9 ᠰᠠᠷ᠎ᠠ ᠶᠢᠨ 26 ᠤ ᠡᠳᠦᠷ ᠂ ᠪᠤᠤᠴᠠᠩ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ | ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠤᠱᠯᠠᠭᠤᠯᠤᠨ ᠂ ᠪᠠᠯᠭᠠᠰᠤᠨ ᠤ ᠲᠠᠷᠠᠭᠠᠴᠢ ᠶᠢᠨ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠡᠯ᠎ᠡ ᠲᠦᠷᠦᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠢ ᠨᠠᠮ ᠤᠨ ᠬᠤᠷᠢᠶᠠᠨ ᠤ ᠳᠡᠳ᠋ ᠱᠦᠵᠢ᠂ | ᠪᠠᠯᠭᠠᠰᠤᠨ ᠳᠠᠷᠤᠭ᠎ᠠ ᠽᠦᠸᠧ ᡁᠢ ᠭᠦᠸᠧ ᠡᠷᠭᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ | ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠣᠰᠬᠤᠨ ᠤ ᠨᠠᠮ ᠤᠨ ᠡᠭᠦᠷ ᠤᠨ ᠱᠦᠵᠢ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠤᠨ ᠥᠷᠲᠡᠭᠡᠨ ᠤ ᠠᠵᠢᠯᠲᠠᠳ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢ ᠪᠢᠨ ᠠᠴᠠ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ | ᠂ ᠲᠣᠰᠬᠤᠨ ᠤ ᠨᠠᠮ ᠤᠨ ᠡᠬᠦᠷ ᠨᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠬᠠᠷᠢᠭᠤᠴᠠᠯᠭ᠎ᠠ | ᠡᠭᠦᠷᠭᠡᠯᠡᠯ ᠢᠶᠠᠨ ᠪᠣᠳᠠᠲᠠᠢ ᠪᠠᠷ ᠨᠠᠶᠢᠳᠠᠪᠤᠷᠢᠵᠢᠭᠤᠯᠵᠤ᠂ ᠶᠣᠰᠣ ᠳᠦᠷᠢᠮ ᠤᠨ ᠤᠬᠠᠮᠰᠠᠷ᠂ ᠰᠠᠬᠢᠯᠭ᠎ᠠ ᠪᠠᠲᠤ ᠶᠢᠨ | ᠤᠬᠠᠮᠰᠠᠷ ᠢᠶᠠᠨ ᠪᠠᠳᠤᠳᠬᠠᠬᠤ ᠬᠡᠷᠡᠭᠲᠡᠢ ᠃ ᠲᠣᠰᠬᠤᠨ ᠤ ᠺᠠᠳ᠋ᠷᠴᠤᠳ ᠪᠣᠳᠠᠲᠠᠢ ᠠᠵᠢᠯᠯᠠᠬᠤ ᠰᠢᠯᠢᠳᠡᠭ | ᠤᠯᠠᠮᠵᠢᠯᠠᠯ ᠢ ᠪᠠᠳᠠᠷᠠᠭᠤᠯᠤᠨ᠂ ᠬᠢᠨᠠᠨ ᠬᠡᠮᠵᠢᠬᠦ ᠬᠡᠪᠴᠢᠶᠡᠨ ᠳᠤ ᠤᠷᠤᠬᠤ ᠭᠤᠣᠯᠳᠠᠯᠭ᠎ᠠ ᠲᠠᠢ ᠬᠥᠮᠥᠰ ᠢ ᠴᠠᠭ | ᠲᠤᠬᠠᠢ ᠳᠤᠨᠢ ᠬᠢᠨᠠᠨ ᠬᠡᠮᠵᠢᠯᠲᠡ ᠳᠤ ᠣᠷᠣᠭᠤᠯᠬᠤ ᠶᠢᠨ ᠬᠠᠮᠲᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ︽ᠤᠷᠤᠬᠤ ᠶᠣᠰᠣᠲᠠᠢ ᠶᠢ ᠨᠢ ᠪᠦᠬᠦᠨ ᠢ ᠤᠷᠤᠭᠤᠯᠬᠤ︾ ᠶᠢ ᠪᠡᠶᠡᠯᠡᠬᠦᠯᠦᠨ᠂ ᠳᠠᠩᠰᠠ | ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠨᠳᠤᠯᠭᠠᠲᠤ ᠴᠢᠨᠠᠷᠲᠠᠢ ᠬᠠᠪᠰᠤᠷᠤᠨ | ᠲᠡᠳᠬᠦᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠠᠳᠤᠯᠠᠭᠠᠨ ᠤ ᠡᠷᠴᠢᠮ ᠢ ᠴᠢᠩᠭᠠᠷᠠᠭᠤᠯᠤᠨ᠂ | ᠶᠠᠳᠠᠭᠤ ᠠᠴᠠ ᠠᠩᠬᠢᠵᠢᠠᠷᠭᠰᠠᠨ ᠡᠷᠦᠬᠡ ᠶᠢᠨ ᠠᠰᠢᠭ ᠣᠷᠣᠯᠭ᠎ᠠ ᠪᠠᠭᠤᠷᠠᠬᠤ ᠦᠭᠡᠢ ᠪᠠᠶᠢᠬᠤ ᠶᠢ ᠪᠠᠲᠤᠯᠠᠬᠤ | ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ ᠃ ᠨᠠᠮ ᠤᠨ ᠬᠤᠷᠢᠶᠠᠨ ᠤ ᠭᠡᠰᠢᠭᠦᠨ᠂ ᠳᠡᠳ᠋ ᠪᠠᠯᠭᠠᠰᠤᠨ ᠳᠠᠷᠤᠭ᠎ᠠ | ᠯᠢᠦ ᡁᠢ ᠴᠢᠶᠠᠩ ᠠᠴᠠ ᠠᠶᠤᠯᠭᠦᠢ ᠦᠢᠯᠡᠳᠪᠦᠷᠢᠯᠡᠯ ᠵᠢᠴᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠨᠣᠭᠤᠭᠠᠷᠠᠭᠤᠯᠤᠯᠲᠠ ᠶᠢᠨ ᠠᠵᠢᠯ ᠳᠤ ᠪᠠᠶᠢᠷᠢᠯᠠᠭᠤᠯᠤᠯᠳᠠ ᠬᠢᠵᠦ ᠂ ᠳᠡᠳ᠋ ᠪᠠᠯᠭᠠᠰᠤᠨ ᠳᠠᠷᠤᠭ᠎ᠠ ᠯᠢᠦ ᠴᠦᠨ ᠵᠢᠶᠧ | ᠠᠴᠠ ︽ᠲᠠᠶᠢᠹᠤᠰᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠱᠠᠭᠠᠷᠳᠠᠨ | ᠪᠠᠶᠢᠴᠠᠭᠠᠵᠤ ᠰᠢᠯᠭᠠᠨ ᠦᠨᠡᠯᠡᠬᠦ ᠲᠤᠪᠴᠢᠶᠠᠨ ᠤ ᠪᠠᠶᠢᠴᠠᠭᠠᠯᠳᠠ ᠶᠢᠨ ᠪᠠᠶᠢᠳᠠᠯ︾᠂ ︽ ᠲᠠᠶᠢᠹᠤᠰᠧ ᠬᠤᠰᠢᠭᠤᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ ᠤ ᠣᠶᠢᠷ᠎ᠠ ᠶᠢᠨ ᠬᠤᠭᠤᠴᠠᠭᠠᠨ ᠤ ᠠᠵᠢᠯ ᠤᠨ | ᠮᠡᠳᠡᠭᠦᠯᠦᠯᠲᠡ︾ ᠶᠢᠨ ᠵᠣᠷᠢᠭ ᠰᠠᠨᠠᠭ᠎ᠠ ᠶᠢ ᠤᠯᠠᠮᠵᠢᠯᠠᠭᠰᠠᠨ ᠤ ᠬᠠᠮᠲᠤ ᠣᠶᠢᠷ᠎ᠠ ᠶᠢᠨ ᠬᠤᠭᠤᠴᠠᠭᠠᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ |