠᠭᠤᠯᠭ᠎ᠠ ᠶᠢᠨ ᠭᠤᠣᠯ ᠰᠡᠳᠦᠪ᠂ ᠠᠵᠢᠯᠯᠠᠭᠠᠨ ᠤ ᠭᠤᠣᠯᠳᠠᠯᠭ᠎ᠠ᠂ ᠠᠵᠢᠯ ᠤᠨ ᠱᠠᠭᠠᠷᠳᠠᠯᠭ᠎ᠠ ᠶᠢᠨ ᠲᠠᠯ᠎ᠠ ᠪᠠᠷ | ᠨᠠᠷᠢᠨ ᠨᠢᠭᠲᠠ ᠲᠣᠬᠢᠷᠠᠭᠤᠯᠤᠯᠲᠠ ᠬᠢᠵᠦ᠂ ᠡᠯ᠎ᠡ ᠭᠠᠴᠠᠭ᠎ᠠ ᠶᠢ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠤᠷᠠᠯ ᠤᠨ ᠠᠭᠤᠯᠭ᠎ᠠ ᠶᠢ ᠢᠳᠡᠪᠬᠢᠲᠡᠢ ᠤᠯᠠᠮᠵᠢᠯᠠᠵᠤ᠂ ᠡᠨᠡᠬᠦ | ᠠᠵᠢᠯ ᠢ ᠦᠨᠡᠨ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠪᠦᠬᠦ ᠰᠤᠮᠤᠨ ᠤ | ᠬᠡᠪᠴᠢᠶᠡᠨ ᠳᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠭᠠᠵᠢᠭᠤ ᠨᠣᠮᠯᠠᠯ ᠤᠨ ᠪᠤᠶ | ᠪᠣᠯᠤᠭᠰᠠᠨ ᠠᠬᠤᠢ ᠪᠠᠶᠢᠳᠠᠯ ᠪᠣᠯᠣᠨ ᠬᠤᠣᠷ ᠬᠥᠨᠥᠭᠡᠯ ᠢ ᠲᠠᠶᠢᠯᠪᠤᠷᠢᠯᠠᠨ ᠂ ᠭᠠᠵᠢᠭᠤ ᠨᠣᠮᠯᠠᠯ ᠤᠨ ᠶᠠᠯ᠎ᠠ | ᠨᠢᠭᠦᠯᠲᠦ ᠠᠵᠢᠯᠯᠠᠭ᠎ᠠ ᠳᠤ ᠣᠯᠠᠨ ᠲᠠᠯ᠎ᠠ ᠠᠴᠠ ᠭᠦᠨᠵᠡᠭᠡᠢ ᠵᠠᠳᠠᠯᠤᠯᠲᠠ ᠬᠢᠵᠦ᠂ ᠴᠠᠭ ᠢᠮᠠᠭᠲᠠ ᠰᠣᠨᠣᠷ | ᠰᠡᠷᠡᠮᠵᠢ ᠲᠠᠢ ᠪᠠᠶᠢᠵᠤ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ | ᠭᠡᠵᠦ ᠣᠯᠠᠨ ᠲᠦᠮᠡᠨ ᠢ ᠤᠷᠢᠶᠠᠯᠠᠵᠠᠢ᠃ ᠭᠠᠴᠠᠭ᠎ᠠ ᠲᠣᠰᠬᠤᠨ ᠤ ᠸᠢᠴᠠᠲ ᠤᠨ ᠬᠤᠯᠪᠤᠭ᠎ᠠ᠂ ᠨᠡᠶᠢᠲᠡ ᠶᠢᠨ | ᠳ᠋ᠤᠭᠠᠷ ᠢ ᠠᠰᠢᠭᠯᠠᠨ᠂ ᠥᠷᠭᠡᠨ ᠣᠯᠠᠨ ᠮᠠᠯᠴᠢᠨ ᠲᠦᠮᠡᠨ ᠤ ᠭᠠᠵᠢᠭᠤ ᠨᠣᠮᠯᠠᠯ ᠢ ᠰᠡᠷᠭᠡᠶᠢᠯᠡᠬᠦ ᠦᠵᠡᠯ ᠤᠬᠠᠮᠰᠠᠷ ᠢ | ᠲᠡᠭᠡᠭᠰᠢᠯᠡᠬᠦᠬᠦ ᠶᠢᠨ ᠬᠠᠮᠳᠤ᠂ ᠺᠠᠳ᠋ᠷ ᠠᠵᠢᠯᠲᠠᠨ᠂ ᠰᠠᠶᠢᠨ ᠲᠤᠷᠠᠳᠠᠳ ᠢ ᠵᠣᠬᠢᠶᠠᠨ ᠪᠠᠶᠢᠭᠤᠯᠵᠤ ᠮᠠᠯᠵᠢᠬᠤ ᠣᠷᠣᠨ᠂ | ᠠᠵᠤ ᠠᠬᠤᠶᠢᠯᠠᠯ᠂ ᠲᠡᠯᠬᠡᠬᠦᠷ ᠬᠤᠳᠠᠯᠳᠤᠭ᠎ᠠ᠂ ᠦᠵᠡᠮᠵᠢ ᠶᠢᠨ ᠣᠷᠣᠨ᠂ ᠱᠠᠰᠢᠨ ᠰᠤᠷᠲᠠᠬᠤᠨ ᠤ ᠲᠠᠯᠠᠪᠤᠷ | ᠬᠢᠭᠡᠳ ᠠᠶᠢᠯ ᠡᠷᠦᠬᠡ ᠳᠤ ᠬᠦᠨᠵᠡᠬᠡᠶᠢᠷᠡᠬᠦᠯᠦᠨ᠂ ᠤᠬᠠᠭᠤᠯᠭ᠎ᠠ ᠶᠢᠨ ᠪᠢᠴᠢᠭᠡᠰᠦ ᠡᠯᠬᠦᠬᠦ᠂ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠥᠷᠭᠡᠨ ᠤᠯᠠᠨ ᠲᠦᠮᠡᠨ ᠳᠤ ᠭᠠᠵᠢᠭᠤ ᠨᠣᠮᠯᠠᠯ ᠤᠨ ᠮᠥᠨ ᠴᠢᠨᠠᠷ ᠢ | ᠲᠣᠳᠣᠷᠬᠠᠢ ᠲᠠᠨᠢᠭᠤᠯᠵᠤ᠂ ᠭᠠᠵᠢᠭᠤ ᠨᠣᠮᠯᠠᠯ ᠤᠨ ᠭᠡᠷ ᠪᠦᠯᠢ᠂ ᠨᠡᠶᠢᠭᠡᠮ ᠨᠡᠶᠢᠳᠡ ᠳᠤ ᠤᠴᠠᠷᠠᠭᠤᠯᠬᠤ ᠬᠤᠣᠷ | ᠬᠥᠨᠥᠭᠡᠯ ᠢ ᠨᠡᠩ ᠪᠦᠬᠦ ᠲᠠᠯ᠎ᠠ ᠪᠠᠷ ᠤᠶᠢᠯᠠᠭᠠᠭᠤᠯᠤᠨ᠂ ᠰᠢᠨᠵᠢᠯᠡᠬᠦ ᠤᠬᠠᠭᠠᠨ ᠢ ᠡᠷᠬᠢᠮᠯᠡᠬᠦ᠂ ᠭᠠᠵᠢᠭᠤ ᠨᠣᠮᠯᠠᠯ ᠢ | ᠡᠰᠡᠷᠭᠦᠴᠡᠬᠦ ᠦᠨᠢᠷ ᠦᠳᠬᠡᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ | ᠬᠦᠨᠪᠤᠯᠠᠭ ᠰᠤᠮᠤ ᠨᠢ ᠭᠠᠵᠢᠭᠤ ᠨᠣᠮᠯᠠᠯ ᠢ ᠡᠰᠡᠷᠭᠦᠴᠡᠬᠦ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠭᠠᠵᠢᠭᠤ ᠨᠣᠮᠯᠠᠯ ᠤᠨ ᠡᠬᠦᠰᠴᠦ ᠦᠷᠡᠵᠢᠬᠦ ᠬᠥᠷᠥᠰᠥ ᠰᠢᠷᠤᠢ ᠶᠢ ᠠᠷᠢᠯᠭᠠᠨ᠂ ᠭᠠᠵᠢᠭᠤ ᠨᠣᠮᠯᠠᠯ ᠢ | ᠡᠰᠡᠷᠭᠦᠴᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠤᠭᠴᠠᠯᠠᠵᠤ᠂ ︽ᠭᠠᠵᠢᠭᠤ ᠨᠣᠮᠯᠠᠯ ᠠᠴᠠ | ᠵᠠᠶᠢᠳᠠᠨ ᠭᠠᠵᠢᠭᠤ ᠨᠣᠮᠯᠠᠯ ᠢ ᠲᠡᠪᠴᠢᠬᠦ︾ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠪᠠᠷ | ᠪᠠᠶᠢᠨ᠎ᠠ᠃ |