9 ᠰᠠᠷ᠎ᠠ ᠶᠢᠨ 25 ᠤ ᠡᠳᠦᠷ᠂ ᠲᠠᠶᠢᠹᠤᠰᠧ ᠬᠤᠰᠢᠭᠤᠨ ᠤ ︽ᠰᠢ ᠶᠢᠨ ᠫᠢᠩ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ | ᠭᠤᠣᠯ ᠰᠡᠳᠦᠪᠲᠦ ᠬᠥᠮᠦᠵᠢᠯ︾ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠰᠤᠷᠤᠯᠭ᠎ᠠ ᠡᠬᠢᠯᠡᠵᠦ᠂ | ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠡᠬᠢᠯᠡᠯᠳᠡ ᠶᠢᠨ ᠶᠣᠰᠣᠯᠠᠯ ᠢ ᠡᠷᠬᠢᠯᠡᠭᠰᠡᠨ ᠤ ᠬᠠᠮᠲᠤ | ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠠᠶᠢᠮᠠᠭ ᠤᠨ ᠭᠤᠣᠯ ᠰᠡᠳᠦᠪᠲᠦ ᠬᠥᠮᠦᠵᠢᠯ ᠤᠨ ᠲᠠᠪᠤᠳᠤᠭᠠᠷ | ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠤᠨ ᠳᠠᠷᠤᠭ᠎ᠠ ᠤᠣ ᠬᠤᠩ ᠴᠢᠤᠸᠠᠨ ᠵᠢᠴᠢ ᠬᠠᠷᠢᠯᠴᠠᠬᠤ | ᠳᠤᠭᠤᠶᠢᠯᠠᠩ ᠤᠨ ᠭᠡᠰᠢᠭᠦᠳ ᠶᠣᠰᠣᠯᠠᠯ ᠳᠤ ᠣᠷᠣᠯᠴᠠᠵᠠᠢ᠃ ᠵᠣᠣ ᠹᠧᠢ ᠫᠧᠩ ᠶᠠᠷᠢᠶᠠᠨ ᠳᠠᠭᠠᠨ᠂ ᠨᠣᠮ ᠤᠩᠰᠢᠬᠤ | ᠠᠩᠭᠢ ᠶᠢ ᠡᠷᠭᠢᠯᠡᠬᠦ ᠪᠣᠯ ᠭᠤᠣᠯ ᠰᠡᠳᠦᠪᠲᠦ ᠬᠥᠮᠦᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ᠂ ᠤᠳᠤᠷᠢᠳᠬᠤ ᠪᠠᠭ ᠪᠠ ᠤᠳᠤᠷᠢᠳᠬᠤ ᠺᠠᠳ᠋ᠷᠴᠤᠳ ᠤᠨ ᠣᠨᠣᠯ | ᠤᠨ ᠵᠡᠪᠰᠡᠭᠯᠡᠯ ᠢ ᠴᠢᠩᠭᠠᠳᠬᠠᠬᠤ ᠴᠢᠬᠤᠯᠠ ᠠᠷᠭ᠎ᠠ ᠬᠡᠯᠪᠡᠷᠢ ᠂ ᠨᠠᠩ ᠴᠤ ᠤᠳᠤᠷᠢᠳᠬᠤ ᠺᠠᠳ᠋ᠷᠴᠤᠳ ᠤᠨ ᠳᠡᠭᠡᠳᠦ | ᠱᠠᠲᠤ ᠨᠢ ᠳᠣᠣᠷᠠᠳᠤ ᠱᠠᠲᠤ ᠪᠠᠨ ᠤᠳᠤᠷᠢᠳᠤᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠪᠣᠳᠠᠲᠤ ᠠᠵᠢᠯᠯᠠᠭ᠎ᠠ | ᠮᠥᠨ ᠭᠡᠳᠡᠭ ᠢ ᠭᠦᠢᠴᠡᠳ ᠲᠠᠨᠢᠬᠤ ᠬᠡᠷᠡᠭᠲᠡᠢ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠭᠡᠰᠢᠭᠦᠨ | ᠺᠠᠳ᠋ᠷᠴᠤᠳ ᠤᠭ ᠵᠣᠬᠢᠶᠠᠯ ᠢ ᠨᠢ ᠤᠩᠰᠢᠵᠤ ᠤᠭ ᠵᠣᠬᠢᠶᠠᠯ ᠢ ᠨᠢ ᠰᠤᠷᠤᠯᠴᠠᠵᠤ ᠤᠭ ᠶᠣᠰᠣ ᠶᠢ ᠨᠢ | ᠤᠶᠢᠯᠠᠭᠠᠬᠤ ᠶᠢ ᠪᠠᠷᠢᠮᠳᠠᠯᠠᠨ᠂ ᠳᠠᠬᠢᠨ ᠳᠠᠪᠲᠠᠨ ᠤᠩᠰᠢᠨ ᠰᠤᠳᠤᠯᠵᠤ᠂ ᠰᠡᠳᠬᠢᠯ ᠲᠠᠯᠪᠢᠨ ᠰᠡᠳᠬᠢᠨ ᠪᠣᠳᠣᠯᠬᠢᠯᠠᠵᠤ | ᠂ ᠪᠣᠳᠠᠲᠠᠢ ᠲᠠᠢ ᠤᠶᠠᠯᠳᠤᠭᠤᠯᠬᠤ ᠶᠢ ᠢᠮᠠᠭᠳᠠ ᠪᠠᠷᠢᠮᠲᠠᠯᠠᠨ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠤᠰᠬᠠᠢ | ᠰᠡᠳᠦᠪᠲᠦ ᠪᠠᠶᠢᠴᠠᠭᠠᠨ ᠰᠤᠳᠤᠯᠤᠯᠲᠠ᠂ ᠲᠤᠰᠬᠠᠢ ᠲᠥᠷᠥᠯ ᠤᠨ ᠲᠣᠬᠢᠷᠠᠭᠤᠯᠤᠯᠲᠠ ᠬᠢᠵᠦ᠂ ᠰᠢᠨᠵᠢᠯᠡᠬᠦ ᠤᠬᠠᠭᠠᠨᠴᠢ | ᠣᠨᠣᠯ ᠢᠶᠠᠷ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠬᠢᠷᠢ ᠴᠢᠳᠠᠪᠤᠷᠢ ᠪᠠᠨ ᠲᠡᠭᠡᠭᠰᠢᠯᠡᠬᠦᠯᠦᠨ᠂ ᠲᠠᠶᠢᠹᠤᠰᠧ | ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠪᠥᠬᠦ ᠲᠠᠯ᠎ᠠ ᠪᠠᠷ | ᠠᠬᠢᠭᠤᠯᠬᠤ ᠬᠡᠷᠡᠭᠲᠡᠢ᠃ ᠣᠯᠳᠠᠬᠤᠶ᠎ᠠ ᠪᠡᠷᠬᠡ ᠰᠤᠷᠤᠯᠴᠠᠬᠤ ᠲᠣᠬᠢᠶᠠᠯ ᠢ ᠨᠠᠨᠳᠢᠩᠨᠠᠨ᠂ ᠣᠪᠣᠷ ᠢᠶᠠᠨ ᠲᠥᠪ ᠪᠣᠯᠭᠠᠵᠤ | ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ᠂ ᠨᠠᠷᠢᠨ ᠬᠢᠨᠠᠮᠠᠭᠠᠢ ᠰᠤᠷᠤᠯᠴᠠᠨ ᠰᠤᠳᠤᠯᠵᠤ᠂ ᠨᠣᠮ ᠤᠩᠰᠢᠬᠤ | ᠠᠩᠭᠢ ᠪᠠᠷ ᠲᠠᠮᠵᠢᠭᠠᠳ ᠨᠡᠩ ᠶᠡᠭᠡ ᠰᠤᠷᠤᠯᠴᠠᠯᠭ᠎ᠠ ᠶᠢᠨ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ | ᠬᠡᠵᠦ ᠴᠢᠬᠤᠯᠠᠴᠢᠯᠠᠭᠰᠠᠨ ᠪᠠᠶᠢᠨ᠎ᠠ᠃ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠠᠶᠢᠮᠠᠭ ᠤᠨ ᠨᠠᠮ ᠤᠨ ᠬᠤᠷᠢᠶᠠᠨ ᠤ | ᠨᠠᠮ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠤᠨᠤᠯ ᠤᠨ ᠵᠢᠭᠠᠨ ᠰᠤᠳᠤᠯᠬᠤ ᠭᠠᠵᠠᠷ ᠤᠨ ᠳᠡᠳ᠋ | ᠫᠷᠤᠹᠧᠰᠰᠤᠷ᠂ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠤᠨᠤᠯ ᠤᠨ ᠰᠤᠳᠤᠯᠭᠠᠨ ᠤ ᠨᠡᠶᠢᠭᠡᠮᠯᠢᠭ ᠤᠨ | ᠬᠡᠷᠡᠭ ᠡᠷᠬᠢᠯᠡᠭᠴᠢ ᠳ᠋ᠦᠩ ᠴᠢᠶᠣᠤ ᠰᠢᠶᠠ ᠠᠴᠠ ︽ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠮᠠᠷᠺᠰ ᠤᠨ | ᠦᠵᠡᠯ ᠤᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠰᠢᠨ᠎ᠡ ᠠᠬᠤᠢ ᠪᠠᠶᠢᠳᠠᠯ ᠢ ᠨᠡᠭᠡᠭᠡᠶ᠎ᠡ︾ ᠬᠡᠮᠡᠬᠦ | ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ ᠬᠢᠴᠢᠶᠡᠯ ᠣᠷᠣᠵᠠᠢ᠃ ᠡᠨᠡ ᠤᠳᠠᠭᠠᠨ ᠤ ᠭᠤᠷᠪᠠᠨ | ᠡᠳᠦᠷ ᠤᠨ ᠬᠤᠭᠤᠴᠠᠭ᠎ᠠ ᠲᠠᠢ ᠨᠣᠮ ᠤᠩᠰᠢᠬᠤ ᠠᠩᠭᠢ ᠳᠤ ᠬᠠᠮᠳᠤ ᠪᠠᠷ ᠨᠣᠮ ᠤᠩᠰᠢᠬᠤ᠂ ᠶᠠᠷᠢᠯᠴᠠᠨ ᠰᠤᠳᠤᠯᠵᠤ | ᠰᠠᠨᠠᠯ ᠢᠶᠠᠨ ᠰᠣᠯᠢᠯᠴᠠᠬᠤ ᠵᠡᠷᠭᠡ ᠠᠭᠤᠯᠭ᠎ᠠ ᠶᠢ ᠲᠤᠬᠢᠷᠠᠭᠤᠯᠪᠠ᠃ ᠬᠤᠰᠢᠭᠤ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠪᠠ ᠰᠢᠭᠦᠬᠦ | ᠬᠤᠷᠢᠶ᠎ᠠ᠂ ᠪᠠᠶᠢᠴᠠᠭᠠᠬᠤ ᠬᠤᠷᠢᠶᠠᠨ ᠤ ᠤᠳᠤᠷᠢᠳᠤᠯᠭ᠎ᠠ ᠨᠠᠷ ᠰᠤᠷᠤᠯᠭ᠎ᠠ ᠳᠤ ᠣᠷᠣᠯᠴᠠᠵᠤ᠂ ᠪᠥᠬᠦ ᠬᠤᠰᠢᠭᠤᠨ ᠤ | ᠳᠡᠳ᠋ ᠰᠠᠯᠠᠭᠠᠨ ᠤ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷᠴᠤᠳ ᠪᠣᠯᠪᠠᠰᠤᠷᠠᠯ ᠳᠤ ᠰᠤᠯᠠ ᠣᠷᠣᠯᠴᠠᠪᠠ᠃ |