ᠲᠠᠶᠢᠹᠤᠰᠧ ᠬᠤᠰᠢᠭᠤᠨ ᠤ  8.4 ᠳ᠋ᠦᠩᠰᠢᠭᠤᠷ ᠲᠥᠭᠦᠷᠢᠭ  ᠤᠨ ᠶᠡᠷᠦᠩᠬᠡᠢ ᠪᠡᠯᠡ ᠣᠷᠣᠭᠤᠯᠤᠯᠲᠠ ᠲᠠᠢ ᠭᠠᠵᠠᠷ ᠰᠢᠷᠤᠢ ᠶᠢᠨ ᠵᠠᠰᠠᠯᠳᠠ ᠶᠢᠨ ᠲᠥᠷᠥᠯ ᠵᠦᠢᠯ ᠡᠬᠢᠯᠡᠭᠰᠡᠨ
ᠨᠡᠶᠢᠲᠡᠯᠡᠭᠰᠡᠨ ᠴᠠᠭ᠄
2023/9/26
  9 ᠰᠠᠷ᠎ᠠ ᠶᠢᠨ 25 ᠤ ᠡᠳᠦᠷ ᠂ ᠪᠡᠭᠡᠵᠢᠩ ᠥᠪᠥᠷ ᠮᠣᠩᠭᠤᠯ ᠤᠨ ᠬᠠᠮᠳᠤᠷᠠᠯᠴᠠᠭᠠᠨ ᠤ ᠠᠵᠢᠯ ᠤᠨ ᠴᠢᠬᠤᠯᠠ  ᠨᠢᠬᠡᠨ ᠲᠦᠷᠦᠯ ᠵᠦᠢᠯ ᠪᠤᠯᠬᠤ ︽ᠭᠠᠵᠠᠷ ᠰᠢᠷᠣᠢ ᠶᠢᠨ ᠶᠡᠷᠦᠩᠭᠡᠶᠢᠯᠡᠭᠰᠡᠨ ᠵᠠᠰᠠᠯᠳᠠ ᠪᠠᠷ ᠬᠥᠳᠡᠭᠡ ᠲᠣᠰᠬᠤᠨ ᠤ ᠬᠦᠭᠵᠢᠯ ᠮᠠᠨᠳᠤᠯ ᠢ ᠠᠬᠢᠭᠤᠯᠬᠤ︾ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠤᠨ ᠡᠬᠢᠯᠡᠯᠲᠡ ᠶᠢᠨ ᠶᠣᠰᠣᠯᠠᠯ ᠪᠣᠣᠴᠠᠩ ᠪᠠᠯᠭᠠᠰᠤᠨ ᠤ ᠪᠢᠶᠠᠨ ᠴᠢᠶᠠᠩ ᠲᠣᠰᠬᠤᠨ ᠳᠤ ᠶᠠᠪᠤᠭᠳᠠᠪᠠ᠃ ᠡᠨᠡ  ᠤᠳᠠᠭᠠᠨ ᠤ ᠠᠵᠢᠯᠯᠠᠭ᠎ᠠ ᠶᠢ ᠵᠦᠩ ᠬᠠᠨ ᠰᠢᠩ ᠨᠦᠩ ᠪᠡᠭᠡᠵᠢᠩ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠭᠤᠣᠯᠯᠠᠨ ᠡᠷᠬᠢᠯᠡᠵᠦ᠂  ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠬᠢᠯᠡᠵᠡᠢ᠃  ᠡᠬᠢᠯᠡᠯᠳᠡ ᠶᠢᠨ ᠲᠦᠷᠦᠯ ᠵᠦᠢᠯ ᠳᠤ ᠵᠦᠩ ᠬᠠᠨ ᠠᠮᠢ ᠠᠬᠤᠢ ᠶᠢᠨ ᠲᠠᠷᠢᠶᠠᠯᠠᠩ ᠤᠨ ᠮᠠᠰᠢᠨᠴᠢᠯᠠᠭᠰᠠᠨ ᠲᠠᠷᠢᠶᠠᠯᠠᠩ ᠤᠨ ᠲᠠᠯᠠᠪᠠᠢ᠂ ᠠᠮᠢᠳᠤ ᠪᠣᠳᠠᠰ ᠤᠨ ᠣᠷᠭᠠᠨᠢᠭ ᠪᠣᠷᠳᠣᠭᠤᠷ ᠤᠨ ᠦᠢᠯᠡᠳᠪᠦᠷᠢ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠰᠢᠨ᠎ᠡ ᠬᠡᠯᠪᠡᠷᠢ ᠶᠢᠨ ᠨᠡᠷᠡᠨ ᠰᠠᠷᠠᠪᠴᠢ᠂ ᠬᠦᠢᠲᠡᠨ ᠬᠥᠮᠥᠷᠭᠡ᠂ ᠲᠣᠭᠠᠴᠢᠯᠠᠭᠰᠠᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠥᠪ᠂ ᠰᠠᠷᠭᠠᠢ ᠴᠡᠴᠡᠭ ᠤᠨ ᠠᠵᠤ ᠦᠢᠯᠡᠰ ᠤᠨ ᠬᠦᠷᠢᠶᠡᠯᠡᠩ ᠵᠡᠷᠭᠡ 7 ᠲᠦᠷᠦᠯ ᠵᠦᠢᠯ ᠢ ᠪᠠᠭᠲᠠᠭᠠᠵᠤ᠂ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 8.4 ᠳ᠋ᠦᠩᠰᠢᠭᠤᠷ ᠲᠥᠭᠦᠷᠢᠭ ᠲᠤ ᠬᠦᠷᠦᠭᠰᠡᠨ ᠪᠠᠶᠢᠨ᠎ᠠ᠃  ᠲᠤᠰ ᠲᠦᠷᠦᠯ ᠵᠦᠢᠯ ᠨᠢ ᠤᠯᠤᠰ ᠤᠨ ᠳᠡᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠲᠦᠷᠭᠡᠨ ᠪᠠᠶᠢᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠵᠤ᠂ ᠲᠠᠶᠢᠹᠤᠰᠧ ᠬᠤᠰᠢᠭᠤᠨ ᠤ ᠲᠠᠷᠢᠶᠠᠨ ᠭᠠᠵᠠᠷ ᠤᠨ ᠵᠠᠰᠠᠯᠳᠠ ᠪᠠ ᠬᠥᠳᠡᠭᠡ ᠲᠣᠰᠬᠤᠨ  ᠤ ᠬᠦᠭᠵᠢᠯ ᠮᠠᠨᠳᠤᠯ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ   ᠶᠢᠨ ᠬᠠᠮᠳᠤ  ᠂ ᠲᠤᠬᠠᠢ ᠶᠢᠨ ᠭᠠᠵᠠᠷ ᠤᠨ ᠲᠠᠷᠢᠶᠠᠴᠢᠳ ᠲᠤ ᠨᠡᠩ ᠤᠯᠠᠨ ᠠᠵᠢᠯ ᠣᠯᠬᠤ ᠠᠵᠠ ᠲᠣᠬᠢᠶᠠᠯ ᠪᠠ ᠣᠷᠣᠯᠭ᠎ᠠ ᠨᠡᠮᠡᠭᠳᠡᠭᠦᠯᠬᠦ ᠠᠷᠭ᠎ᠠ ᠵᠠᠮ ᠢ ᠡᠬᠦᠳᠬᠦ ᠪᠣᠯᠣᠨ᠎ᠠ᠃     ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ  ᠄  ᠭᠠᠵᠠᠷ ᠰᠢᠷᠣᠢ  ᠶᠢᠨ ᠶᠡᠷᠦᠩᠭᠡᠶᠢᠯᠡᠭᠰᠡᠨ ᠵᠠᠰᠠᠯᠳᠠ ᠲᠦᠷᠦᠯ ᠵᠦᠢᠯ ᠢ ᠡᠬᠢᠯᠡᠭᠦᠯᠦᠭᠰᠡᠨ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠠᠬᠢᠭᠤᠯᠵᠤ᠂  ᠶᠡᠷᠦᠩᠬᠡᠢ ᠱᠦᠵᠢ ᠰᠢ ᠶᠢᠨ ᠫᠢᠩ ᠤᠨ ︽ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠢᠶᠠᠷ ᠬᠠᠳᠠᠭᠠᠯᠠᠬᠤ︾  ᠵᠢᠭᠠᠪᠤᠷᠢ ᠵᠠᠬᠢᠶ᠎ᠠ ᠶᠢ ᠨᠠᠶᠢᠳᠠᠪᠤᠷᠢᠵᠢᠭᠤᠯᠬᠤ ᠳᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠶᠤᠮ᠂  ᠡᠨᠡ   ᠨᠢ ᠪᠠᠰᠠ ᠪᠢᠳᠡᠨ ᠤ  ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠣᠯᠣᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号