ᠴᠢᠶᠠᠨ ᠶᠢᠨ ᠭᠧᠦ ᠪᠠᠯᠭᠠᠰᠤ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠳᠤ ᠪᠠᠶᠢᠷᠢᠯᠠᠭᠤᠯᠤᠯᠲᠠ ᠬᠢᠭᠰᠡᠨ
ᠨᠡᠶᠢᠲᠡᠯᠡᠭᠰᠡᠨ ᠴᠠᠭ᠄
2023/9/27
  ᠥᠷᠭᠡᠨ ᠤᠯᠠᠨ ᠠᠷᠠᠳ ᠢᠷᠭᠡᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ 9 ᠰᠠᠷ᠎ᠠ ᠶᠢᠨ 25  ᠤ ᠡᠳᠦᠷ ᠴᠢᠶᠠᠨ ᠶᠢᠨ ᠭᠧᠦ ᠪᠠᠯᠭᠠᠰᠤ ᠨᠢ 2023 ᠣᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠳᠤᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂  ᠨᠠᠮ ᠤᠨ ᠬᠤᠷᠢᠶᠠᠨ ᠤ ᠭᠡᠰᠢᠭᠦᠨ᠂ ᠳᠡᠳ᠋ ᠪᠠᠯᠭᠠᠰᠤᠨ ᠳᠠᠷᠤᠭ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠦ ᠭᠦᠸᠧ ᠳ᠋ᠦᠩ ᠬᠤᠷᠠᠯ ᠢ ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂  ᠲᠣᠰᠬᠤᠨ ᠳᠤ ᠰᠠᠭᠤᠭ᠎ᠠ  ᠨᠢᠭᠡᠳᠦᠭᠡᠷ ᠱᠦᠵᠢ᠂ ᠠᠵᠢᠯᠯᠠᠬᠤ ᠠᠩᠭᠢ ᠶᠢᠨ ᠳᠠᠷᠤᠭ᠎ᠠ᠂ ᠲᠣᠰᠬᠤᠨ ᠤ ᠨᠠᠮ ᠤᠨ ᠡᠭᠦᠷ ᠤᠨ ᠱᠦᠵᠢ ᠨᠠᠷ ᠬᠤᠷᠠᠯ ᠳᠤ ᠣᠷᠣᠯᠴᠠᠪᠠ᠃ ᠬᠤᠷᠠᠯ ᠠᠴᠠ᠂ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠠᠵᠢᠯ ᠪᠣᠯ ᠲᠦᠭ ᠲᠦᠮᠡᠨ ᠠᠶᠢᠯ ᠡᠷᠦᠬᠡ ᠳᠤ ᠬᠤᠯᠪᠤᠭᠳᠠᠭᠰᠠᠨ᠂ ᠠᠷᠠᠳ ᠢᠷᠭᠡᠳ ᠤᠨ ᠪᠤᠶᠠᠨ ᠵᠢᠷᠭᠠᠯ ᠳᠤ ᠬᠤᠯᠪᠤᠭᠳᠠᠭᠰᠠᠨ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠰᠠᠭᠤᠳᠠᠯ ᠪᠣᠯᠣᠨ᠎ᠠ᠃  ᠡᠷᠭᠡᠪᠰᠢ ᠠᠷᠠᠳ ᠤᠯᠠᠨ ᠤ ᠬᠠᠯᠠᠭᠤᠨ  ᠲᠤᠯᠠᠭᠠᠨ ᠢ  ᠰᠡᠳᠬᠢᠯ ᠳᠡᠭᠡᠨ ᠪᠤᠳᠤᠵᠤ᠂  ᠨᠡᠬᠦᠷᠡᠰᠦ ᠭᠡᠷᠡᠭᠯᠡᠬᠦ ᠡᠷᠦᠬᠡ᠂ ᠨᠡᠬᠦᠷᠡᠰᠦ ᠭᠡᠷᠡᠭᠯᠡᠬᠦ ᠬᠡᠮᠵᠢᠶ᠎ᠡ ᠶᠢ ᠡᠷᠦᠬᠡ ᠳᠠᠷᠠᠭᠠᠯᠠᠨ ᠬᠢᠨᠠᠨ ᠬᠠᠷᠭᠤᠭᠤᠯᠵᠤ᠂ ᠲᠠᠩᠰᠠ ᠬᠠᠷ᠎ᠠ ᠶᠢ ᠰᠠᠶᠢᠲᠤᠷ ᠪᠠᠶᠢᠭᠤᠯᠤᠨ᠂  ᠲᠤᠭ᠎ᠠ ᠪᠦᠷᠢᠳᠭᠡᠯ ᠢ ᠲᠣᠳᠣᠷᠬᠠᠢ ᠪᠣᠯᠭᠠᠵᠤ᠂ ᠡᠨᠡᠬᠦ ᠠᠷᠠᠳ ᠲᠤ ᠠᠰᠢᠭ ᠬᠦᠷᠲᠡᠭᠡᠬᠦ ᠠᠷᠭ᠎ᠠ ᠪᠤᠳᠤᠯᠭ᠎ᠠ ᠶᠢ ᠪᠣᠳᠠᠲᠠᠢ ᠮᠦᠷᠳᠡᠭᠡᠨ ᠨᠠᠷᠢᠯᠢᠭ ᠨᠠᠶᠢᠳᠠᠪᠤᠷᠢᠵᠢᠭᠤᠯᠬᠤ  ᠬᠡᠷᠡᠭᠲᠡᠢ ᠭᠡᠵᠦ ᠴᠢᠬᠤᠯᠠᠴᠢᠯᠠᠵᠠᠢ᠃ ᠳᠠᠷᠠᠭᠠᠴᠢ ᠶᠢᠨ ᠠᠯᠬᠤᠮ ᠳᠤ᠂ ᠴᠢᠶᠠᠨ ᠶᠢᠨ ᠭᠧᠦ ᠪᠠᠯᠭᠠᠰᠤ ᠨᠢ ᠠᠷᠠᠳ ᠲᠦᠮᠡᠨ ᠳᠤ ᠦᠢᠯᠡᠴᠢᠯᠡᠬᠦ ᠣᠶᠢᠯᠠᠭᠠᠭᠳᠠᠬᠤᠨ ᠢ ᠦᠷᠭᠦᠯᠵᠢᠯᠡᠨ ᠪᠠᠲᠤᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂  ᠠᠵᠢᠯ ᠢ ᠨᠠᠷᠢᠨ ᠨᠢᠮᠪᠠᠢ ᠪᠠᠶᠢᠷᠢᠯᠠᠭᠤᠯᠵᠤ᠂ ᠠᠷᠭ᠎ᠠ ᠬᠡᠮᠵᠢᠶ᠎ᠡ ᠪᠠᠨ ᠪᠠᠳᠤᠳᠬᠠᠨ᠂ ᠪᠦᠬᠦ ᠪᠠᠯᠭᠠᠰᠤᠨ ᠤ ᠠᠷᠠᠳ ᠢᠷᠭᠡᠳ ᠤᠨ ᠬᠠᠯᠠᠭᠤᠨ ᠳᠤᠯᠠᠭᠠᠨ ᠡᠪᠦᠯᠵᠢᠬᠦ ᠶᠢ ᠪᠠᠳᠤᠯᠠᠬᠤ ᠪᠠᠷ ᠪᠠᠶᠢᠨ᠎ᠠ᠃  
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号