ᠾᠧᠢ ᠴᠢᠦᠢ ᠱᠠᠨ ᠲᠤᠰᠬᠤᠨ ᠤ ᠠᠷᠠᠳ ᠤᠨ ᠲᠥᠯᠥᠭᠡᠯᠡᠭᠴᠢ ᠶᠢᠨ ᠬᠠᠷᠢᠯᠴᠠᠬᠤ ᠦᠷᠲᠡᠭᠡ ᠰᠣᠩᠭᠤᠭᠤᠯᠢ ᠶᠢᠨ ᠠᠷᠠᠳ ᠢ ᠬᠦᠯᠢᠶᠡᠨ ᠠᠪᠬᠤ ᠠᠵᠢᠯᠯᠠᠭ᠎ᠠ ᠦᠷᠨᠢᠬᠦᠯᠦᠭᠰᠡᠨ
ᠨᠡᠶᠢᠲᠡᠯᠡᠭᠰᠡᠨ ᠴᠠᠭ᠄
2023/9/5
ᠠᠷᠠᠳ ᠤᠨ ᠲᠥᠯᠥᠭᠡᠯᠡᠭᠴᠢ ᠪᠣᠯᠣᠨ ᠰᠣᠩᠭᠤᠭᠤᠯᠢ ᠶᠢᠨ ᠠᠷᠠᠳ ᠤᠨ ᠬᠠᠷᠢᠯᠴᠠᠭ᠎ᠠ ᠶᠢ ᠴᠢᠩᠭᠠᠳᠬᠠᠵᠤ᠂ ᠰᠣᠩᠭᠤᠭᠤᠯᠢ ᠶᠢᠨ ᠠᠷᠠᠳ ᠤᠨ ᠬᠦᠰᠡᠯ ᠱᠠᠭᠠᠷᠳᠠᠯᠭ᠎ᠠ ᠶᠢ ᠰᠤᠨᠤᠰᠤᠨ᠂ ᠤᠯᠠᠨ ᠲᠦᠮᠡᠨ ᠤ ︽ᠪᠠᠴᠢᠮ ᠲᠤᠯᠭᠠᠮ᠎ᠠ ᠬᠦᠴᠢᠷ ᠵᠣᠪᠠᠭᠤᠷᠢ︾ ᠶᠢᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠷᠠᠳ ᠤᠨ ᠲᠥᠯᠥᠭᠡᠯᠡᠭᠴᠢ ᠶᠢᠨ ᠦᠢᠯᠡᠳᠦᠯ ᠢ ᠦᠨᠡᠨᠬᠦ ᠪᠠᠳᠠᠷᠠᠭᠤᠯᠬᠤ ᠶᠢᠨ ᠲᠥᠯᠥᠭᠡ᠂ 9 ᠰᠠᠷ᠎ᠠ ᠶᠢᠨ 4  ᠤ ᠡᠳᠦᠷ ᠯᠥᠸᠧ ᠲᠦᠸᠧ ᠱᠠᠨ ᠪᠠᠯᠭᠠᠰᠤᠨ ᠤ   ᠾᠸᠢ ᠴᠢᠦᠢ ᠱᠠᠨ ᠲᠤᠰᠬᠤᠨ ᠤ ︽ᠠᠷᠠᠳ ᠤᠨ  ᠲᠥᠯᠥᠭᠡᠯᠡᠭᠴᠢ ᠶᠢᠨ ᠬᠠᠷᠢᠯᠴᠠᠬᠤ ᠦᠷᠳᠡᠭᠡ︾  ᠨᠢ ᠰᠣᠩᠭᠤᠭᠤᠯᠢ ᠶᠢᠨ ᠠᠷᠠᠳ ᠢ ᠬᠦᠯᠢᠶᠡᠨ ᠠᠪᠬᠤ ᠠᠵᠢᠯᠯᠠᠭ᠎ᠠ ᠥᠷᠨᠢᠭᠦᠯᠪᠡ᠃ ᠰᠣᠩᠭᠤᠭᠤᠯᠢ ᠶᠢᠨ ᠠᠷᠠᠳ ᠪᠠ ᠠᠷᠠᠳ ᠤᠨ ᠲᠥᠯᠥᠭᠡᠯᠡᠭᠴᠢ ᠭᠤᠣᠯᠳᠠᠭᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠠᠵᠤ ᠦᠢᠯᠡᠰ ᠤᠨ ᠲᠦᠷᠦᠯ ᠵᠦᠢᠯ ᠤᠨ ᠪᠠᠶᠢᠭᠤᠯᠤᠯᠲᠠ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠵᠡᠷᠭᠡ ᠤᠯᠠᠨ ᠲᠦᠮᠡᠨ ᠤ ᠠᠩᠬᠠᠷᠴᠤ ᠪᠠᠶᠢᠭ᠎ᠠ  ᠴᠢᠬᠤᠯᠠ ᠠᠰᠠᠭᠤᠳᠠᠯ ᠤᠨ ᠲᠣᠭᠤᠷᠢᠨ ᠳᠤ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠯᠴᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠵᠦᠪᠯᠡᠨ᠂ ᠠᠰᠠᠭᠤᠳᠠᠯ ᠪᠠ ᠬᠦᠰᠡᠯ ᠱᠠᠭᠠᠷᠳᠠᠯᠭ᠎ᠠ  ᠪᠠᠨ ᠲᠤᠰᠬᠠᠵᠤ᠂ ᠰᠠᠨᠠᠯ ᠰᠠᠨᠠᠭᠤᠯᠭ᠎ᠠ ᠪᠠᠨ ᠲᠤᠷᠠᠳᠤᠭᠰᠠᠨ ᠪᠠᠶᠢᠨ᠎ᠠ᠃ ᠲᠥᠯᠥᠭᠡᠯᠡᠭᠴᠢᠳ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠬᠦᠯᠢᠴᠡᠩᠭᠦᠢ ᠪᠠᠷ ᠰᠣᠨᠣᠰᠤᠭᠰᠠᠨ ᠪᠥᠭᠡᠳ ᠨᠠᠷᠢᠨ  ᠨᠢᠮᠪᠠᠢ ᠲᠡᠮᠳᠡᠭᠯᠡᠯ ᠬᠢᠵᠦ᠂ ᠠᠰᠠᠭᠤᠳᠠᠯ ᠢ ᠰᠢᠢᠳᠪᠦᠷᠢᠯᠡᠬᠦ ᠰᠡᠳᠬᠢᠴᠡ ᠪᠠ ᠠᠷᠭ᠎ᠠ ᠶᠢ ᠤᠯᠠᠨ ᠲᠦᠮᠡᠨ ᠲᠠᠢ ᠶᠠᠷᠢᠯᠴᠠᠨ ᠵᠦᠪᠳᠡᠵᠡᠢ᠃  ᠲᠡᠭᠡᠳᠦ ᠱᠠᠳᠤ ᠪᠤᠶᠤ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠲᠤᠰᠢᠶᠠᠨ ᠰᠢᠢᠳᠪᠦᠷᠢᠯᠡᠭᠦᠯᠬᠦ ᠴᠢᠬᠤᠯᠠᠲᠠᠢ ᠠᠰᠠᠭᠤᠳᠠᠯ ᠢ  ᠠᠷᠠᠳ ᠤᠨ ᠲᠦᠯᠦᠭᠡᠯᠡᠭᠴᠢ ᠠᠴᠠ ᠰᠣᠩᠭᠤᠭᠤᠯᠢ ᠶᠢᠨ ᠠᠷᠠᠳ ᠲᠤ ᠬᠦᠯᠢᠴᠡᠩᠭᠦᠢ ᠪᠠᠷ ᠲᠠᠶᠢᠯᠪᠤᠷᠢᠯᠠᠨ ᠦᠭᠴᠦ᠂   ᠲᠦᠷᠭᠡᠨ ᠲᠤᠰᠬᠠᠵᠤ ᠱᠠᠭᠠᠷᠳᠠᠨ ᠰᠢᠢᠳᠪᠦᠷᠢᠯᠡᠬᠦᠯᠬᠦ ᠪᠠᠷ ᠠᠮᠠᠯᠳᠠᠭᠰᠠᠨ ᠪᠠᠶᠢᠨ᠎ᠠ᠃  ᠡᠨᠡ ᠬᠦ᠋ ᠠᠵᠢᠯᠯᠠᠭ᠎ᠠ ᠶᠢ ᠡᠷᠬᠢᠯᠡᠬᠦ ᠪᠠᠷ ᠲᠠᠮᠵᠢᠭᠠᠳ᠂ ᠠᠷᠠᠳ   ᠤᠨ ᠲᠦᠯᠦᠭᠡᠯᠡᠭᠴᠢ ᠪᠣᠯᠣᠨ ᠤᠯᠠᠨ ᠲᠦᠮᠡᠨ ᠤ ᠬᠤᠭᠤᠷᠣᠨᠳᠣᠬᠢ  ᠬᠠᠷᠢᠯᠴᠠᠭᠠᠨ ᠤ ᠠᠷᠭ᠎ᠠ ᠵᠠᠮ ᠢ ᠤᠯᠠᠮ ᠰᠠᠭᠠᠳ ᠦᠭᠡᠢ ᠨᠠᠪᠲᠠᠷᠡᠭᠦᠯᠵᠦ᠂ ᠵᠠᠰᠠᠭ ᠤᠨ ᠣᠷᠳᠣᠨ ᠪᠣᠯᠣᠨ ᠤᠯᠠᠨ ᠲᠦᠮᠡᠨ ᠤ ᠰᠡᠳᠬᠢᠯ ᠬᠤᠯᠪᠤᠬᠤ ᠬᠦᠬᠦᠷᠭᠡ ᠶᠢ ᠪᠦᠲᠦᠮᠵᠢᠲᠡᠶ ᠪᠠᠷ ᠴᠤᠭᠴᠠᠯᠠᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠬᠤ ᠬᠥᠮᠥᠨ ᠲᠠᠢ᠂ ᠰᠠᠨᠠᠯ ᠲᠤᠰᠬᠠᠯ ᠢ ᠤᠯᠠᠮᠵᠢᠯᠠᠬᠤ ᠬᠥᠮᠥᠨ ᠲᠠᠢ᠂ ᠬᠦᠴᠢᠷᠳᠡᠯ ᠵᠤᠪᠠᠨᠢᠯ ᠢ ᠬᠠᠪᠰᠤᠷᠬᠤ ᠬᠥᠮᠥᠨ ᠲᠠᠢ ᠪᠣᠯᠭᠠᠵᠤ᠂ ︽ᠠᠷᠠᠳ  ᠤᠨ ᠲᠥᠯᠥᠭᠡᠯᠡᠭᠴᠢ ᠶᠢ ᠠᠷᠠᠳ ᠲᠦᠮᠡᠨ ᠰᠣᠩᠭᠤᠬᠤ᠂  ᠠᠷᠠᠳ ᠤᠨ ᠲᠥᠯᠥᠭᠡᠯᠡᠭᠴᠢ ᠶᠢ ᠰᠠᠶᠢᠲᠤᠷ ᠰᠤᠩᠭᠤᠵᠤ ᠠᠷᠠᠳ ᠲᠦᠮᠡᠨ ᠳᠤ ᠦᠢᠯᠡᠴᠢᠯᠡᠬᠦᠯᠬᠦ︾ ᠵᠣᠷᠢᠯᠲᠠ ᠶᠢ ᠭᠦᠢᠴᠡᠳ ᠢᠯᠡᠷᠡᠭᠦᠯᠪᠡ᠃ ᠳᠠᠷᠠᠭᠠᠴᠢ ᠶᠢᠨ ᠠᠯᠬᠤᠮ ᠳᠤ᠂  ᠾᠸᠢ ᠴᠢᠦᠢ ᠱᠠᠨ ᠤ  ︽ᠠᠷᠠᠳ ᠤᠨ  ᠲᠦᠯᠦᠭᠡᠯᠡᠭᠴᠢ ᠶᠢᠨ ᠬᠠᠷᠢᠯᠴᠠᠬᠤ ᠦᠷᠳᠡᠭᠡ︾ ᠨᠢ ᠦᠷᠭᠦᠯᠵᠢᠯᠡᠨ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠠᠷᠠᠳ ᠤᠨ ᠠᠮᠢᠳᠤᠷᠠᠯ ᠳᠤ ᠣᠶᠢᠷᠠᠳᠴᠤ᠂ ᠠᠷᠠᠳ ᠤᠯᠠᠨ ᠤ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠪᠠᠷ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号