ᠠᠯᠲᠠᠨ ᠨᠠᠮᠤᠷ ᠤᠨ ᠶᠢᠰᠦᠨ ᠰᠠᠷ᠎ᠠ ᠳᠤ᠂ ᠲᠠᠶᠢᠹᠤᠰᠧ ᠬᠤᠰᠢᠭᠤᠨ ᠤ ᠳᠥᠷᠪᠡᠳᠦᠭᠡᠷ ᠪᠠᠭ᠎ᠠ ᠰᠤᠷᠭᠠᠭᠤᠯᠢ ᠳᠤ | ᠪᠡᠭᠡᠵᠢᠩ ᠬᠤᠲᠠ ᠶᠢᠨ ᠴᠠᠩᠫᠢᠩ ᠲᠣᠭᠤᠷᠢᠭ ᠤᠨ ᠴᠧᠩ ᠭᠤᠸᠠᠨ ᠪᠠᠭ᠎ᠠ ᠰᠤᠷᠭᠠᠭᠤᠯᠢ ᠶᠢᠨ 8 ᠪᠠᠭᠰᠢ ᠪᠠ | ᠰᠤᠷᠭᠠᠭᠤᠯᠢ ᠶᠢᠨ ᠬᠥᠭᠵᠢᠮ ᠤᠨ ᠪᠦᠯᠬᠦᠮ ᠤᠨ 55 ᠰᠣᠷᠣᠭᠴᠢ ᠬᠦᠷᠦᠯᠴᠡᠨ ᠢᠷᠡᠵᠦ᠂ ︽ᠲᠠᠯ᠎ᠠ ᠨᠤᠲᠤᠭ ᠯᠤᠭ᠎ᠠ | ᠰᠡᠳᠬᠢᠯ ᠵᠢᠷᠦᠭᠡ ᠪᠠᠨ ᠬᠤᠯᠪᠤᠵᠤ᠂ ᠰᠤᠷᠭᠠᠨ ᠬᠥᠮᠦᠵᠢᠯ ᠢ ᠲᠡᠳᠬᠦᠨ ᠬᠥᠭᠵᠢᠯᠲᠡ ᠶᠢ ᠬᠠᠮᠲᠤ ᠪᠠᠷ ᠰᠦᠪᠡᠭᠴᠢᠯᠡᠶ᠎ᠡ | ︾ — ᠭᠠᠷ ᠭᠠᠷ ᠢᠶᠠᠨ ᠬᠤᠯᠪᠣᠯᠴᠠᠨ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠥᠷᠨᠢᠭᠦᠯᠪᠡ᠃ ᠴᠧᠩ | ᠭᠤᠸᠠᠨ ᠪᠠᠭ᠎ᠠ ᠰᠤᠷᠭᠠᠭᠤᠯᠢ ᠶᠢᠨ ᠪᠠᠭᠰᠢ ᠨᠠᠷ ᠳᠥᠷᠪᠡᠳᠦᠭᠡᠷ ᠪᠠᠭ᠎ᠠ ᠰᠤᠷᠭᠠᠭᠤᠯᠢ ᠶᠢᠨ ᠪᠠᠭᠰᠢ ᠨᠠᠷ ᠲᠠᠢ | ᠬᠠᠮᠲᠤ ᠪᠠᠷ ᠬᠢᠴᠢᠶᠡᠯ ᠰᠣᠨᠣᠰᠬᠤ᠂ ᠬᠢᠴᠢᠶᠡᠯ ᠦᠨᠡᠯᠡᠬᠦ᠂ ᠠᠩᠭᠢ ᠶᠢᠨ ᠡᠷᠬᠢᠯᠡᠭᠴᠢ ᠶᠢᠨ ᠶᠠᠷᠢᠯᠴᠠᠬᠤ ᠬᠤᠷᠠᠯ ᠬᠢᠬᠦ | ᠵᠡᠷᠭᠡ ᠰᠢᠷᠢᠰ ᠠᠵᠢᠯᠯᠠᠭ᠎ᠠ ᠥᠷᠨᠢᠭᠦᠯᠵᠦ᠂ ᠳᠥᠷᠪᠡᠳᠦᠭᠡᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠬᠦ ᠳᠤ ᠠᠷᠭ᠎ᠠ ᠪᠤᠳᠤᠯᠭ᠎ᠠ ᠪᠠᠨ ᠲᠡᠪᠰᠢᠬᠦᠯᠦᠭᠰᠡᠨ ᠪᠠᠶᠢᠨ᠎ᠠ᠃ ᠴᠧᠩ ᠭᠤᠸᠠᠨ ᠪᠠᠭ᠎ᠠ | ᠰᠤᠷᠭᠠᠭᠤᠯᠢ ᠶᠢᠨ ᠬᠥᠭᠵᠢᠮ ᠤᠨ ᠪᠦᠯᠬᠦᠮ ᠤᠨ ᠬᠢᠨ ᠪᠠᠰᠠ ᠭᠤᠶᠢᠳᠠ ᠰᠠᠶᠢᠬᠠᠨ ᠲᠣᠭᠯᠠᠯᠲᠠ ᠭᠠᠷᠭᠠᠨ | ᠰᠤᠨᠢᠷᠬᠠᠭᠤᠯᠵᠤ᠂ ᠳᠥᠷᠪᠡᠳᠦᠭᠡᠷ ᠪᠠᠭ᠎ᠠ ᠰᠤᠷᠭᠠᠭᠤᠯᠢ ᠳᠤ ᠬᠥᠭᠵᠢᠮ ᠤᠨ ᠨᠣᠲ ᠪᠠᠨ ᠲᠤᠷᠠᠰᠬᠠᠨ ᠪᠡᠯᠡᠭᠯᠡᠵᠡᠢ᠃ | ᠣᠶᠢᠯᠠᠭᠠᠭᠰᠠᠨ ᠢᠶᠠᠷ᠂ ᠴᠠᠩᠫᠢᠩ ᠲᠣᠭᠤᠷᠢᠭ ᠤᠨ ᠴᠧᠩ ᠭᠤᠸᠠᠨ ᠪᠠᠭ᠎ᠠ ᠰᠤᠷᠭᠠᠭᠤᠯᠢ ᠨᠢ ᠲᠠᠶᠢᠹᠤᠰᠧ | ᠬᠤᠰᠢᠭᠤᠨ ᠤ ᠳᠥᠷᠪᠡᠳᠦᠭᠡᠷ ᠪᠠᠭ᠎ᠠ ᠰᠤᠷᠭᠠᠭᠤᠯᠢ ᠲᠠᠢ 2018 ᠣᠨ ᠤ 8 ᠰᠠᠷ᠎ᠠ ᠳᠤ ᠬᠠᠪᠰᠤᠷᠤᠨ ᠲᠡᠳᠬᠦᠬᠦ | ᠬᠠᠷᠢᠴᠠᠭ᠎ᠠ ᠪᠠᠶᠢᠭᠤᠯᠤᠭᠰᠠᠨ ᠠᠴᠠ ᠨᠠᠰᠢ᠂ ᠰᠤᠷᠭᠠᠭᠤᠯᠢ ᠡᠷᠭᠢᠯᠡᠬᠦ ᠣᠶᠢᠯᠠᠭᠠᠭᠳᠠᠬᠤᠨ ᠂ ᠵᠢᠭᠠᠨ ᠰᠤᠷᠭᠠᠯᠲᠠ ᠶᠢᠨ | ᠰᠣᠯᠢᠯᠴᠠᠭ᠎ᠠ᠂ ᠰᠢᠨ᠎ᠡ ᠬᠢᠴᠢᠶᠡᠯ ᠤᠨ ᠪᠠᠷᠢᠮᠵᠢᠶᠠᠨ ᠤ ᠪᠣᠯᠪᠠᠰᠤᠷᠠᠯ ᠂ ᠰᠤᠷᠭᠠᠭᠤᠯᠢ ᠡᠷᠭᠢᠯᠡᠬᠦ ᠣᠨᠴᠠᠯᠢᠭᠲᠤ | ᠵᠢᠯᠣᠭᠤᠳᠤᠯᠭ᠎ᠠ᠂ ᠨᠡᠶᠢᠭᠡᠮ ᠤᠨ ᠪᠦᠯᠬᠦᠮ ᠤᠨ ᠠᠵᠢᠯᠯᠠᠭ᠎ᠠ᠂ ᠠᠵᠢᠯ ᠤᠨ ᠪᠠᠶᠢᠷᠢ ᠶᠢᠨ ᠪᠤᠯᠪᠠᠰᠤᠷᠠᠯ᠂ ᠡᠳ᠋ | ᠪᠣᠳᠠᠰ ᠤᠨ ᠬᠠᠨᠳᠢᠪᠯᠡᠯ ᠵᠡᠷᠭᠡ ᠣᠯᠠᠨ ᠲᠠᠯ᠎ᠠ ᠪᠠᠷ ᠳᠥᠷᠪᠡᠳᠦᠭᠡᠷ ᠪᠠᠭ᠎ᠠ ᠰᠤᠷᠭᠠᠭᠤᠯᠢ ᠳᠤ ᠬᠦᠴᠦᠲᠡᠢ ᠳᠡᠮᠵᠢᠯᠭᠡ | ᠦᠵᠡᠬᠦᠯᠵᠦ ᠢᠷᠡᠵᠡᠢ᠃ ᠡᠨᠡ ᠤᠳᠠᠭᠠᠨ ᠤ ᠠᠵᠢᠯᠯᠠᠭ᠎ᠠ ᠨᠢ ᠳᠥᠷᠪᠡᠳᠦᠭᠡᠷ ᠪᠠᠭ᠎ᠠ ᠰᠤᠷᠭᠠᠭᠤᠯᠢ ᠶᠢᠨ ᠪᠠᠭᠰᠢ | ᠨᠠᠷ ᠲᠤ ᠲᠡᠷᠢᠭᠦᠨ ᠤ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠣᠶᠢᠯᠠᠭᠠᠭᠳᠠᠬᠤᠨ᠂ ᠥᠨᠳᠥᠷ ᠪᠦᠲᠦᠮᠵᠢᠲᠡᠶ | ᠬᠢᠴᠢᠶᠡᠯ ᠤᠨ ᠲᠠᠩᠬᠢᠮ ᠤᠨ ᠤᠷ᠎ᠠ ᠮᠡᠷᠭᠡᠵᠢᠯ ᠢ ᠠᠪᠴᠢᠷᠠᠭᠰᠠᠨ ᠢᠶᠠᠷ ᠪᠠᠷᠠᠬᠤ ᠦᠭᠡᠢ᠂ ᠠᠬ᠎ᠠ ᠳᠡᠭᠦᠦ | ᠰᠤᠷᠭᠠᠭᠤᠯᠢ ᠶᠢᠨ ᠬᠤᠭᠤᠷᠣᠨᠳᠣᠬᠢ ᠬᠠᠷᠢᠯᠴᠠᠭ᠎ᠠ ᠰᠣᠯᠢᠯᠴᠠᠭ᠎ᠠ ᠶᠢ ᠴᠢᠩᠭᠠᠳᠬᠠᠵᠤ᠂ ᠬᠠᠷᠢᠯᠴᠠᠨ ᠰᠤᠷᠤᠯᠴᠠᠵᠤ | ᠬᠠᠷᠢᠯᠴᠠᠨ ᠰᠤᠳᠤᠯᠵᠤ ᠬᠠᠮᠲᠤ ᠪᠠᠷ ᠳᠡᠭᠡᠭᠰᠢᠯᠡᠬᠦ ᠵᠣᠷᠢᠯᠭ᠎ᠠ ᠳᠤ ᠭᠦᠷᠦᠭᠰᠡᠨ ᠪᠠᠶᠢᠨ᠎ᠠ᠃ |