ᠪᠤᠤᠴᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/4
  ᠠᠷᠠᠳ ᠤᠨ ᠲᠥᠯᠥᠭᠡᠯᠡᠭᠴᠢᠳ ᠤᠨ ᠡᠬᠦᠷᠭᠡ ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠴᠢᠩᠭᠠᠳᠬᠠᠵᠤ᠂ ᠠᠷᠠᠳ  ᠤᠨ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠢᠷᠢ ᠴᠢᠳᠠᠪᠤᠷᠢ ᠶᠢ ᠲᠡᠭᠡᠭᠰᠢᠯᠡᠬᠦᠯᠦᠨ᠂  ᠠᠷᠠᠳ ᠤᠨ ᠲᠥᠯᠥᠭᠡᠯᠡᠭᠴᠢᠳ ᠤᠨ ᠭᠤᠣᠯ ᠴᠣᠭᠴᠠ ᠶᠢᠨ ᠦᠢᠯᠡᠳᠦᠯ ᠢ ᠨᠡᠩ ᠰᠠᠶᠢᠨ ᠪᠠᠳᠠᠷᠠᠭᠤᠯᠬᠤ ᠶᠢᠨ ᠲᠥᠯᠥᠭᠡ ᠂ ᠤᠶᠢᠷ᠎ᠠ ᠳᠤ  ᠪᠤᠤᠴᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠨᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ  ᠪᠠᠶᠢᠴᠠᠭᠠᠨ ᠰᠤᠳᠤᠯᠤᠯᠲᠠ ᠬᠢᠵᠡᠢ᠃  ᠡᠨᠡ ᠤᠳᠠᠭᠠᠨ ᠤ ᠪᠠᠶᠢᠴᠠᠭᠠᠨ ᠰᠤᠳᠤᠯᠤᠯᠲᠠ ᠨᠢ ᠬᠠᠮᠲᠤ ᠶᠢᠨ ᠠᠵᠤ ᠠᠬᠤᠢ  ᠶᠢ ᠬᠦᠭᠵᠢᠬᠦᠯᠬᠦ ᠠᠵᠤ ᠦᠢᠯᠡᠰ ᠤᠨ ᠲᠥᠷᠥᠯ ᠵᠦᠢᠯ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠲᠦᠷᠦᠯ ᠵᠦᠢᠯ ᠵᠡᠷᠭᠡ ᠪᠠᠷ ᠭᠤᠤᠯ ᠪᠤᠯᠭᠠᠵᠤ᠂ ᠤᠷᠢᠳ ᠬᠤᠵᠢᠳ ᠦ᠋ ᠹᠦ᠋ ᠲᠣᠰᠬᠤᠨ ᠤ ᠲᠡᠵᠢᠭᠡᠯ ᠪᠣᠷᠳᠣᠭᠠᠨ ᠤ ᠦᠢᠯᠡᠳᠪᠦᠷᠢ᠂ ᠦ᠋ ᠵᠢᠩ ᠲᠣᠰᠬᠤᠨ ᠤ ᠨᠠᠮ ᠤᠨ ᠪᠠᠶᠢᠭᠤᠯᠤᠯᠲᠠ ᠶᠢᠨ  ᠦᠵᠡᠬᠦᠯᠬᠡ ᠶᠢᠨ ᠬᠤᠩᠭᠢᠯ᠂ ᠰᠢᠶᠠᠩ ᠶᠠᠩ ᠲᠣᠰᠬᠤᠨ ᠤ ᠨᠡᠬᠡᠮᠡᠯ ᠤᠭᠤᠲᠠ   ᠶᠢᠨ ᠦᠢᠯᠡᠳᠪᠦᠷᠢ᠂  ᠬᠤᠩ ᠳ᠋ᠠ ᠲᠣᠰᠬᠤᠨ ᠤ ᠰᠡᠷᠢᠬᠦᠨ ᠬᠥᠮᠥᠷᠭᠡ ᠪᠠ ᠴᠠᠭᠠᠨ ᠢᠳᠡᠭᠡᠨ ᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠪᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ  ᠪᠠᠶᠢᠭᠤᠯᠤᠯᠲᠠ ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠳᠤ ᠬᠢᠨᠠᠯᠲᠠ ᠲᠠᠯᠪᠢᠬᠤ ᠶᠢᠨ ᠬᠠᠮᠲᠤ ᠲᠣᠰᠬᠤᠨ ᠤ ᠠᠷᠠᠳ ᠲᠤ ᠰᠠᠨᠠᠭᠠᠴᠢᠯᠠᠭ᠎ᠠ ᠶᠢᠨ ᠪᠢᠴᠢᠭ ᠲᠠᠷᠬᠠᠭᠠᠭᠰᠠᠨ ᠪᠠᠶᠢᠨ᠎ᠠ᠃ ᠪᠠᠶᠢᠴᠠᠭᠠᠨ ᠰᠤᠳᠤᠯᠬᠤ ᠶᠠᠪᠤᠴᠠ ᠳᠤ᠂ ᠠᠷᠠᠳ ᠤᠨ ᠲᠥᠯᠥᠭᠡᠯᠡᠭᠴᠢᠳ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠲᠤᠬᠠᠢ ᠶᠢᠨ ᠲᠠᠯᠠᠪᠤᠷ ᠲᠤ ᠰᠠᠨᠠᠯ ᠰᠠᠨᠠᠭᠤᠯᠭ᠎ᠠ ᠪᠠᠨ ᠳᠤᠷᠠᠳᠪᠠ᠃ ᠶᠠᠷᠢᠯᠴᠠᠬᠤ ᠬᠤᠷᠠᠯ ᠲᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢ ᠪᠢᠨ ᠠᠴᠠ᠂ ᠨᠢᠭᠡ ᠳᠤ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠪᠦᠬᠦ ᠲᠠᠯ᠎ᠠ  ᠶᠢ ᠶᠡᠷᠦᠩᠬᠡᠶᠢᠯᠡᠨ ᠡᠵᠡᠮᠳᠡᠵᠦ᠂ ᠡᠯ᠎ᠡ ᠲᠠᠯ᠎ᠠ  ᠶᠢ ᠵᠣᠬᠢᠴᠠᠭᠤᠯᠬᠤ ᠨᠠᠮ ᠤᠨ ᠤᠳᠤᠷᠢᠳᠬᠤ ᠳᠦᠷᠢᠮ ᠤᠨ ᠰᠢᠰᠲ᠋ᠧᠮ ᠢ ᠲᠡᠬᠦᠯᠳᠡᠷᠵᠢᠬᠦᠯᠬᠦ ᠪᠤᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠶᠢᠨ ᠡᠬᠦᠰᠦᠴᠡ ᠪᠠ ᠵᠤᠭᠰᠤᠴᠠ ᠮᠥᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠷᠢᠭᠤᠴᠠᠯᠭᠠᠲᠤ ᠰᠡᠳᠬᠢᠯᠭᠡ ᠪᠠᠨ  ᠦᠨᠡᠨᠬᠦ ᠴᠢᠩᠭᠠᠳᠬᠠᠨ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠡᠷᠡᠭᠵᠢᠬᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠷᠠᠭᠤᠯᠤᠨ᠂ ᠨᠠᠮ ᠤᠨ ᠤᠳᠤᠷᠢᠳᠤᠯᠭ᠎ᠠ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠯ᠎ᠡ ᠬᠦᠷᠢᠶ᠎ᠡ ᠡᠯ᠎ᠡ ᠭᠤᠭᠴᠤᠭ᠎ᠠ ᠳᠤ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ᠃ ᠬᠤᠶᠠᠷ ᠲᠤ ᠠᠷᠠᠳ ᠤᠨ ᠲᠥᠯᠥᠭᠡᠯᠡᠭᠴᠢᠳ ᠭᠤᠣᠯᠳᠠᠯᠭ᠎ᠠ ᠲᠠᠢ ᠰᠡᠳᠦᠪ ᠳᠤ ᠠᠩᠬᠠᠷᠤᠯ ᠢᠶᠠᠨ ᠲᠦᠪᠯᠡᠷᠡᠬᠦᠯᠵᠦ᠂  ᠠᠷᠠᠳ ᠤᠨ ᠪᠠᠶᠢᠳᠠᠯ ᠢ ᠤᠶᠢᠯᠠᠭᠠᠬᠤ᠂ ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠪᠣᠳᠣᠯᠭ᠎ᠠ ᠶᠢ ᠠᠰᠠᠭᠤᠬᠤ᠂ ᠠᠷᠠᠳ ᠤᠨ ᠵᠣᠪᠠᠨᠢᠯ ᠢ ᠰᠢᠢᠳᠪᠦᠷᠢᠯᠡᠬᠦ ᠪᠠᠷ ᠲᠠᠮᠵᠢᠨ᠂ ᠪᠠᠶᠢᠴᠠᠭᠠᠨ ᠰᠤᠳᠤᠯᠬᠤ ᠥᠷᠭᠡᠴᠡ ᠪᠠ ᠭᠦᠨᠴᠡ ᠶᠢ ᠦᠷᠭᠡᠳᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠦᠬᠦ ᠪᠠᠯᠭᠠᠰᠤᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠥᠭᠡᠷᠡᠴᠢᠯᠡᠯᠲᠡ ᠬᠥᠭᠵᠢᠯᠲᠡ ᠶᠢᠨ ᠪᠠᠶᠢᠳᠠᠯ ᠢ  ᠪᠠᠶᠢᠩᠭᠤ ᠠᠩᠬᠠᠷᠴᠤ᠂ ᠭᠤᠣᠯᠳᠠᠯᠭ᠎ᠠ ᠲᠠᠢ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠡᠲᠡᠭᠡᠳ ᠤᠨ ᠤᠶᠤᠨ ᠤᠬᠠᠭᠠᠨ ᠢ ᠨᠢᠬᠳᠠᠷᠠᠭᠤᠯᠤᠨ᠂ ᠪᠦᠬᠦ ᠪᠠᠯᠭᠠᠰᠤᠨ ᠤ ᠠᠵᠢᠯ ᠦᠢᠯᠡᠰ ᠤᠨ ᠬᠥᠭᠵᠢᠯᠲᠡ ᠶᠢᠨ ᠲᠠᠪᠰᠢᠩᠭᠤᠢ ᠰᠠᠶᠢᠬᠠᠨ ᠪᠠᠶᠢᠳᠠᠯ ᠢ ᠦᠷᠭᠦᠯᠵᠢᠯᠡᠨ ᠠᠬᠢᠭᠤᠯᠬᠤ ᠬᠡᠷᠡᠭᠲᠡᠢ᠃ ᠭᠤᠷᠪᠠ ᠳᠤ ᠠᠷᠠᠳ ᠤᠨ ᠲᠥᠯᠥᠭᠡᠯᠡᠭᠴᠢᠳ ᠠᠷᠠᠳ ᠲᠦᠮᠡᠨ ᠤ ᠠᠯᠪᠠᠨ ᠵᠠᠷᠤᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠨ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠤᠯᠠᠨ ᠲᠦᠮᠡᠨ ᠤ ᠬᠢᠨᠠᠯᠲᠠ ᠶᠢ ᠬᠢᠴᠢᠶᠡᠩᠬᠦᠶᠢᠯᠡᠨ ᠬᠦᠯᠢᠶᠡᠬᠦ ᠬᠡᠷᠡᠭᠲᠡᠢ᠃  ᠤᠯᠠᠨ ᠲᠦᠮᠡᠨ ᠲᠠᠢ ᠬᠠᠷᠢᠯᠴᠠᠬᠤ ᠠᠭᠤᠯᠭ᠎ᠠ ᠪᠠ ᠬᠡᠯᠪᠡᠷᠢ ᠪᠠᠨ ᠪᠠᠶᠠᠯᠢᠭᠵᠢᠭᠤᠯᠵᠤ᠂ ᠬᠠᠷᠢᠯᠴᠠᠬᠤ ᠠᠷᠭ᠎ᠠ ᠵᠠᠮ ᠢᠶᠠᠨ ᠥᠷᠭᠡᠳᠬᠡᠨ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠤᠯᠠᠨ ᠲᠦᠮᠡᠨ ᠤ ᠲᠤᠰᠬᠠᠯ ᠶᠡᠬᠡᠲᠡᠢ ᠴᠢᠬᠤᠯᠠ ᠠᠰᠠᠭᠤᠳᠠᠯ ᠢᠶᠠᠷ ᠭᠤᠤᠯ ᠪᠤᠯᠭᠠᠨ᠂ ᠤᠯᠠᠨ ᠲᠦᠮᠡᠨ ᠤ ᠰᠡᠳᠬᠢᠯ ᠢ ᠮᠡᠳᠡᠭᠴᠢ ᠪᠠ ᠣᠷᠣᠯᠠᠨ ᠥᠭᠦᠯᠡᠭᠴᠢ ᠪᠣᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃  
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号