ᠡᠨᠡ ᠵᠢᠯ ᠤᠨ 9 ᠰᠠᠷ᠎ᠠ ᠪᠣᠯ ᠪᠥᠬᠦ ᠣᠷᠣᠨ ᠤ ᠲᠦᠴᠢᠳᠡᠬᠢ ︽ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠠᠵᠢᠯᠯᠠᠭᠠᠨ ᠤ ᠰᠠᠷ᠎ᠠ︾ ᠪᠣᠯᠣᠨ᠎ᠠ᠃ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠦᠨᠡᠨᠬᠦ ᠪᠠᠲᠤᠳᠬᠠᠬᠤ ᠶᠢᠨ ᠲᠥᠯᠥᠭᠡ᠂ ᠣᠶᠢᠷ᠎ᠠ ᠳᠤ ᠴᠢᠶᠠᠨ ᠶᠢᠨ ᠭᠧᠦ ᠪᠠᠯᠭᠠᠰᠤᠨ ᠤ | ᠬᠢᠨ ︽ ᠨᠠᠮ ᠤᠨ ᠢᠶᠠᠨ ᠠᠴᠢ ᠳᠤ ᠲᠠᠯᠠᠷᠬᠠᠵᠤ ᠨᠠᠮ ᠢᠶᠠᠨ ᠲᠠᠭᠠᠵᠦ ᠤᠷᠤᠭᠰᠢᠯᠠᠨ᠂ ᠵᠢᠱᠢᠶᠡᠴᠢ ᠥᠪᠡᠷᠲᠡᠭᠡᠨ | ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠳᠤ ᠦᠯᠢᠭᠡᠷ ᠲᠠᠭᠤᠷᠢᠶᠠᠯ ᠪᠤᠯᠬᠤ︾ ᠭᠤᠣᠯ ᠰᠡᠳᠦᠪᠲᠦ | ᠠᠵᠢᠯᠯᠠᠭ᠎ᠠ ᠶᠢ ᠥᠷᠨᠢᠭᠦᠯᠵᠦ᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠢᠨ ᠮᠡᠲᠦ ᠳᠣᠲᠣᠨᠣ | ᠪᠠᠶᠢᠬᠤ︾ ᠰᠠᠶᠢᠨ ᠰᠠᠶᠢᠬᠠᠨ ᠡᠶ᠎ᠡ ᠵᠣᠬᠢᠴᠠᠩᠭᠤᠢ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠪᠠ᠃ ᠪᠠᠯᠭᠠᠰᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠦᠨᠳᠦᠰᠦᠲᠡᠨ ᠤ ᠪᠦᠯᠬᠦᠮᠳᠡᠯ ᠤᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠠᠵᠢᠯᠯᠠᠭᠠᠨ ᠤ ᠰᠠᠷ᠎ᠠ ᠶᠢᠨ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ | ᠴᠠᠭ ᠲᠤᠬᠠᠢ ᠳᠤᠨᠢ ᠬᠤᠷᠠᠯ ᠬᠢᠵᠦ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠤᠨ᠂ ᠨᠠᠮ ᠤᠨ ᠬᠤᠷᠢᠶᠠᠨ ᠤ ᠣᠨᠣᠯ | ᠰᠤᠷᠤᠯᠴᠠᠬᠤ ᠭᠤᠣᠯ ᠳᠤᠭᠤᠶᠢᠯᠠᠩ᠂ ᠲᠤᠰᠬᠠᠢ ᠰᠡᠳᠦᠪᠲᠦ ᠤᠬᠠᠭᠤᠯᠭ᠎ᠠ ᠲᠠᠶᠢᠯᠤᠮᠵᠢ ᠂ ︽ᠭᠤᠣᠯ ᠰᠡᠳᠦᠪᠲᠦ | ᠨᠠᠮ ᠤᠨ ᠡᠳᠦᠷ︾ ᠤᠨ ᠠᠵᠢᠯᠯᠠᠭ᠎ᠠ ᠵᠡᠷᠭᠡ ᠪᠠᠷ ᠳᠠᠮᠵᠢᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠲᠥᠪ ᠤᠨ | ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠭᠦᠨᠵᠡᠭᠡᠢ ᠤᠬᠠᠭᠤᠯᠤᠨ ᠲᠠᠶᠢᠯᠪᠤᠷᠢᠯᠠᠵᠤ᠂ | ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ ᠲᠤᠬᠠᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠲᠣᠭᠲᠠᠭᠠᠯ︾ ᠪᠠ 6 ᠠᠬᠢᠭᠤᠯᠬᠤ ᠳᠦᠷᠢᠮ ᠤᠨ ᠰᠤᠷᠤᠯᠴᠠᠯᠭ᠎ᠠ | ᠤᠬᠠᠭᠤᠯᠭ᠎ᠠ ᠶᠢ ᠭᠦᠨᠵᠡᠭᠡᠢ ᠦᠷᠨᠢᠬᠦᠯᠦᠨ᠂ ᠪᠥᠬᠦ ᠨᠠᠮ ᠤᠨ ᠭᠡᠰᠢᠭᠦᠨ ᠺᠠᠳ᠋ᠷᠴᠤᠳ ᠢ ᠵᠢᠯᠤᠭᠤᠳᠴᠤ ᠵᠥᠪ | ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ ᠶᠢ ᠪᠠᠲᠤ ᠪᠠᠬᠢ | ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠶᠢ ᠪᠥᠬᠦ ᠪᠠᠯᠭᠠᠰᠤᠨ ᠤ ᠠᠵᠢᠯ | ᠦᠢᠯᠡᠰ ᠤᠨ ᠬᠥᠭᠵᠢᠯᠲᠡ ᠶᠢᠨ ᠪᠥᠬᠦ ᠶᠠᠪᠤᠴᠠ ᠳᠤ ᠲᠤᠤᠱᠯᠠᠭᠤᠯᠵᠤ ᠪᠤᠢ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠨ᠂ ︽ ᠲᠡᠷᠭᠡᠯ ᠰᠠᠷᠠᠨ ᠤ | ᠪᠠᠶᠠᠷ︾᠂ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾᠂ ︽ ᠬᠠᠮᠲᠤ ᠪᠠᠷ | ᠪᠠᠶᠢᠭᠤᠯᠬᠤ ᠠᠵᠢᠯᠯᠠᠭ᠎ᠠ︾ ᠵᠡᠷᠭᠡ ᠲᠠᠢ ᠤᠶᠠᠯᠳᠤᠭᠤᠯᠵᠤ᠂ ᠣᠯᠠᠨ ᠲᠦᠮᠡᠨᠴᠢ ᠴᠢᠨᠠᠷᠲᠠᠢ ᠤᠬᠠᠭᠤᠯᠭ᠎ᠠ ᠬᠥᠮᠦᠵᠢᠯ | ᠤᠨ ᠠᠵᠢᠯᠯᠠᠭ᠎ᠠ ᠶᠢ ᠭᠦᠨᠵᠡᠭᠡᠢ ᠦᠷᠨᠢᠬᠦᠯᠦᠨ᠂ ᠨᠠᠮ ᠤᠨ ᠦᠨᠳᠦᠰᠦᠲᠡᠨ ᠤ ᠣᠨᠣᠯ ᠦᠨᠳᠦᠰᠦᠲᠡᠨ ᠤ ᠲᠥᠷᠥ | ᠶᠢᠨ ᠪᠣᠳᠣᠯᠭ᠎ᠠ ᠶᠢ ᠦᠨᠡᠨᠬᠦ ᠣᠯᠠᠨ ᠲᠦᠮᠡᠨ ᠤ ᠲᠡᠷᠭᠡᠳᠡ ᠬᠦᠷᠭᠡᠵᠦ᠂ ᠲᠠᠷᠢᠶ᠎ᠠ ᠪᠡᠯᠴᠢᠭᠡᠷ ᠲᠤ ᠤᠯᠠᠮᠵᠢᠯᠠᠭᠰᠠᠨ | ᠪᠠᠶᠢᠨ᠎ᠠ᠃ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠳᠡᠢ ᠥᠷᠨᠢᠭᠦᠯᠵᠦ᠂ ᠭᠡᠷ ᠲᠡᠭᠡᠨ | ᠬᠤᠴᠣᠷᠤᠭᠰᠠᠨ ᠨᠠᠰᠤᠳᠠᠶᠢᠴᠤᠳ᠂ ᠣᠨᠴᠠ ᠬᠦᠴᠢᠷᠳᠡᠯᠲᠡᠢ ᠬᠥᠮᠥᠰ ᠢ ᠡᠳ᠋ ᠪᠣᠳᠠᠰ ᠢᠶᠠᠷ ᠲᠤᠬᠤᠨᠢᠭᠤᠯᠤᠨ᠂ | ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠤᠯᠠᠨ ᠲᠦᠮᠡᠨ ᠤ ᠤᠯᠤᠯᠳᠠ ᠬᠦᠷᠲᠡᠮᠵᠢ ᠶᠢᠨ ᠲᠥᠷᠥᠭᠳᠡᠯ᠂ ᠠᠵᠠ | ᠵᠢᠷᠭᠠᠯ ᠤᠨ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠡᠭᠡᠭᠰᠢᠯᠡᠬᠦᠯᠵᠡᠢ᠃ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠤᠯᠠᠨ | ᠲᠦᠮᠡᠨ ᠤ ᠦᠭᠡ ᠬᠡᠯᠡ ᠦᠰᠦᠭ ᠪᠢᠴᠢᠭ ᠤᠨ ᠲᠦᠷᠢᠮᠵᠢᠯ ᠤᠨ ᠤᠬᠠᠮᠰᠠᠷ ᠪᠠ ᠨᠡᠶᠢᠲᠡᠯᠢᠭ ᠬᠡᠯᠡ ᠶᠢ | ᠲᠦᠭᠡᠮᠡᠯᠵᠢᠭᠦᠯᠬᠦ ᠳᠤ ᠣᠷᠣᠯᠴᠠᠬᠤ ᠤᠬᠠᠮᠰᠠᠷ ᠢ ᠲᠡᠭᠡᠭᠰᠢᠯᠡᠬᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠪᠠᠲᠤ | ᠦᠨᠳᠦᠰᠦᠯᠡᠭᠦᠯᠬᠦ ᠪᠠᠷ ᠴᠢᠷᠮᠠᠶᠢᠪᠠ᠃ ︽ᠠᠷᠠᠳ ᠤᠨ ᠲᠥᠯᠥᠭᠡᠯᠡᠭᠴᠢᠳ ᠤᠨ ᠭᠡᠷ︾᠂ ︽ᠨᠢᠭᠡᠳᠦᠮᠡᠯ | ᠹᠷᠣᠨᠲ ᠤᠨ ᠭᠡᠷ ︾᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡᠨ ᠤ ᠦᠢᠯᠡᠳᠦᠯ ᠢ | ᠪᠠᠳᠠᠷᠠᠭᠤᠯᠵᠤ᠂ ᠠᠷᠠᠳ ᠤᠨ ᠲᠥᠯᠥᠭᠡᠯᠡᠭᠴᠢ᠂ ᠺᠠᠳ᠋ᠷ ᠠᠵᠢᠯᠲᠠᠨ᠂ ᠰᠠᠶᠢᠨ ᠲᠤᠷᠠᠳᠠᠳ ᠢ ᠢᠳᠡᠪᠬᠢᠲᠡᠢ ᠪᠠᠷ | ᠵᠣᠬᠢᠶᠠᠨ ᠪᠠᠶᠢᠭᠤᠯᠵᠤ ᠤᠯᠠᠨ ᠲᠦᠮᠡᠨ ᠤ ᠲᠤᠮᠳᠠ ᠭᠦᠨᠵᠡᠭᠡᠶᠢᠷᠡᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠦᠨ᠂ | ᠤᠯᠠᠨ ᠲᠦᠮᠡᠨ ᠳᠤ ᠦᠨᠳᠦᠰᠦᠲᠡᠨ ᠤ ᠪᠦᠯᠬᠦᠮᠳᠡᠯ ᠤᠨ ᠴᠢᠬᠤᠯᠠ ᠴᠢᠨᠠᠷ ᠢ ᠤᠬᠠᠭᠤᠯᠵᠤ᠂ ᠬᠠᠮᠤᠭ ᠤᠨ ᠰᠢᠨ᠎ᠡ | ᠦᠨᠳᠦᠰᠦᠲᠡᠨ ᠤ ᠲᠦᠷᠦ ᠶᠢᠨ ᠪᠣᠳᠣᠯᠭ᠎ᠠ᠂ ᠬᠠᠤᠯᠢ ᠲᠦᠷᠢᠮ ᠪᠠ ᠮᠡᠳᠡᠯᠭᠡ ᠮᠡᠳᠡᠴᠡ ᠶᠢ ᠴᠠᠭ ᠲᠤᠬᠠᠢ ᠳᠤᠨᠢ | ᠲᠠᠮᠵᠢᠭᠤᠯᠪᠠ᠃ ᠬᠤᠯᠪᠤᠭ᠎ᠠ ᠰᠦᠯᠵᠢᠶ᠎ᠡ᠂ ᠸᠢᠴᠠᠲ ᠲᠠᠪᠴᠠᠩ ᠵᠡᠷᠭᠡ ᠠᠴᠢᠶᠠᠯᠠᠪᠤᠷᠢ ᠶᠢ ᠠᠰᠢᠭᠯᠠᠨ᠂ ︽ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ︾ ᠶᠢᠨ ᠬᠠᠮᠢᠶ᠎ᠠ ᠪᠦᠬᠦᠢ ᠠᠭᠤᠯᠭ᠎ᠠ ᠶᠢ ᠴᠠᠭ | ᠲᠤᠬᠠᠢ ᠳᠤᠨᠢ ᠨᠡᠶᠢᠲᠡᠯᠡᠵᠦ᠂ ᠦᠨᠳᠦᠰᠦᠲᠡᠨ ᠤ ᠪᠦᠯᠬᠦᠮᠳᠡᠯ ᠤᠨ ᠲᠤᠬᠠᠢ ᠣᠯᠠᠨ ᠲᠦᠮᠡᠨ ᠤ ᠣᠶᠢᠯᠠᠭᠠᠯᠲᠠ | ᠲᠠᠨᠢᠯᠲᠠ ᠶᠢ ᠤᠯᠠᠮ ᠨᠢᠭᠡ ᠠᠯᠬᠤᠮ ᠨᠡᠮᠡᠭᠳᠡᠬᠦᠯᠦᠨ᠂ ᠦᠨᠳᠦᠰᠦᠲᠡᠨ ᠤ ᠪᠦᠯᠬᠦᠮᠳᠡᠯ ᠤᠨ ᠠᠵᠢᠯ ᠢ ᠣᠯᠠᠨ | ᠲᠦᠮᠡᠨ ᠲᠠᠢ ᠣᠶᠢᠷᠠᠲᠤᠭᠤᠯᠬᠤ᠂ ᠪᠤᠳᠠᠳᠠᠢ ᠭᠠᠵᠠᠷ ᠲᠤ ᠨᠠᠶᠢᠳᠠᠪᠤᠷᠢᠵᠢᠭᠤᠯᠬᠤ ᠪᠠᠷ ᠴᠢᠷᠮᠠᠶᠢᠵᠤ ᠪᠠᠶᠢᠨ᠎ᠠ᠃ |