ᠣᠶᠢᠷ᠎ᠠ ᠶᠢᠨ ᠵᠢᠯ ᠳᠤ᠂ ᠶᠦᠩ ᠹᠧᠩ ᠪᠠᠯᠭᠠᠰᠤ ᠨᠢ ︽ᠭᠤᠷᠪᠠ ᠶᠢ ᠲᠤᠪᠤᠶᠢᠯᠭᠠᠬᠤ︾ ᠪᠠᠷ ᠭᠤᠣᠯᠳᠠᠯᠭ᠎ᠠ | ᠪᠤᠯᠭᠠᠨ᠂ ᠤᠢ ᠰᠢᠭᠤᠢ ᠨᠤᠳᠤᠭ ᠪᠡᠯᠴᠢᠭᠡᠷ ᠢ ᠡᠪᠡᠳᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠲᠤᠰᠬᠠᠢ | ᠲᠦᠷᠦᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠠᠤᠯᠢᠵᠢᠯ ᠤᠨ ᠬᠦᠴᠦᠨ ᠢᠶᠠᠷ ᠤᠢ ᠰᠢᠭᠤᠢ | ᠨᠤᠳᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠠᠬᠢᠭᠤᠯᠵᠤ ᠢᠷᠡᠵᠡᠢ᠃ | ᠬᠠᠮᠳᠤᠷᠠᠯᠴᠠᠭᠠᠨ ᠤ ᠤᠬᠠᠮᠰᠠᠷ ᠢ ᠳᠣᠪᠤᠶᠢᠯᠭᠠᠵᠤ᠂ ᠣᠶ ᠰᠢᠭᠤᠢ ᠨᠤᠳᠤᠭ ᠪᠡᠯᠴᠢᠭᠡᠷ ᠤᠨ ᠡᠬᠢ ᠪᠠᠶᠠᠯᠢᠭ ᠢ | ᠬᠦᠴᠦ ᠪᠠᠨ ᠬᠠᠮᠲᠤᠳᠬᠠᠨ ᠰᠠᠬᠢᠨ ᠬᠠᠮᠠᠭᠠᠯᠠᠭᠰᠠᠨ᠃ ᠣᠶ ᠰᠢᠭᠤᠢ ᠶᠢᠨ ᠳᠠᠷᠤᠭ᠎ᠠ ᠶᠢᠨ ᠳᠦᠷᠢᠮ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠣᠳᠣᠬᠠᠨ ᠤ ᠪᠦᠬᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ | ᠨᠣᠭᠤᠭᠠᠷᠠᠭᠤᠯᠤᠯᠲᠠ ᠶᠢᠨ ᠲᠥᠷᠥᠯ ᠵᠦᠢᠯ ᠢ ᠠᠬᠢᠭᠤᠯᠤᠨ᠂ ᠣᠶ ᠰᠢᠭᠤᠢ ᠨᠤᠳᠤᠭ ᠪᠡᠯᠴᠢᠭᠡᠷ ᠤᠨ ᠠᠮᠢ | ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠬᠦᠷᠭᠡᠯᠡᠵᠦ᠂ | ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠠᠰᠤᠷᠠᠯᠲᠠ ᠦᠭᠡᠢ ᠪᠦᠷᠢᠨᠰᠢᠭᠦᠯᠦᠨ᠂ ᠠᠵᠢᠯ ᠤᠨ ᠬᠠᠮᠳᠤᠷᠠᠯ ᠤᠨ | ᠬᠦᠴᠦᠨ ᠢ ᠪᠦᠷᠢᠯᠳᠦᠭᠦᠯᠵᠦ᠂ ᠣᠶ ᠰᠢᠭᠤᠢ ᠨᠤᠳᠤᠭ ᠪᠡᠯᠴᠢᠭᠡᠷ ᠤᠨ ᠵᠠᠰᠠᠯᠳᠠ ᠶᠢᠨ ᠰᠢᠰᠲ᠋ᠧᠮᠵᠢ ᠪᠠ ᠵᠠᠰᠠᠯᠳᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠪᠠ᠃ | ᠴᠢᠩᠭ᠎ᠠ ᠪᠥᠭᠡᠳ ᠲᠦᠷᠭᠡᠨ ᠪᠠᠶᠢᠬᠤ ᠶᠢ ᠲᠤᠪᠤᠶᠢᠯᠭᠠᠵᠦ᠂ ᠨᠠᠷᠢᠯᠢᠭ ᠤᠨᠤᠴᠠᠳᠠᠢ ᠪᠠᠷ ᠴᠣᠬᠢᠯᠲᠠ ᠥᠭᠬᠦ ᠶᠢ | ᠦᠨᠡᠨᠬᠦ ᠪᠠᠳᠤᠯᠠᠭᠰᠠᠨ᠃ ᠭᠤᠣᠯᠳᠠᠯᠭ᠎ᠠ ᠲᠠᠢ ᠭᠠᠵᠠᠷ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ | ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠂ ᠣᠶ ᠰᠢᠭᠤᠢ ᠨᠤᠳᠤᠭ ᠪᠡᠯᠴᠢᠭᠡᠷ ᠢ | ᠡᠪᠳᠡᠵᠦ ᠰᠦᠢᠳᠬᠡᠭᠰᠡᠨ ᠡᠯ᠎ᠡ ᠲᠥᠷᠥᠯ ᠤᠨ ᠠᠰᠠᠭᠤᠳᠠᠯ ᠢ ᠴᠢᠩᠭ᠎ᠠ ᠮᠦᠷᠳᠡᠭᠡᠨ ᠲᠦᠷᠭᠡᠨ ᠢᠶᠠᠷ ᠪᠠᠶᠢᠴᠠᠭᠠᠨ | ᠰᠢᠢᠳᠪᠦᠷᠢᠯᠡᠵᠦ᠂ ᠡᠳᠦᠷ ᠲᠤᠲᠤᠮ ᠤᠨ ᠬᠢᠨᠠᠨ ᠬᠠᠮᠢᠶᠠᠷᠬᠤ᠂ ᠣᠯᠠᠨ ᠲᠦᠮᠡᠨ ᠢᠯᠡᠴᠢᠯᠡᠨ ᠮᠡᠳᠡᠭᠦᠯᠬᠦ᠂ | ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠵᠡᠷᠭᠡ ᠪᠠᠷ ᠭᠤᠣᠯ ᠰᠦᠪᠡᠭᠴᠢ ᠪᠣᠯᠭᠠᠨ᠂ ᠨᠠᠷᠢᠯᠢᠭ ᠣᠨᠣᠴᠠᠲᠠᠢ ᠪᠠᠷ | ᠴᠣᠬᠢᠯᠲᠠ ᠥᠭᠬᠦ ᠶᠢ ᠪᠠᠷᠢᠮᠳᠠᠯᠠᠵᠤ᠂ ︽ᠣᠶ ᠰᠢᠭᠤᠢ ᠶᠢᠨ ᠬᠠᠤᠯᠢ︾᠂ ︽ᠨᠤᠲᠤᠭ ᠪᠡᠯᠴᠢᠭᠡᠷ ᠤᠨ ᠬᠠᠤᠯᠢ︾ | ᠵᠡᠷᠭᠡ ᠬᠠᠤᠯᠢ ᠲᠦᠷᠢᠮ ᠢ ᠴᠢᠩᠭ᠎ᠠ ᠭᠡᠷᠡᠭᠵᠢᠬᠦᠯᠦᠨ᠂᠂ ᠤᠢ ᠰᠢᠭᠤᠢ ᠨᠤᠳᠤᠭ ᠪᠡᠯᠴᠢᠭᠡᠷ ᠢ ᠳᠤᠷ᠎ᠠ ᠪᠠᠷ ᠢᠶᠠᠨ | ᠡᠵᠡᠯᠡᠨ ᠬᠠᠭᠠᠯᠪᠤᠷᠢᠯᠠᠬᠤ ᠪᠠ ᠡᠪᠳᠡᠵᠦ ᠰᠦᠢᠳᠬᠡᠬᠦ ᠵᠡᠷᠭᠡ ᠡᠮᠬᠢ ᠲᠢᠭᠯᠡᠮ ᠦᠭᠡᠢ ᠦᠵᠡᠭᠳᠡᠯ ᠢ ᠬᠠᠤᠯᠢ ᠶᠣᠰᠣᠭᠠᠷ | ᠴᠡᠭᠴᠡᠯᠡᠨ ᠵᠠᠰᠠᠵᠤ᠂ ᠬᠠᠤᠯᠢ ᠲᠦᠷᠢᠮ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠰᠦᠷᠳᠡᠬᠦᠯᠦᠯ ᠦᠭᠴᠡᠢ᠃ | ᠪᠠᠶᠢᠩᠭᠤ ᠶᠢᠨ ᠴᠢᠨᠠᠷᠳᠠᠢ ᠴᠢᠩᠭ᠎ᠠ ᠠᠳᠬᠤᠬᠤ ᠶᠢ ᠲᠤᠪᠤᠶᠢᠯᠭᠠᠵᠤ᠂ ᠤᠷᠳᠤ ᠬᠤᠭᠤᠴᠠᠭᠠᠨ ᠤ ᠪᠦᠲᠦᠮᠵᠢᠲᠡᠢ | ᠬᠠᠮᠢᠶᠠᠷᠤᠯᠳᠠ ᠶᠢᠨ ᠲᠣᠭᠲᠠᠴᠠ ᠶᠢ ᠪᠦᠷᠢᠨᠰᠢᠬᠦᠯᠦᠭᠰᠡᠨ᠃ ᠪᠠᠶᠢᠩᠭᠤ ᠶᠢᠨ ᠴᠢᠨᠠᠷᠳᠠᠢ ᠠᠵᠢᠯ ᠤᠨ ᠲᠣᠭᠲᠠᠴᠠ ᠶᠢ | ᠪᠠᠶᠢᠭᠤᠯᠵᠤ᠂ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠲᠡᠬᠦᠯᠳᠡᠷᠵᠢᠬᠦᠯᠦᠨ᠂ ᠬᠢᠨᠠᠯᠳᠠ ᠬᠠᠮᠢᠶᠠᠷᠤᠯᠲᠠ ᠶᠢᠨ ᠠᠯᠳᠠᠰᠢ | ᠭᠠᠷᠬᠤ ᠶᠢ ᠪᠦᠲᠦᠮᠵᠢᠲᠡᠶ ᠰᠡᠷᠭᠡᠶᠢᠯᠡᠵᠦ᠂ ᠳᠦᠷᠢᠮ ᠤᠨ ᠳᠤᠲᠠᠭᠤᠳᠠᠯ ᠢ ᠨᠥᠬᠦᠪᠦᠷᠢᠯᠡᠨ ᠂ ᠡᠭᠦᠰᠦᠯ ᠤᠨ ᠬᠢᠨᠠᠯᠳᠠ | ᠬᠠᠮᠢᠶᠠᠷᠤᠯᠳᠠ᠂ ᠶᠠᠪᠤᠴᠠ ᠶᠢᠨ ᠬᠢᠨᠠᠯᠳᠠ ᠬᠠᠮᠢᠶᠠᠷᠤᠯᠳᠠ ᠪᠠ ᠪᠠᠶᠢᠩᠭᠤ ᠶᠢᠨ ᠬᠢᠨᠠᠯᠳᠠ ᠬᠠᠮᠢᠶᠠᠷᠤᠯᠲᠠ ᠶᠢ | ᠴᠢᠩᠭᠠᠳᠬᠠᠵᠤ᠂ ᠬᠠᠷᠢᠭᠤᠴᠠᠯᠭ᠎ᠠ ᠠᠯᠳᠠᠬᠤ ᠦᠭᠡᠢ᠂ ᠡᠷᠴᠢᠮ ᠰᠤᠯᠠᠷᠠᠬᠤ ᠦᠬᠡᠢ᠂ ᠦᠷ᠎ᠡ ᠪᠦᠲᠦᠮᠵᠢ ᠪᠠᠭᠤᠷᠠᠬᠤ | ᠦᠭᠡᠢ ᠪᠠᠶᠢᠬᠤ ᠶᠢ ᠦᠨᠡᠨ ᠬᠦ ᠪᠠᠳᠤᠯᠠᠨ᠂ ᠬᠢᠨᠠᠯᠳᠠ ᠬᠠᠮᠢᠶᠠᠷᠤᠯᠲᠠ ᠶᠢᠨ ᠰᠤᠯᠠᠷᠠᠯ᠂ ᠨᠠᠵᠠᠭᠠᠶᠢᠷᠠᠯ᠂ | ᠬᠤᠶᠢᠷᠭᠤᠰᠢᠯ ᠤᠨ ᠦᠵᠡᠭᠳᠡᠯ ᠢ ᠡᠷᠡᠰ ᠬᠤᠷᠢᠭᠯᠠᠭᠰᠠᠨ ᠪᠠᠶᠢᠨ᠎ᠠ᠃ |