8 ᠰᠠᠷ᠎ᠠ ᠶᠢᠨ 31 ᠤ ᠡᠳᠦᠷ ᠠᠴᠠ 9 ᠰᠠᠷ᠎ᠠ ᠶᠢᠨ 1 ᠤ ᠡᠳᠦᠷ ᠪᠣᠯᠲᠠᠯ᠎ᠠ᠂ ᠪᠡᠭᠡᠵᠢᠩ ᠬᠤᠲᠠ ᠶᠢᠨ ᠴᠠᠩᠫᠢᠩ | ᠲᠣᠭᠤᠷᠢᠭ ᠤᠨ ᠰᠢᠩ ᠱᠧᠦ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠦᠸᠧ ᠸᠧᠢ ᠳ᠋ᠦᠩ ᠵᠡᠷᠭᠡ ᠬᠦᠮᠦᠰ | ᠲᠠᠶᠢᠹᠤᠰᠧ ᠬᠤᠰᠢᠭᠤᠨ ᠤ ᠴᠢᠶᠠᠨ ᠶᠢᠨ ᠭᠧᠦ ᠪᠠᠯᠭᠠᠰᠤ ᠳᠤ ᠬᠦᠨᠵᠡᠬᠡᠶᠢᠷᠡᠨ ᠬᠠᠪᠰᠤᠷᠤᠨ ᠲᠡᠳᠬᠦᠬᠦ ᠠᠵᠢᠯ ᠢᠶᠠᠨ | ᠵᠤᠯᠭᠠᠭᠤᠯᠵᠤ᠂ ᠲᠠᠷᠠᠭᠠᠴᠢ ᠶᠢᠨ ᠠᠯᠬᠤᠮ ᠤᠨ ᠬᠠᠪᠰᠤᠷᠤᠨ ᠲᠡᠳᠬᠦᠬᠦ ᠠᠵᠢᠯ ᠢ ᠬᠠᠮᠲᠤ ᠪᠠᠷ ᠶᠠᠷᠢᠯᠴᠠᠨ ᠰᠤᠳᠤᠯᠵᠠᠢ | ᠃ ᠴᠢᠶᠠᠨ ᠶᠢᠨ ᠭᠧᠦ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ | ᠬᠢᠭᠰᠡᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠴᠢᠶᠠᠨ ᠶᠢᠨ ᠭᠧᠦ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠤ ᠶᠢᠩ ᠵᠦᠸᠧ ᠠᠴᠠ ᠲᠤᠰ ᠪᠠᠯᠭᠠᠰᠤᠨ ᠤ ᠪᠠᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠤᠨ ᠪᠠᠶᠢᠳᠠᠯ ᠢ ᠲᠠᠨᠢᠯᠴᠠᠭᠤᠯᠤᠭᠰᠠᠨ ᠪᠦᠭᠡᠳ ᠲᠠᠷᠠᠭᠠᠴᠢ ᠶᠢᠨ ᠠᠯᠬᠤᠮ ᠳᠤ | ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠭᠤᠣᠯᠳᠠᠯᠭ᠎ᠠ ᠲᠠᠢ ᠲᠥᠷᠥᠯ ᠵᠦᠢᠯ ᠢ ᠢᠳᠡᠪᠬᠢᠲᠡᠢ ᠪᠠᠷ | ᠡᠷᠡᠮᠡᠯᠵᠡᠯᠡᠨ ᠣᠯᠵᠤ᠂ ᠠᠵᠤ ᠦᠢᠯᠡᠰ ᠤᠨ ᠦᠢᠯᠡᠴᠢᠯᠡᠭᠡᠨ ᠤ ᠲᠥᠷᠥᠯ ᠵᠦᠢᠯ ᠤᠨ ᠪᠠᠶᠢᠭᠤᠯᠤᠯᠲᠠ ᠶᠢᠨ | ᠬᠠᠮᠲᠤᠷᠠᠯᠴᠠᠭ᠎ᠠ ᠶᠢ ᠴᠢᠩᠭᠠᠳᠬᠠᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ | ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠨ᠎ᠠ ᠬᠡᠵᠦ ᠢᠯᠡᠷᠭᠡᠶᠢᠯᠡᠪᠡ᠃ | ᠭᠦᠸᠧ ᠸᠧᠢ ᠳ᠋ᠦᠩ ᠠᠴᠠ ᠰᠢᠩ ᠱᠧᠦ ᠪᠠᠯᠭᠠᠰᠤᠨ ᠤ ᠬᠠᠮᠢᠶ᠎ᠠ ᠪᠦᠬᠦᠢ ᠠᠵᠢᠯ ᠤᠨ ᠪᠠᠶᠢᠳᠠᠯ ᠢᠶᠠᠨ | ᠲᠠᠨᠢᠯᠴᠠᠭᠤᠯᠤᠭᠰᠠᠨ ᠪᠦᠭᠡᠳ ᠰᠢᠩ ᠱᠧᠦ ᠪᠠᠯᠭᠠᠰᠤ ᠨᠢ ᠴᠢᠶᠠᠨ ᠶᠢᠨ ᠭᠸᠦ ᠪᠠᠯᠭᠠᠰᠤ ᠯᠤᠭ᠎ᠠ ᠬᠠᠮᠳᠤᠷᠠᠯᠴᠠᠭ᠎ᠠ | ᠵᠤᠯᠭᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ︽ᠤᠨᠢᠨ ᠳᠡᠭᠡᠷ᠎ᠡ ᠨᠢ ᠬᠠᠪᠰᠤᠷᠤᠨ ᠲᠡᠳᠬᠦᠵᠦ᠂ ᠠᠷᠠᠳ ᠤᠨ | ᠠᠮᠢᠳᠤᠷᠠᠯ ᠢ ᠢᠮᠠᠭᠳᠠ ᠠᠩᠬᠠᠷᠬᠤ︾ ᠵᠠᠷᠴᠢᠮ ᠢ ᠪᠠᠷᠢᠮᠳᠠᠯᠠᠨ᠂ ᠳᠠᠪᠠᠭᠤᠯᠢᠭ ᠢᠶᠠᠨ ᠪᠠᠳᠠᠷᠠᠭᠤᠯᠵᠤ᠂ ᠲᠡᠮᠵᠢᠯᠭᠡ | ᠪᠠᠨ ᠨᠡᠮᠡᠭᠳᠡᠬᠦᠯᠦᠨ᠂ ᠴᠢᠶᠠᠨ ᠶᠢᠨ ᠭᠧᠦ ᠪᠠᠯᠭᠠᠰᠤᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠪᠠᠷ | ᠴᠢᠷᠮᠠᠶᠢᠨ᠎ᠠ ᠭᠡᠵᠦ ᠢᠯᠡᠷᠭᠡᠶᠢᠯᠡᠵᠡᠢ᠃ ᠬᠤᠷᠠᠯ ᠲᠡᠭᠡᠷ᠎ᠡ᠂ ᠰᠢᠩ ᠱᠧᠦ ᠪᠠᠯᠭᠠᠰᠤᠨ ᠤ ᠬᠢᠨ ᠪᠠᠰᠠ ᠴᠢᠶᠠᠨ ᠶᠢᠨ | ᠭᠧᠦ ᠪᠠᠯᠭᠠᠰᠤ ᠳᠤ ᠬᠠᠪᠰᠤᠷᠤᠨ ᠲᠡᠳᠬᠦᠬᠦ ᠪᠡᠯᠡ ᠮᠥᠩᠭᠦ 30 ᠲᠦᠮᠡᠨ ᠲᠥᠭᠦᠷᠢᠭ ᠬᠠᠨᠳᠢᠪᠯᠠᠭᠰᠠᠨ ᠪᠠᠶᠢᠨ᠎ᠠ᠃ | ᠶᠠᠷᠢᠯᠴᠠᠬᠤ ᠬᠤᠷᠠᠯ ᠤᠨ ᠲᠠᠷᠠᠭ᠎ᠠ᠂ ᠭᠦᠸᠧ ᠸᠧᠢ ᠳ᠋ᠦᠩ ᠵᠡᠷᠭᠡ ᠬᠦᠮᠦᠰ ᠤᠷᠢᠳ ᠬᠤᠵᠢᠳ ᠴᠢᠶᠠᠨ ᠶᠢᠨ ᠭᠧᠦ | ᠪᠠᠯᠭᠠᠰᠤᠨ ᠤ ᠴᠢ ᠬᠤᠤ ᠲᠤᠰᠬᠤᠨ᠂ ᠲᠸᠦ ᠬᠤᠤ ᠲᠣᠰᠬᠤᠨ ᠂ ᠭᠧᠦ ᠮᠧᠨ ᠲᠣᠰᠬᠤᠨ᠂ ᠳ᠋ᠠ ᠭᠧ ᠳ᠋ᠦᠩ | ᠲᠣᠰᠬᠤᠨ ᠳᠤ ᠬᠦᠨᠵᠡᠬᠡᠶᠢᠷᠡᠵᠦ᠂ ᠢᠳᠡᠰᠢᠨ ᠨᠤᠭᠤᠭᠠᠨ ᠤ ᠬᠦᠯᠡᠮᠵᠢ᠂ ᠲᠥᠮᠥᠰᠥ ᠬᠠᠳᠠᠭᠠᠯᠠᠬᠤ ᠵᠣᠭᠤᠷᠢ ᠂ | ᠯᠤᠤᠪᠠᠩ ᠤᠬᠢᠶᠠᠬᠤ ᠲᠠᠰᠤᠭ᠂ ᠢᠳᠡᠰᠢᠨ ᠨᠤᠭᠤᠭᠠᠨ ᠤ ᠠᠷᠠᠯᠵᠢᠶᠠᠨ ᠤ ᠵᠠᠬ᠎ᠠ᠂ ᠨᠣᠭᠤᠭ᠎ᠠ ᠬᠠᠳᠠᠭᠠᠯᠠᠬᠤ ᠰᠠᠭᠤᠷᠢᠨ | ᠭᠠᠵᠠᠷ ᠢ ᠲᠣᠭᠤᠷᠢᠨ ᠦᠵᠡᠵᠦ ᠪᠠᠶᠢᠴᠠᠭᠠᠨ ᠰᠤᠳᠤᠯᠤᠯᠲᠠ ᠬᠢᠵᠡᠢ᠃ |