ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ᠥᠪᠥᠷ | ᠮᠣᠩᠭᠤᠯ ᠤᠨ ︽ᠠᠷᠪᠠᠨ ᠶᠡᠭᠡ ᠠᠵᠢᠯᠯᠠᠭ᠎ᠠ︾ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ | ᠲᠡᠷᠢᠬᠦᠨ ᠤ ᠦᠢᠯᠡ ᠠᠵᠢᠯᠯᠠᠭ᠎ᠠ ᠶᠢ ᠠᠶᠢᠯ ᠲᠣᠰᠬᠤᠨ ᠳᠤ ᠤᠷᠤᠭᠤᠯᠵᠤ ᠠᠭᠤᠳᠠᠮ ᠲᠠᠯᠠᠪᠠᠢ ᠳᠤ ᠤᠷᠤᠭᠤᠯᠤᠨ᠂ | ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠵᠤ ᠂ ᠶᠠᠮᠠᠷ ᠴᠠᠭ ᠬᠠᠮᠢᠭ᠎ᠠ ᠭᠠᠵᠠᠷ | ᠲᠤ ᠴᠤ ᠦᠯᠢᠭᠡᠷ ᠳᠠᠭᠤᠷᠢᠶᠠᠯ ᠳᠡᠷᠭᠡᠳᠡ ᠪᠠᠶᠢᠬᠤ ᠶᠢ ᠤᠯᠠᠨ ᠲᠦᠮᠡᠨ ᠳᠤ ᠮᠡᠳᠡᠷᠡᠬᠦᠯᠬᠦ ᠶᠢᠨ ᠲᠤᠰᠠᠳᠠ᠂ ᠶᠦᠩ | ᠹᠧᠩ ᠪᠠᠯᠭᠠᠰᠤ ᠨᠢ ᠲᠡᠷᠢᠭᠦᠨ ᠤ ᠦᠢᠯᠡ ᠠᠵᠢᠯᠯᠠᠭ᠎ᠠ ᠶᠢ ᠬᠥᠳᠡᠭᠡ ᠲᠣᠰᠬᠤᠨ ᠳᠤ ᠤᠬᠠᠭᠤᠯᠬᠤ ᠭᠤᠣᠯ ᠰᠡᠳᠦᠪᠲᠦ | ᠠᠵᠢᠯᠯᠠᠭ᠎ᠠ ᠦᠷᠨᠢᠬᠦᠯᠪᠡ᠃ ᠪᠠᠯᠭᠠᠰᠤᠨ ᠤ ᠬᠢᠨ ᠬᠥᠮᠥᠨ ᠬᠠᠷ᠎ᠠ ᠤᠯᠠᠨ ᠴᠤᠭᠯᠠᠷᠠᠳᠠᠭ ᠭᠠᠵᠠᠷ ᠲᠤ ᠲᠡᠷᠢᠭᠦᠨ ᠤ | ᠦᠶᠯᠡ ᠠᠵᠢᠯᠯᠠᠭᠠᠨ ᠤ ᠤᠬᠠᠭᠤᠯᠭ᠎ᠠ ᠶᠢᠨ ᠰᠠᠮᠪᠠᠷ᠎ᠠ ᠪᠤᠰᠬᠠᠵᠤ᠂ ᠰᠢᠯᠭᠠᠷᠠᠭᠤᠯᠵᠤ ᠭᠠᠷᠭᠠᠭᠰᠠᠨ ︽ᠠᠷᠪᠠᠨ | ᠣᠳᠣᠨ ᠲᠠᠰ ᠤᠨ ᠪᠣᠯᠪᠠᠰᠤᠨ ᠡᠷᠦᠬᠡ︾ ︽ᠰᠠᠶᠢᠨ ᠬᠠᠳᠠᠮ ᠡᠵᠢ︾ ︽ᠰᠠᠶᠢᠨ ᠪᠡᠷᠢ︾ ᠵᠡᠷᠭᠡ ᠡᠯ᠎ᠡ ᠲᠥᠷᠥᠯ ᠤᠨ | ᠵᠢᠱᠢᠶ᠎ᠡ ᠳᠠᠭᠤᠷᠢᠶᠠᠯ ᠢ ᠳᠡᠯᠭᠡᠨ ᠦᠵᠡᠬᠦᠯᠦᠭᠰᠡᠨ ᠪᠠᠶᠢᠨ᠎ᠠ᠃ ᠨᠡᠶᠢᠳᠡᠯᠡᠨ ᠤᠬᠠᠭᠤᠯᠬᠤ ᠪᠠᠷ ᠲᠠᠮᠵᠢᠭᠠᠳ᠂ | ᠬᠦᠳᠡᠭᠡ ᠲᠤᠰᠬᠤᠨ ᠤ ᠲᠡᠷᠢᠭᠦᠨ ᠤ ᠨᠡᠶᠢᠲᠡᠯᠢᠭ ᠵᠢᠱᠢᠶ᠎ᠡ᠂ ᠳᠡᠷᠭᠡᠳᠡᠬᠢ ᠦᠯᠢᠭᠡᠷ ᠳᠠᠭᠤᠷᠢᠶᠠᠯ ᠤᠳ ᠢ ᠨᠡᠩ ᠶᠡᠭᠡ | ᠢᠷᠠᠭᠤ ᠠᠯᠳᠠᠷ ᠤᠨ ᠲᠥᠷᠥᠭᠳᠡᠯ᠂ ᠤᠯᠤᠯᠳᠠ ᠬᠦᠷᠲᠡᠮᠵᠢ ᠶᠢᠨ ᠲᠥᠷᠥᠭᠳᠡᠯ ᠲᠠᠢ ᠪᠣᠯᠭᠠᠵᠤ᠂ ︽ᠭᠠᠵᠠᠷ | ᠪᠣᠯᠭᠠᠨ ᠳᠤ ᠦᠯᠢᠭᠡᠷ ᠳᠠᠭᠤᠷᠢᠶᠠᠯ ᠲᠠᠢ ᠪᠠᠶᠢᠬᠤ᠂ ᠴᠠᠭ ᠢᠮᠠᠭᠲᠠ ᠦᠯᠢᠭᠡᠷ ᠳᠠᠭᠤᠷᠢᠶᠠᠯ ᠠᠴᠠ ᠰᠤᠷᠤᠯᠴᠠᠬᠤ︾ | ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠠᠢ᠃ ᠲᠤᠰᠬᠤᠨ ᠤ ᠠᠷᠠᠳ ︽ᠳᠡᠷᠭᠡᠳᠡᠬᠢ ᠦᠯᠢᠭᠡᠷ | ᠳᠠᠭᠤᠷᠢᠶᠠᠯ ᠨᠢ ᠬᠥᠮᠥᠰ ᠤᠨ ᠰᠡᠳᠬᠢᠯ ᠢ ᠲᠤᠯᠠᠭᠠᠴᠠᠭᠤᠯᠤᠨ᠎ᠠ᠂ ᠬᠤᠶᠢᠰᠢᠳᠠ ᠲᠡᠷᠭᠡᠳᠡᠬᠢ ᠰᠠᠶᠢᠴᠤᠤᠯ ᠢᠶᠠᠷ ᠬᠡᠪ | ᠳᠠᠭᠤᠷᠢᠶᠠᠯ ᠪᠣᠯᠭᠠᠵᠤ᠂ ᠰᠠᠶᠢᠨ ᠶᠠᠪᠤᠳᠠᠯ ᠬᠢᠵᠦ᠂ ᠰᠠᠶᠢᠨ ᠬᠥᠮᠥᠨ ᠪᠣᠯᠵᠤ ᠡᠶ᠎ᠡ ᠵᠣᠬᠢᠴᠠᠯ ᠲᠠᠢ ᠨᠡᠶᠢᠭᠡᠮ ᠢ | ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠤᠪᠤᠷ ᠵᠤᠷᠢᠭ ᠢᠶᠠᠨ ᠢᠯᠡᠳᠭᠡᠵᠡᠭᠡᠨᠡ᠃ |