9 ᠰᠠᠷ᠎ᠠ ᠶᠢᠨ 24 ᠠᠴᠠ 25 ᠤ ᠡᠳᠦᠷ ᠪᠣᠯᠲᠠᠯ᠎ᠠ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ ᠤᠨ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠲᠣᠪᠴᠢᠶᠠᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠦ ᠵᠢᠶᠧ ᠪᠢᠨ᠂ ᠵᠢᠶᠠᠩᠰᠤ | ᠮᠤᠵᠢ ᠶᠢᠨ ᠲᠠᠢ ᠰᠢᠩ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠯᠢᠦ ᠷᠦᠩ ᠬᠤᠸᠠ ᠵᠡᠷᠭᠡ ᠬᠦᠮᠦᠰ ᠲᠠᠶᠢᠹᠤᠰᠧ ᠬᠤᠰᠢᠭᠤᠨ ᠳᠤ ᠢᠷᠡᠵᠦ ᠂ ᠰᠤᠷᠭᠠᠨ | ᠬᠥᠮᠦᠵᠢᠯ᠂ ᠠᠵᠤ ᠦᠢᠯᠡᠰ᠂ ᠠᠵᠢᠯ ᠣᠯᠭᠤᠯᠲᠠ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠵᠡᠷᠭᠡ | ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ | ᠡᠯᠧᠺᠲᠷᠤᠨ ᠬᠤᠳᠠᠯᠳᠤᠭᠠᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠲᠠᠯ᠎ᠠ ᠨᠤᠲᠤᠭ ᠠᠷᠢᠬᠢ ᠨᠡᠷᠡᠬᠦ | ᠺᠣᠮᠫᠠᠨᠢ᠂ ᠪᠤᠤᠴᠠᠩ ᠨᠢᠭᠡᠳᠦᠭᠡᠷ ᠳᠤᠮᠳᠠᠳᠤ ᠰᠤᠷᠭᠠᠭᠤᠯᠢ᠂ ᠴᠧᠩ ᠪᠧᠢ ᠬᠡᠦᠬᠡᠳ ᠤᠨ ᠴᠡᠴᠡᠷᠯᠢᠭ᠂ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠲᠤ ᠬᠦᠷᠴᠦ᠂ ᠲᠤᠬᠠᠢ ᠶᠢᠨ ᠭᠠᠵᠠᠷ ᠲᠤᠨᠢ | ᠪᠠᠶᠢᠴᠠᠭᠠᠨ ᠦᠵᠡᠬᠦ ᠪᠠ ᠬᠠᠷᠢᠭᠤ ᠮᠡᠳᠡᠭᠦᠯᠦᠯᠲᠡ ᠰᠣᠨᠣᠰᠬᠤ ᠬᠡᠯᠪᠡᠷᠢ ᠪᠠᠷ ᠲᠠᠶᠢᠹᠤᠰᠧ ᠬᠤᠰᠢᠭᠤᠨ ᠤ ᠠᠵᠤ | ᠦᠢᠯᠡᠰ ᠤᠨ ᠬᠥᠭᠵᠢᠯᠲᠡ᠂ ᠰᠤᠷᠭᠠᠭᠤᠯᠢ ᠡᠷᠬᠢᠯᠡᠬᠦ ᠨᠥᠬᠦᠴᠡᠯ᠂ ᠪᠠᠭᠰᠢ ᠶᠢᠨ ᠡᠩᠨᠡᠭᠡ᠂ ᠰᠤᠷᠭᠠᠭᠤᠯᠢ ᠶᠢᠨ | ᠬᠦᠷᠢᠶᠡᠨ ᠤ ᠰᠣᠶᠣᠯ ᠤᠨ ᠪᠠᠶᠢᠭᠤᠯᠤᠯᠲᠠ ᠵᠡᠷᠭᠡ ᠶᠢ ᠨᠠᠷᠢᠨ ᠤᠶᠢᠯᠠᠭᠠᠭᠰᠠᠨ ᠪᠠᠶᠢᠨ᠎ᠠ᠃ ᠨᠢᠭᠡᠳᠦᠭᠡᠷ ᠳᠤᠮᠳᠠᠳᠤ | ᠰᠤᠷᠭᠠᠭᠤᠯᠢ ᠳᠤ ᠰᠢᠨᠵᠢᠯᠡᠨ ᠪᠠᠶᠢᠴᠠᠭᠠᠬᠤ ᠳᠠᠭᠠᠨ ᠪᠠᠰᠠ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ | ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠬᠥᠭᠵᠢᠯᠲᠡ ᠪᠠᠭᠰᠢ ᠶᠢᠨ ᠬᠠᠮᠢᠶᠠᠷᠤᠯᠲᠠ᠂ ᠤᠯᠤᠰ ᠤᠨ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠤᠯᠢᠯᠴᠠᠭᠰᠠᠨ | ᠪᠥᠭᠡᠳ ᠬᠠᠪᠰᠤᠷᠤᠨ ᠲᠡᠳᠬᠦᠬᠦ ᠰᠠᠨᠠᠮᠵᠢ ᠲᠤᠭᠳᠠᠵᠠᠢ᠃ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ | ᠢᠯᠡᠷᠭᠡᠶᠢᠯᠡᠬᠦ ᠳᠡᠭᠡᠨ᠂ ᠬᠤᠶᠠᠷ ᠲᠠᠯ᠎ᠠ ᠪᠠᠷ ᠢᠶᠠᠨ ᠰᠤᠷᠭᠠᠨ ᠬᠥᠮᠦᠵᠢᠯ ᠤᠨ ᠲᠠᠯ᠎ᠠ ᠪᠠᠷ ᠨᠡᠩ ᠢᠯᠡᠬᠦᠦ ᠬᠠᠪᠰᠤᠷᠤᠨ | ᠲᠡᠳᠬᠦᠬᠦ ᠬᠠᠷᠢᠯᠴᠠᠭ᠎ᠠ ᠪᠠᠶᠢᠭᠤᠯᠵᠤ᠂ ᠣᠯᠣᠯᠴᠠᠭ᠎ᠠ ᠰᠣᠯᠢᠯᠴᠠᠭ᠎ᠠ ᠪᠠᠨ ᠴᠢᠩᠭᠠᠳᠬᠠᠨ᠂ ᠲᠠᠶᠢᠹᠤᠰᠧ ᠬᠤᠰᠢᠭᠤᠨ ᠤ | ᠰᠤᠷᠭᠠᠨ ᠬᠥᠮᠦᠵᠢᠯ᠂ ᠠᠵᠤ ᠦᠢᠯᠡᠰ ᠵᠡᠷᠭᠡ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠨ᠎ᠠ ᠬᠡᠵᠡᠢ᠃ | 2022 ᠣᠨ ᠳᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ | ᠵᠣᠬᠢᠴᠠᠭᠤᠯᠭ᠎ᠠ ᠪᠠᠷ ᠲᠠᠮᠵᠢᠭᠠᠳ᠂ ᠵᠢᠶᠠᠩᠰᠤ ᠮᠤᠵᠢ ᠶᠢᠨ ᠲᠠᠢ ᠰᠢᠩ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠡᠷᠭᠡ ᠰᠠᠯᠠᠭ᠎ᠠ ᠮᠥᠴᠢᠷ ᠨᠢ ᠲᠠᠶᠢᠹᠤᠰᠧ ᠬᠤᠰᠢᠭᠤᠨ ᠤ ᠰᠤᠷᠭᠠᠨ ᠬᠥᠮᠦᠵᠢᠯ | ᠤᠨ ᠦᠢᠯᠡᠰ ᠢ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠲᠠᠶᠢᠹᠤᠰᠧ ᠬᠤᠰᠢᠭᠤᠨ ᠤ 324 ᠨᠡᠷ᠎ᠡ | ᠴᠡᠴᠡᠷᠯᠢᠭ ᠤᠨ ᠪᠠᠭᠰᠢ ᠳᠤ ᠰᠦᠯᠵᠢᠶᠡᠨ ᠤ ᠪᠣᠯᠪᠠᠰᠤᠷᠠᠯ ᠬᠦᠷᠳᠡᠭᠡᠨ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ | ᠪᠡᠶᠡᠯᠡᠬᠦᠯᠵᠦ᠂ ᠲᠠᠶᠢᠹᠤᠰᠧ ᠬᠤᠰᠢᠭᠤᠨ ᠤ ᠴᠡᠴᠡᠷᠯᠢᠭ ᠤᠨ ᠰᠤᠷᠭᠠᠨ ᠬᠥᠮᠦᠵᠢᠯ ᠤᠨ ᠰᠡᠳᠬᠢᠮᠵᠢ ᠶᠢ | ᠥᠷᠭᠡᠳᠬᠡᠭᠰᠡᠨ ᠪᠠᠶᠢᠨ᠎ᠠ᠃ ᠡᠨᠡ ᠤᠳᠠᠭᠠᠨ ᠤ ᠰᠢᠨᠵᠢᠯᠡᠨ ᠪᠠᠶᠢᠴᠠᠭᠠᠬᠤ ᠶᠠᠪᠤᠴᠠ ᠳᠤ᠂ ᠲᠠᠢ ᠰᠢᠩ ᠬᠤᠲᠠ ᠶᠢᠨ | ᠰᠤᠷᠭᠠᠨ ᠬᠥᠮᠦᠵᠢᠯ ᠤᠨ ᠲᠣᠪᠴᠢᠶ᠎ᠠ ᠠᠴᠠ ᠪᠠᠰᠠ ᠲᠠᠶᠢᠹᠤᠰᠧ ᠬᠤᠰᠢᠭᠤᠨ ᠤ ᠴᠧᠩ ᠪᠸᠢ ᠬᠡᠦᠬᠡᠳ ᠤᠨ | ᠴᠡᠴᠡᠷᠯᠢᠭ ᠲᠤ 10 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ ᠬᠠᠨᠳᠢᠪᠯᠠᠵᠠᠢ᠃ ᠯᠢ ᠵᠠᠨ | ᠷᠦᠢ᠂ ᠰᠦᠨ ᠶᠠᠨ᠂ ᠯᠢ ᠱᠣᠸ ᠯᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠡᠨᠡ | ᠤᠳᠠᠭᠠᠨ ᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ᠃ |