9 ᠰᠠᠷ᠎ᠠ ᠶᠢᠨ 26 ᠤ ᠡᠳᠦᠷ᠂ ᠯᠦᠸᠧ ᠲᠦᠸᠧ ᠱᠠᠨ ᠪᠠᠯᠭᠠᠰᠤ ᠨᠢ ᠬᠤᠰᠢᠭᠤ ᠨᠠᠮ ᠤᠨ ᠬᠤᠷᠢᠶᠠᠨ ᠤ | ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠬᠤ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ | ᠴᠠᠭᠠᠵᠠ ᠶᠢᠨ ᠭᠡᠰᠢᠭᠦᠨ ᠦ᠋ ᠲᠤᠤ ᠬᠤᠷᠠᠯ ᠢ ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ | ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠨᠠᠷ ᠬᠤᠷᠠᠯ ᠳᠤ | ᠣᠷᠣᠯᠴᠠᠪᠠ᠃ ᠬᠤᠷᠠᠯ ᠠᠴᠠ᠂ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠬᠠᠷᠢᠭᠤ ᠲᠤᠰᠬᠠᠭᠰᠠᠨ ᠡᠯ᠎ᠡ ᠲᠥᠷᠥᠯ ᠤᠨ ᠠᠰᠠᠭᠤᠳᠠᠯ ᠲᠠᠢ | ᠬᠠᠷᠢᠴᠠᠭᠤᠯᠤᠨ ᠲᠣᠰ ᠪᠡᠶ᠎ᠡ ᠶᠢᠨ ᠣᠷᠣᠰᠢᠵᠤ ᠪᠠᠶᠢᠭ᠎ᠠ ᠠᠰᠠᠭᠤᠳᠠᠯ ᠢᠶᠠᠨ ᠡᠷᠢᠵᠦ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠳᠠᠯᠠᠨ᠂ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠪᠠ ᠴᠠᠭ ᠬᠤᠭᠤᠴᠠᠭᠠᠨ ᠤ ᠱᠠᠭᠠᠷᠳᠠᠯᠭ᠎ᠠ | ᠶᠣᠰᠣᠭᠠᠷ᠂ ᠰᠢᠯᠲᠠᠭᠠᠨ ᠢ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠶᠢ ᠲᠦᠷᠦᠯ ᠳᠠᠷᠠᠭᠠᠯᠠᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠯᠳᠠᠭᠳᠠᠯ ᠢ ᠪᠠᠶᠢᠴᠠᠭᠠᠨ | ᠲᠤᠳᠠᠭᠤᠳᠠᠯ ᠢ ᠨᠥᠬᠦᠪᠦᠷᠢᠯᠡᠬᠦ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠠᠰᠠᠭᠤᠳᠠᠯ ᠢ ᠦᠨᠡᠨᠬᠦ ᠴᠡᠭᠴᠡᠯᠡᠨ | ᠂ ᠠᠵᠢᠯ ᠢᠶᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ | ᠲᠣᠰᠬᠤᠨ ᠤ ︽ᠬᠤᠶᠠᠷ ᠵᠥᠪᠯᠡᠯ︾ ᠤᠨ ᠬᠢᠨ ᠦᠪᠡᠷ ᠥᠪᠡᠷ ᠤᠨ ᠪᠣᠳᠠᠲᠠᠢ ᠡᠭᠦᠷᠭᠡ᠂ ᠭᠦᠢᠴᠡᠳᠬᠡᠬᠦ | ᠲᠤᠭ᠎ᠠ ᠲᠠᠢ ᠪᠠᠨ ᠤᠶᠠᠯᠳᠤᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠠᠰᠢᠭ ᠣᠯᠵᠠᠪᠤᠷᠢ | ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠴᠢᠨᠠᠭᠰᠢᠳᠠ ᠠᠬᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ ᠠᠳᠬᠤᠬᠤ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ | ᠰᠡᠳᠬᠢᠯᠭᠡ ᠪᠠᠨ ᠤᠯᠠᠮ ᠴᠢᠩᠭᠠᠳᠬᠠᠨ᠂ ᠡᠯ᠎ᠡ ᠲᠦᠷᠦᠯ ᠤᠨ ᠡᠭᠦᠷᠭᠡ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ | ᠯᠠᠪᠳᠠᠭᠤᠨ ᠪᠠᠲᠤᠲᠠᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠡᠯ᠎ᠡ ᠱᠠᠲᠤᠨ ᠤ ᠬᠢᠨᠠᠯᠳᠠ | ᠰᠢᠯᠭᠠᠯᠳᠠ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ |