ᠲᠠᠶᠢᠹᠤᠰᠧ ᠬᠤᠰᠢᠭᠤ ᠥᠪᠡᠷᠲᠡᠭᠡᠨ ᠵᠠᠰᠠᠬᠤ ᠣᠷᠣᠨ ᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠪᠠᠶᠢᠷᠢᠯᠠᠭᠤᠯᠤᠯᠳᠠ ᠬᠢᠭᠰᠡᠨ
ᠨᠡᠶᠢᠲᠡᠯᠡᠭᠰᠡᠨ ᠴᠠᠭ᠄
2023/9/26
   ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠬᠠᠮᠢᠶ᠎ᠠ ᠪᠦᠬᠦᠢ ᠠᠵᠢᠯ ᠢ ᠦᠷᠭᠦᠯᠵᠢᠯᠡᠨ ᠰᠠᠶᠢᠨ ᠬᠢᠵᠦ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠨ ᠰᠤᠷᠪᠤᠯᠵᠢᠯᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ  ᠠᠬᠢᠭᠤᠯᠬᠤ ᠶᠢᠨ ᠲᠦᠯᠦᠭᠡ  ᠂ 9 ᠰᠠᠷ᠎ᠠ ᠶᠢᠨ 23 ᠤ ᠡᠳᠦᠷ ᠲᠠᠶᠢᠹᠤᠰᠧ ᠬᠤᠰᠢᠭᠤᠨ ᠤ ᠬᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ  ᠢ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠢ ᠬᠤᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠢᠶᠧ ᠶᠢᠨ ᠳ᠋ᠦᠩ᠂  ᠳᠡᠳ᠋ ᠬᠤᠰᠢᠭᠤ ᠳᠠᠷᠤᠭ᠎ᠠ ᠯᠢ ᠵᠠᠨ ᠪᠦᠦ ᠬᠤᠷᠠᠯ ᠳᠤ ᠣᠷᠣᠯᠴᠠᠵᠠᠢ᠃ ᠸᠠᠩ ᠸᠧᠢ ᠬᠤᠩ ᠬᠤᠷᠠᠯ ᠢ ᠡᠷᠬᠢᠯᠡᠨ᠂ ᠵᠣᠣ ᠹᠧᠢ ᠫᠧᠩ᠂ ᠴᠧᠨ ᠶᠠᠨ ᠪᠦᠦ  ᠶᠠᠷᠢᠶ᠎ᠠ ᠲᠠᠯᠪᠢᠵᠤ᠂ ᠬᠤᠯᠪᠣᠭᠳᠠᠯ ᠪᠦᠬᠦᠢ ᠠᠵᠢᠯ   ᠢ ᠪᠠᠶᠢᠷᠢᠯᠠᠭᠤᠯᠪᠠ᠃ ᠵᠣᠣ ᠹᠧᠢ ᠫᠧᠩ ᠶᠠᠷᠢᠶᠠᠨ ᠳᠠᠭᠠᠨ᠂ ᠬᠠᠷᠢᠭᠤᠴᠠᠯᠭ᠎ᠠ   ᠶᠢ ᠴᠢᠩᠭᠠᠳᠬᠠᠨ  ᠂ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠵᠤ᠂ ᠪᠣᠳᠠᠲᠠᠢ ᠴᠠᠭ ᠬᠤᠭᠤᠴᠠᠭ᠎ᠠ᠂ ᠪᠣᠳᠠᠲᠠᠢ ᠠᠵᠢᠯ ᠤᠨ ᠪᠠᠶᠢᠷᠢ ᠪᠠ ᠪᠤᠳᠠᠳᠠᠢ ᠬᠥᠮᠥᠨ ᠳᠤ ᠬᠦᠷᠲᠡᠯ᠎ᠡ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ  ᠬᠡᠷᠡᠭᠲᠡᠢ᠃ ᠠᠰᠠᠭᠤᠳᠠᠯ   ᠢ  ᠨᠢᠬᠳᠠ ᠠᠩᠬᠠᠷᠴᠤ᠂  ᠲᠦᠷᠦᠯ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ᠂   ᠬᠠᠷᠢᠭᠤ ᠲᠤᠰᠬᠠᠭᠰᠠᠨ ᠠᠰᠠᠭᠤᠳᠠᠯ   ᠢ ᠴᠡᠭᠴᠡᠯᠡᠨ ᠰᠠᠶᠢᠵᠢᠷᠠᠭᠤᠯᠬᠤ   ᠶᠢ ᠦᠨᠡᠨ ᠬᠦ ᠪᠠᠳᠤᠯᠠᠨ᠂ ᠡᠯ᠎ᠡ ᠲᠦᠷᠦᠯ ᠤᠨ ᠠᠵᠢᠯ ᠡᠭᠦᠷᠭᠡ   ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂  ᠠᠰᠠᠭᠤᠳᠠᠯ ᠢ ᠲᠤᠤᠱᠲᠠᠢ ᠰᠢᠢᠳᠪᠦᠷᠢᠯᠡᠬᠦ  ᠂ ᠲᠤᠶᠢᠯᠪᠤᠷᠢᠲᠠᠢ ᠰᠢᠢᠳᠪᠦᠷᠢᠯᠡᠬᠦ ᠶᠢ ᠪᠡᠶᠡᠯᠡᠬᠦᠯᠦᠨ᠂ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃  ᠴᠧᠨ ᠶᠠᠨ ᠪᠦᠦ ᠠᠴᠠ ᠳᠡᠭᠡᠳᠦ ᠱᠠᠲᠤᠨ ᠤ ᠬᠠᠷᠢᠭᠤ ᠲᠤᠰᠬᠠᠭᠰᠠᠨ ᠭᠤᠣᠯ ᠠᠰᠠᠭᠤᠳᠠᠯ ᠤᠨ ᠲᠤᠬᠠᠢ ᠲᠦᠷᠦᠯ ᠳᠠᠷᠠᠭᠠᠯᠠᠨ ᠪᠠᠶᠢᠷᠢᠯᠠᠭᠤᠯᠤᠯᠲᠠ ᠬᠢᠵᠦ᠂  ᠴᠡᠭᠴᠡᠯᠡᠨ ᠰᠠᠶᠢᠵᠢᠷᠠᠭᠤᠯᠬᠤ ᠠᠵᠢᠯ   ᠢ ᠴᠢᠬᠤᠯᠠ ᠤᠯᠤᠰ ᠲᠥᠷᠥ   ᠶᠢᠨ ᠡᠭᠦᠷᠭᠡ ᠪᠤᠯᠭᠠᠨ ᠰᠠᠶᠢᠳᠤᠷ ᠠᠳᠬᠤᠵᠤ᠂ ᠳᠠᠷᠤᠯᠲᠠ  ᠪᠠᠨ ᠬᠥᠳᠡᠯᠭᠡᠬᠦ ᠬᠦᠴᠦᠨ ᠪᠤᠯᠭᠠᠵᠤ ᠬᠤᠪᠢᠷᠠᠭᠤᠯᠤᠨ᠂ ᠡᠯ᠎ᠡ ᠲᠦᠷᠦᠯ ᠤᠨ ᠠᠵᠢᠯ   ᠢ ᠦᠨᠡᠨᠬᠦ ᠤᠷᠤᠭᠰᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ   ᠶᠢ  ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃   ᠸᠠᠩ ᠸᠧᠢ ᠬᠤᠩ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ  ᠱᠠᠭᠠᠷᠳᠠᠯᠭ᠎ᠠ ᠲᠠᠯᠪᠢᠵᠤ  ᠂ ᠯᠢ ᠵᠠᠨ ᠪᠦᠦ ᠬᠠᠮᠢᠶ᠎ᠠ ᠪᠦᠬᠦᠢ ᠠᠵᠢᠯ ᠳᠤ ᠪᠠᠶᠢᠷᠢᠯᠠᠭᠤᠯᠤᠯᠳᠠ ᠬᠢᠵᠦ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃  ᠬᠤᠰᠢᠭᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ᠂ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠤᠪᠴᠢᠶᠠᠨ ᠤ ᠤᠳᠤᠷᠢᠳᠬᠤ ᠪᠠᠭ ᠤᠨ ᠭᠡᠰᠢᠬᠦᠳ᠂ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号