ᠶᠦᠩ ᠹᠧᠩ ᠪᠠᠯᠭᠠᠰᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/5
   ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ 9 ᠰᠠᠷ᠎ᠠ ᠶᠢᠨ 1  ᠤ ᠡᠳᠦᠷ ᠶᠦᠩ ᠹᠧᠩ ᠪᠠᠯᠭᠠᠰᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠳᠡᠳ᠋ ᠱᠦᠵᠢ᠂  ᠪᠠᠯᠭᠠᠰᠤᠨ ᠤ ᠺᠠᠳ᠋ᠷ ᠠᠵᠢᠯᠳᠠᠨ ᠬᠤᠷᠠᠯ ᠳᠤ ᠣᠷᠣᠯᠴᠠᠪᠠ᠃  ᠪᠤᠯᠪᠠᠰᠤᠷᠠᠯ ᠨᠢ ︽ᠦᠵᠡᠯ ᠤᠬᠠᠮᠰᠠᠷ ᠤᠨ ᠬᠡᠯᠪᠡᠷᠢ ᠵᠢᠴᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ︾᠂ ︽ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠠᠮᠠᠭᠠᠯᠠᠬᠤ ᠬᠦᠴᠦᠯᠡᠬᠦ ᠴᠡᠭ︾ ᠵᠡᠷᠭᠡ ᠳᠥᠷᠪᠡᠨ ᠬᠡᠰᠡᠭ ᠠᠴᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ  ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠠᠮᠠᠭᠠᠯᠠᠬᠤ ᠲᠤᠬᠠᠢ ᠪᠦᠬᠦ ᠲᠠᠯ᠎ᠠ ᠶᠢᠨ ᠰᠢᠰᠲ᠋ᠧᠮ ᠲᠠᠢ ᠲᠠᠶᠢᠯᠤᠮᠵᠢ ᠬᠢᠭᠰᠡᠨ ᠪᠦᠭᠡᠳ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠤᠯᠠᠮ ᠰᠠᠶᠢᠨ ᠬᠢᠵᠦ᠂  ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠲᠠᠢ ᠨᠢᠭᠲᠠ ᠤᠶᠠᠯᠳᠤᠭᠤᠯᠤᠨ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠤᠯᠠᠮ ᠲᠡᠭᠡᠭᠰᠢᠯᠡᠬᠦᠯᠦᠨ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠲᠠᠪᠤᠨ ᠶᠡᠭᠡ ᠡᠭᠦᠷᠭᠡ︾ ᠶᠢᠨ ᠲᠠᠰᠤᠷᠠᠯᠲᠠ ᠦᠭᠡᠢ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠭᠦᠰ ᠠᠮᠵᠢᠯᠲᠠ ᠲᠠᠢ ᠪᠡᠶᠡᠯᠡᠬᠦᠯᠦᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠪᠣᠳᠠᠲᠤ ᠠᠵᠢᠯᠯᠠᠭ᠎ᠠ ᠪᠠ ᠠᠵᠢᠯ ᠤᠨ ᠦᠷ᠎ᠡ ᠪᠦᠲᠦᠮᠵᠢ ᠳᠡᠭᠡᠷ᠎ᠡ ᠪᠠᠨ ᠦᠨᠡᠨᠬᠦ ᠢᠯᠡᠷᠡᠭᠦᠯᠬᠦ ᠬᠡᠷᠡᠭᠲᠡᠢ  ᠭᠡᠵᠦ ᠵᠢᠭᠠᠨ ᠭᠠᠷᠭᠠᠭᠰᠠᠨ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号