7 ᠰᠠᠷ᠎ᠠ ᠶᠢᠨ 22 ᠤᠨ ᠡᠳᠦᠷ ᠠᠴᠠ 24 ᠤ ᠡᠳᠦᠷ ᠪᠣᠯᠲᠠᠯ᠎ᠠ ᠰᠢᠯᠢ ᠶᠢᠨ ᠬᠤᠳᠠ ᠶᠢᠨ ᠰᠢᠷ᠎ᠠ ᠲᠠᠯ᠎ᠠ ᠶᠢᠨ | ᠲᠡᠨᠵᠢᠨ ᠳᠠᠬᠢ ᠨᠠᠶᠢᠷ ᠤᠨ ᠲᠠᠯᠠᠪᠠᠶ ᠳᠤ ᠶᠠᠪᠤᠭᠳᠠᠭᠰᠠᠨ ᠰᠢᠯᠢ ᠶᠢᠨ ᠭᠤᠣᠯ ᠠᠶᠢᠮᠠᠭ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠮᠠᠯ ᠰᠦᠷᠦᠭ ᠤᠨ ᠠᠳᠠᠯᠢᠳᠬᠠᠯ ᠰᠢᠯᠭᠠᠷᠠᠭᠤᠯᠤᠯᠳᠠ ᠳᠤ ᠲᠠᠶᠢᠹᠤᠰᠧ ᠬᠤᠰᠢᠭᠤᠨ ᠤ ᠪᠤᠤᠴᠠᠩ | ᠪᠠᠯᠭᠠᠰᠤᠨ ᠤ ᠬᠤᠸᠠᠩ ᠲᠦ᠋ ᠺᠧᠩ ᠲᠣᠰᠬᠤᠨ ᠤ ᠲᠠᠷᠢᠶᠠᠴᠢᠨ ᠵᠠᠩ ᠶᠢᠨ ᠬᠠᠢ ᠶᠢᠨ 1 ᠲᠤᠭᠤᠯ ᠨᠢ ᠠᠩᠭᠧᠰ ᠡᠷ᠎ᠡ | ᠲᠤᠭᠤᠯ ᠤᠨ ᠬᠤᠶᠠᠳᠤᠭᠠᠷ ᠳᠡᠰ ᠲᠤ ᠰᠢᠯᠭᠠᠷᠠᠵᠤ᠂ ᠨᠦᠬᠦᠭᠡ 2 ᠲᠤᠭᠤᠯ ᠨᠢ ᠠᠩᠭᠧᠰ ᠦᠬᠢᠨ ᠲᠤᠭᠤᠯ ᠤᠨ | ᠭᠤᠷᠪᠠᠳᠤᠭᠠᠷ ᠳᠡᠰ ᠲᠤ ᠲᠤᠳᠤᠷᠠᠭᠰᠠᠨ ᠪᠠᠶᠢᠨ᠎ᠠ᠃ | ︽ᠮᠢᠨᠦ ᠬᠤᠷᠰᠢᠶᠠᠵᠢᠯ 2013 ᠣᠨ ᠳᠤ ᠪᠠᠶᠢᠭᠤᠯᠤᠭᠳᠠᠭᠰᠠᠨ᠂ ᠤᠳᠤ 117 ᠰᠢᠮᠧᠨ᠋ᠲ᠋ᠠᠷ᠂ 76 ᠠᠩᠭᠧᠰ | ᠦᠬᠡᠷ ᠮᠠᠯᠵᠢᠵᠤ ᠪᠠᠶᠢᠨ᠎ᠠ᠂᠂᠂᠂᠂᠂︾ ᠬᠡᠮᠡᠨ ᠬᠤᠷᠤᠭᠠᠨ ᠳᠠᠬᠢ ᠦᠬᠡᠷ ᠢᠶᠠᠨ ᠵᠢᠭᠠᠭᠠᠳ ᠵᠠᠩ ᠶᠢᠨ ᠬᠠᠢ | ᠰᠤᠷᠪᠤᠯᠵᠢᠯᠠᠭᠴᠢ ᠳᠤ ᠥᠪᠡᠷ ᠤᠨ ᠦᠬᠡᠷ ᠮᠠᠯᠵᠢᠭᠰᠠᠨ ᠦᠯᠢᠬᠡᠷ ᠢᠶᠠᠨ ᠶᠠᠷᠢᠪᠠ᠃ ᠥᠩᠭᠡᠷᠡᠭᠰᠡᠨ ᠳᠤ᠂ ᠵᠠᠩ ᠶᠢᠨ | ᠬᠠᠢ ᠪᠦᠳᠦᠭᠦᠯᠢᠭ ᠡᠵᠡᠩᠨᠡᠯᠲᠡ ᠶᠢᠨ ᠬᠡᠯᠪᠡᠷᠢ ᠪᠠᠷ ᠮᠠᠯ ᠮᠠᠯᠵᠢᠳᠠᠭ ᠪᠠᠶᠢᠭᠰᠠᠨ ᠪᠤᠯᠬᠤᠷ᠂ ᠬᠡᠳᠦᠶᠢᠪᠡᠷ ᠪᠠᠭ᠎ᠠ ᠪᠤᠰᠤ | ᠡᠳ᠋ ᠮᠥᠩᠭᠦ ᠵᠠᠷᠤᠴᠠᠭᠤᠯᠤᠭᠰᠠᠨ ᠪᠣᠯᠪᠠᠴᠤ ᠠᠰᠢᠭ ᠣᠯᠵᠠᠪᠤᠷᠢ ᠨᠢ ᠲᠡᠶᠢᠮᠦ ᠰᠠᠶᠢᠨ ᠪᠢᠰᠢ ᠪᠠᠶᠢᠪᠠ᠃ ᠦᠬᠡᠷ ᠢ | ᠶᠠᠭᠠᠬᠢᠪᠠᠯ ᠰᠠᠶ᠋ᠢ ᠰᠠᠶᠢᠨ ᠮᠠᠯᠵᠢᠵᠤ᠂ ᠶᠡᠭᠡ ᠬᠡᠪᠴᠢᠶ᠎ᠡ ᠪᠠᠷ ᠮᠠᠯᠵᠢᠵᠤ ᠴᠢᠳᠠᠬᠤ ᠪᠤᠶ᠂ ᠡᠨᠡ ᠲᠤᠬᠠᠢ ᠵᠠᠩ ᠶᠢᠨ | ᠬᠠᠢ ᠥᠪᠡᠷ ᠤᠨ ᠲᠤᠬᠠᠢ ᠶᠢᠨ ᠦᠶ᠎ᠡ ᠶᠢᠨ ᠪᠣᠳᠣᠯ ᠢᠶᠠᠨ ᠲᠡᠯᠬᠡᠬᠦ ᠳᠡᠭᠡᠨ᠄ ︽ᠦᠬᠡᠷ ᠢ ᠰᠠᠶᠢᠨ ᠮᠠᠯᠵᠢᠶ᠎ᠠ ᠭᠡᠪᠡᠯ | ᠡᠷᠬᠡᠪᠰᠢ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠬᠡᠷᠡᠭᠲᠡᠢ᠂ ᠤᠴᠢᠷ ᠨᠢ ᠮᠠᠨᠠᠶᠢᠬᠢᠨ ᠪᠣᠯ ᠲᠠᠷᠢᠶᠠᠯᠠᠬᠤ | ᠣᠷᠣᠨ ᠪᠤᠯᠬᠤᠷ ᠪᠡᠯᠴᠢᠭᠡᠷᠯᠡᠬᠦᠯᠵᠦ ᠮᠠᠯᠵᠢᠬᠤ ᠨᠦᠬᠦᠴᠡᠯ ᠦᠬᠡᠢ ᠂ ᠵᠦᠪᠭᠡᠨ ᠬᠠᠰᠢᠶᠠᠯᠠᠨ ᠪᠤᠷᠳᠤᠪᠠᠯ ᠦᠬᠡᠷ ᠤᠨ | ᠲᠠᠷᠭᠤ ᠬᠦᠴᠦ ᠰᠠᠶᠢᠵᠢᠷᠠᠵᠤ ᠂ ᠲᠤᠭᠤᠯ ᠤᠨ ᠥᠰᠦᠯᠲᠡ ᠪᠤᠶᠢᠵᠢᠯᠳᠠ ᠴᠦ ᠲᠦᠷᠭᠡᠰᠦᠨ᠂ ᠮᠠᠯᠵᠢᠯ ᠤᠨ | ᠥᠪᠡᠷ ᠤᠨ ᠥᠷᠲᠡᠭ ᠪᠠ ᠦᠷ᠎ᠡ ᠠᠰᠢᠭ ᠨᠢ ᠪᠦᠷ ᠰᠠᠶᠢᠨ ᠪᠠᠶᠢᠳᠠᠭ᠂ ᠭᠡᠬᠦ ᠳᠡᠭᠡᠨ ᠦᠬᠡᠷ ᠮᠠᠯᠵᠢᠪᠠᠯ ᠡᠷᠭᠡᠪᠰᠢ | ᠰᠠᠶᠢᠨ ᠡᠬᠦᠯᠳᠡᠷ ᠤᠨ ᠦᠬᠡᠷ ᠮᠠᠯᠵᠢᠬᠤ ᠬᠡᠷᠡᠭᠲᠡᠢ︾ ᠬᠡᠯᠡ᠃ | ᠵᠠᠩ ᠶᠢᠨ ᠬᠠᠢ ᠬᠡᠳᠦᠶᠢᠪᠡᠷ ᠦᠨᠳᠦᠷ ᠵᠡᠷᠭᠡ ᠶᠢᠨ ᠰᠤᠶᠤᠯ ᠪᠤᠯᠪᠠᠰᠤᠷᠠᠯ ᠬᠦᠷᠳᠡᠭᠡ ᠦᠭᠡᠢ ᠴᠤ ᠭᠡᠰᠡᠨ | ᠰᠢᠨᠵᠢᠯᠡᠬᠦ ᠤᠬᠠᠭᠠᠨ ᠮᠡᠷᠭᠡᠵᠢᠯ ᠪᠣᠯ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ ᠬᠦᠴᠦᠨ ᠵᠦᠢᠯ | ᠭᠡᠳᠡᠭ ᠢ ᠰᠠᠶᠢᠨ ᠮᠡᠳᠡᠳᠡᠭ ᠢᠶᠠᠷ ᠰᠢᠨᠵᠢᠯᠡᠬᠦ ᠤᠬᠠᠭᠠᠨᠴᠢ ᠠᠷᠠᠴᠢᠯᠠᠭ᠎ᠠ ᠮᠠᠯᠵᠢᠯ ᠢ ᠢᠲᠡᠭᠡᠵᠦ ᠵᠣᠷᠢᠭᠲᠠᠢ | ᠦᠢᠯᠡᠳᠦᠯᠭᠡ ᠬᠢᠭᠰᠡᠨ ᠪᠠᠶᠢᠨ᠎ᠠ᠃ 2013 ᠣᠨ ᠳᠤ ᠲᠡᠷᠡᠪᠡᠷ 100 ᠲᠦᠮᠡᠨ ᠲᠥᠭᠦᠷᠢᠭ ᠤᠨ ᠪᠡᠯᠡ ᠮᠥᠩᠭᠦ | ᠬᠤᠷᠠᠮᠳᠤᠭᠤᠯᠵᠤ᠂ ᠨᠢᠬᠡ ᠪᠦᠯᠦᠭ ᠰᠢᠮᠧᠨ᠋ᠲ᠋ᠠᠷ ᠦᠬᠡᠷ ᠤᠷᠤᠭᠤᠯᠵᠤ ᠮᠠᠯᠵᠢᠭᠰᠠᠨ ᠤ ᠬᠠᠮᠲᠤ ᠂ ᠦᠬᠡᠷ ᠮᠠᠯᠵᠢᠬᠤ | ᠲᠤᠰᠬᠠᠢ ᠬᠤᠷᠰᠢᠶᠠᠵᠢᠯ ᠢ ᠪᠠᠶᠢᠭᠤᠯᠵᠠᠢ᠃ 2016 ᠣᠨ ᠳᠤ ᠂ ᠲᠠᠶᠢᠹᠤᠰᠧ ᠬᠤᠰᠢᠭᠤᠨ ᠤ ᠬᠢᠨ ᠲᠡᠵᠢᠬᠡᠨ | ᠦᠷᠡᠵᠢᠬᠦᠯᠬᠦ ᠠᠵᠤ ᠦᠢᠯᠡᠰ ᠢ ᠲᠡᠮᠵᠢᠵᠦ ᠭᠠᠳᠠᠨ᠎ᠠ ᠠᠴᠠ ᠠᠩᠭᠧᠰ ᠦᠬᠡᠷ ᠤᠷᠤᠭᠤᠯᠬᠤ ᠳᠤ ᠵᠠᠩ ᠶᠢᠨ ᠬᠠᠢ | 87 ᠦᠬᠡᠷ ᠬᠤᠳᠠᠯᠳᠤᠨ ᠠᠪᠤᠭᠰᠠᠨ ᠤ ᠬᠠᠮᠲᠤ᠂ ᠬᠠᠰᠢᠶ᠎ᠠ ᠰᠠᠷᠠᠪᠴᠢ ᠵᠡᠷᠭᠡ ᠰᠠᠭᠤᠷᠢ ᠲᠥᠬᠦᠭᠡᠷᠦᠮᠵᠢ ᠪᠠᠨ | ᠦᠷᠭᠡᠳᠭᠡᠨ ᠰᠠᠶᠢᠵᠢᠷᠠᠭᠤᠯᠤᠭᠰᠠᠨ ᠪᠠᠶᠢᠪᠠ᠃ ᠬᠡᠳᠦᠨ ᠵᠢᠯ ᠤᠨ ᠲᠤᠷᠰᠢ᠂ ᠠᠷᠠᠴᠢᠯᠠᠭ᠎ᠠ ᠬᠠᠮᠢᠶᠠᠷᠤᠯᠲᠠ ᠶᠢᠨ ᠬᠢᠷᠢ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠮᠠᠯᠵᠢᠯ ᠤᠨ ᠠᠷᠭ᠎ᠠ ᠶᠢ | ᠪᠠᠷᠢᠮᠲᠠᠯᠠᠭᠰᠠᠨ ᠢᠶᠠᠷ ᠵᠠᠩ ᠶᠢᠨ ᠬᠠᠢ ᠶᠢᠨ ᠦᠬᠡᠷ ᠤᠨ ᠡᠬᠦᠯᠳᠡᠷ ᠦᠷᠭᠦᠯᠵᠢᠯᠡᠨ ᠰᠠᠶᠢᠵᠢᠷᠠᠵᠤ᠂ | ᠡᠵᠡᠩᠨᠡᠯᠲᠡ ᠶᠢᠨ ᠬᠡᠪᠴᠢᠶ᠎ᠡ ᠡᠳᠦᠷ ᠢᠷᠡᠬᠦᠶ᠎ᠡ ᠪᠤᠵᠠᠭᠠᠶᠢᠷᠠᠨ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ | ᠲᠣᠮᠣ ᠡᠷᠦᠬᠡ ᠪᠤᠯᠵᠠᠢ᠃ 2017 ᠣᠨ ᠳᠤ᠂ ᠵᠠᠩ ᠶᠢᠨ ᠬᠠᠢ ᠶᠢᠨ ᠪᠠᠶᠢᠭᠤᠯᠤᠭᠰᠠᠨ ᠲᠡᠵᠢᠭᠡᠨ ᠦᠷᠡᠵᠢᠭᠦᠯᠬᠦ | ᠲᠤᠰᠬᠠᠢ ᠬᠤᠷᠰᠢᠶᠠᠵᠢᠯ ᠢ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠰᠠᠶᠢᠨ ᠡᠬᠦᠯᠳᠡᠷ | ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ︽ ᠭᠤᠤᠯᠳᠠᠯᠭᠠᠳᠤ ᠰᠦᠷᠦᠭ︾ ᠢᠶᠠᠷ ᠮᠠᠭᠠᠳᠯᠠᠨ ᠲᠤᠭᠳᠠᠭᠠᠪᠠ᠃ | ᠡᠭᠦᠨ ᠤ ᠵᠡᠷᠭᠡ ᠳᠤ᠂ ᠲᠤᠬᠠᠢ ᠶᠢᠨ ᠭᠠᠵᠠᠷ ᠤᠨ ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠪᠠ ᠳᠡᠮᠵᠢᠯᠭᠡ | ᠳᠣᠣᠷ᠎ᠠ᠂ ᠵᠠᠩ ᠶᠢᠨ ᠬᠠᠢ ᠰᠠᠶᠢᠨ ᠡᠭᠦᠯᠳᠡᠷ ᠤᠨ ᠮᠢᠬᠠᠨ ᠤ ᠦᠬᠡᠷ ᠦᠷᠡᠵᠢᠭᠦᠯᠦᠨ ᠪᠣᠶᠢᠵᠢᠭᠤᠯᠬᠤ᠂ ᠰᠢᠨᠵᠢᠯᠡᠬᠦ | ᠤᠬᠠᠭᠠᠨᠴᠢ ᠪᠠᠷ ᠠᠷᠠᠴᠢᠯᠠᠨ ᠮᠠᠯᠵᠢᠬᠤ ᠲᠠᠯ᠎ᠠ ᠪᠠᠷ ᠤᠯᠠᠮ ᠶᠡᠭᠡ ᠬᠦᠴᠦ ᠣᠷᠣᠭᠤᠯᠵᠤ᠂ ᠣᠳᠣᠬᠢᠴᠢᠯᠠᠭᠰᠠᠨ ᠮᠠᠯ | ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠢᠳᠡᠪᠬᠢᠲᠡᠢ ᠪᠠᠷ ᠰᠦᠪᠡᠭᠴᠢᠯᠡᠭᠰᠡᠨ ᠪᠠᠶᠢᠨ᠎ᠠ | ᠃ ᠤᠳᠤ ᠲᠡᠭᠦᠨ ᠤ ᠮᠠᠯᠵᠢᠵᠤ ᠪᠠᠶᠢᠭ᠎ᠠ ᠠᠩᠭᠧᠰ ᠦᠬᠡᠷ ᠪᠣᠯᠣᠨ ᠰᠢᠮᠧᠨ᠋ᠲ᠋ᠠᠷ ᠦᠬᠡᠷ ᠤᠨ ᠲᠤᠭ᠎ᠠ ᠲᠤᠯᠤᠭᠠᠢ | ᠨᠡᠶᠢᠲᠡ 200 ᠭᠠᠷᠤᠢ ᠪᠣᠯᠵᠤ᠂ ᠵᠢᠯ ᠤᠨ ᠣᠷᠣᠯᠭ᠎ᠠ ᠨᠢ 50 ᠭᠠᠷᠤᠢ ᠲᠦᠮᠡᠨ ᠲᠥᠭᠦᠷᠢᠭ ᠲᠤ ᠬᠦᠷᠴᠡᠢ᠃ ︽ | ᠬᠤᠶᠢᠰᠢᠳᠠ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠰᠢᠨᠵᠢᠯᠡᠬᠦ ᠤᠬᠠᠭᠠᠨᠴᠢᠯᠠᠭᠰᠠᠨ | ᠂ ᠬᠡᠪᠴᠢᠶᠡᠵᠢᠭᠦᠯᠦᠭᠰᠡᠨ ᠮᠠᠯᠵᠢᠯ ᠤᠨ ᠠᠷᠭ᠎ᠠ ᠮᠠᠶ᠋ᠢᠭ ᠢᠶᠠᠷ ᠮᠠᠯ ᠰᠦᠷᠦᠭ ᠤᠨ ᠪᠦᠲᠦᠴᠡ ᠪᠠᠨ ᠤᠯᠠᠮ | ᠰᠢᠯᠢᠳᠡᠭᠵᠢᠬᠦᠯᠵᠦ᠂ ᠨᠡᠩ ᠣᠯᠠᠨ ᠲᠡᠵᠢᠭᠡᠨ ᠦᠷᠡᠵᠢᠭᠦᠯᠬᠦ ᠡᠷᠦᠬᠡ ᠶᠢ ᠳᠠᠭᠠᠭᠤᠯᠤᠨ ᠣᠷᠣᠯᠭ᠎ᠠ ᠪᠠᠨ ᠨᠡᠮᠡᠭᠳᠡᠬᠦᠯᠵᠦ | ᠪᠠᠶᠠᠵᠢᠨ ᠴᠢᠨᠡᠭᠡᠯᠢᠭᠵᠢᠬᠦ ᠶᠢ ᠰᠠᠨᠠᠨ᠎ᠠ︾ ᠭᠡᠵᠦ ᠵᠠᠩ ᠶᠢᠨ ᠬᠠᠢ ᠶᠠᠷᠢᠯ᠎ᠠ᠃ |