ᠦᠵᠡᠰᠬᠦᠯᠡᠩᠳᠦ ᠨᠤᠭᠤᠭᠠᠨ ᠬᠦᠨᠪᠤᠯᠠᠭ ᠤᠨ ᠲᠠᠯ᠎ᠠ ᠠᠴᠠ ᠡᠯᠪᠡᠭ ᠬᠤᠷᠢᠶᠠᠯᠲᠠ ᠶᠢᠨ ᠡᠭᠡᠰᠢᠭ ᠰᠢᠷᠤᠩᠬᠠᠶᠢᠯᠠᠨ᠎ᠠ
ᠨᠡᠶᠢᠲᠡᠯᠡᠭᠰᠡᠨ ᠴᠠᠭ᠄
2023/9/6
   ᠲᠠᠩᠰᠤᠭ ᠨᠠᠮᠤᠷ ᠤᠨ ᠶᠢᠰᠦᠨ ᠰᠠᠷ᠎ᠠ ᠪᠣᠯ ᠲᠠᠯ᠎ᠠ ᠨᠤᠲᠤᠭ ᠤᠨ ᠬᠠᠳᠤᠯᠠᠩ ᠤᠨ ᠴᠠᠭ ᠪᠤᠯᠤᠨ᠎ᠠ᠂ ᠡᠪᠡᠰᠦ ᠪᠣᠷᠳᠤᠭ᠎ᠠ ᠪᠠᠨ ᠭᠦᠢᠴᠡᠳ ᠨᠥᠭᠡᠴᠡᠯᠡᠬᠦ   ᠨᠢ ᠮᠠᠯ ᠠᠵᠤ ᠠᠬᠤᠢ ᠶᠢᠨ ᠲᠣᠭᠲᠠᠭᠤᠨ ᠬᠦᠭᠵᠢᠯᠳᠡ ᠶᠢ ᠪᠠᠲᠤᠯᠠᠬᠤ ᠵᠠᠩᠭᠢᠯᠠᠭ᠎ᠠ  ᠶᠤᠮ᠃ 8 ᠰᠠᠷ᠎ᠠ ᠶᠢᠨ ᠳᠤᠮᠳᠠᠴᠢ ᠠᠴᠠ ᠨᠠᠰᠢ᠂  ᠬᠦᠨᠪᠤᠯᠠᠭ ᠰᠤᠮᠤᠨ ᠤ ᠬᠢᠨ ᠬᠠᠳᠤᠯᠠᠩ ᠳᠠᠭᠠᠨ ᠭᠠᠷᠴᠤ᠂  ᠠᠳᠡᠬᠢ ᠮᠠᠯᠴᠢᠳ ᠡᠳᠦᠷ ᠤᠨ ᠰᠠᠶᠢᠬᠠᠨ ᠢ  ᠠᠮᠵᠢᠨ  ᠡᠪᠡᠰᠦ ᠬᠠᠳᠤᠬᠤ ᠠᠵᠢᠯ ᠢᠶᠠᠨ ᠦᠷᠨᠢᠬᠦᠯᠦᠭᠡᠳ ᠂ ᠬᠠᠳᠤᠯᠠᠩ ᠤᠨ ᠲᠠᠯᠠᠪᠠᠢ ᠳᠤ ᠬᠦᠳᠡᠯᠮᠦᠷᠢ ᠶᠢᠨ ᠲᠠᠭᠤᠨ ᠴᠤᠤᠷᠢᠶᠠᠳᠤᠨ᠎ᠠ  ᠃     ᠰᠤᠷᠪᠤᠯᠵᠢᠯᠠᠭᠴᠢ ᠮᠤᠳᠤᠨ ᠰᠦᠮ᠎ᠡ ᠭᠠᠴᠠᠭᠠᠨ ᠳᠤ ᠬᠦᠷᠬᠦ ᠳᠤ᠂ ᠬᠠᠳᠤᠯᠠᠩ ᠤᠨ ᠲᠠᠯᠠᠪᠠᠢ ᠳᠤ ᠠᠬᠢ ᠲᠠᠭᠠᠨ᠎ᠠ ᠶᠢᠨ ᠠᠩᠬᠢᠯᠤᠮ᠎ᠠ ᠦᠨᠦᠷ ᠬᠠᠩᠬᠤᠯᠵᠤ᠂  ᠬᠠᠳᠤᠵᠤ ᠬᠤᠷᠢᠶᠠᠬᠤ ᠮᠠᠰᠢᠨ ᠮᠧᠬᠠᠨᠢᠭ ᠨᠠᠰᠢ ᠴᠠᠰᠢ ᠵᠦᠷᠢᠯᠳᠦᠨ᠂  ᠤᠶᠢᠷᠠᠬᠠᠨ ᠪᠠᠭᠤᠭᠰᠠᠨ ᠲᠠᠩᠰᠠ ᠤᠳ ᠨᠢ ᠬᠠᠷᠠᠭ᠎ᠠ ᠪᠠᠶᠠᠰᠬᠠᠨ ᠵᠢᠭᠳᠡᠷᠡᠵᠦ᠂  ᠮᠠᠯᠴᠢᠨ ᠠᠷᠠᠳ ᠤᠨ ᠴᠢᠷᠠᠢ  ᠪᠠᠶᠠᠷ ᠪᠠᠭ᠋ᠠᠳᠤᠯ ᠢᠶᠠᠷ ᠪᠢᠯᠬᠠᠨ ᠪᠠᠶᠢᠯ᠎ᠠ  ᠃     ᠮᠣᠳᠣᠨ ᠰᠦᠮ᠎ᠡ ᠭᠠᠴᠠᠭᠠᠨ ᠤ ᠨᠠᠮ ᠤᠨ ᠡᠬᠦᠷ ᠤᠨ ᠱᠦᠵᠢ ᠴᠢᠯᠠᠭᠤᠪᠠᠭᠠᠲᠤᠷ᠄  ︽ᠡᠨᠡ ᠵᠢᠯ ᠤᠨ ᠡᠪᠡᠰᠦᠨ ᠤ ᠤᠨᠠᠯᠲᠠ ᠨᠡᠯᠢᠶᠡᠳ ᠰᠠᠶᠢᠨ᠂  ᠮᠠᠰᠢᠨᠴᠢᠯᠠᠯᠲᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠬᠦ ᠶᠢ ᠲᠠᠭᠠᠯᠳᠤᠭᠠᠳ᠂ ᠤᠳᠤ ᠡᠪᠡᠰᠦ  ᠬᠠᠳᠤᠵᠤ ᠬᠤᠷᠢᠶᠠᠬᠤ ᠨᠢ ᠮᠠᠰᠢ ᠳᠥᠭᠦᠮ ᠮᠦᠷᠳᠡᠭᠡᠨ ᠲᠦᠷᠭᠡᠨ ᠪᠤᠯᠵᠠᠢ᠂ ᠴᠠᠭ ᠬᠦᠴᠦᠨ ᠳᠤ ᠪᠦᠷ ᠠᠷᠪᠢᠲᠠᠢ᠂ ᠮᠠᠨ ᠤ ᠭᠠᠴᠠᠭ᠎ᠠ ᠨᠢ ᠣᠶᠢᠷ᠎ᠠ ᠶᠢᠨ ᠬᠡᠳᠦᠨ ᠵᠢᠯ ᠳᠤ ᠨᠢᠬᠡᠳᠦᠯᠳᠡᠢ ᠬᠠᠳᠤᠯᠠᠩ ᠳᠠᠭᠠᠨ ᠭᠠᠷᠴᠤ᠂ ᠬᠠᠮᠲᠤ ᠳᠠᠭᠠᠨ ᠬᠠᠳᠤᠵᠤ  ᠬᠤᠷᠢᠶᠠᠵᠤ ᠪᠠᠶᠢᠨ᠎ᠠ᠂  ᠡᠨᠡ ᠨᠢ ᠨᠢᠬᠡ ᠨᠢᠬᠡ ᠠᠶᠢᠯ  ᠡᠷᠦᠬᠡ ᠪᠠᠷ ᠢᠶᠠᠨ ᠬᠠᠳᠤᠵᠤ ᠬᠤᠷᠢᠶᠠᠬᠤ ᠶᠢ ᠪᠤᠳᠤᠪᠠᠯ ᠦᠷ᠎ᠡ ᠠᠰᠢᠭ ᠢᠶᠠᠷ ᠲᠤᠩ ᠰᠠᠶᠢᠨ᠂  ᠪᠠᠰᠠ ᠬᠥᠳᠡᠯᠮᠦᠷᠢ ᠬᠦᠴᠦ ᠦᠭᠡᠢ ᠮᠠᠯᠴᠢᠨ ᠡᠷᠦᠬᠡ ᠶᠢ ᠬᠠᠪᠰᠤᠷᠴᠤ  ᠰᠠᠨᠠᠭᠠᠰᠢᠷᠠᠵᠤ ᠵᠤᠪᠠᠵᠤ ᠪᠠᠶᠢᠭᠰᠠᠨ ᠬᠦᠴᠢᠷ ᠠᠰᠠᠭᠤᠳᠠᠯ ᠢ ᠨᠢ  ᠰᠢᠢᠳᠪᠦᠷᠢᠯᠡᠴᠢᠬᠡᠨ᠎ᠡ︾᠃      ᠣᠶᠢᠷ᠎ᠠ ᠶᠢᠨ ᠵᠢᠯ ᠳᠤ᠂ ᠮᠠᠯ ᠠᠵᠤ ᠠᠬᠤᠢ ᠶᠢᠨ ᠡᠷᠡᠭᠦᠯ ᠲᠣᠭᠲᠠᠭᠤᠨ ᠬᠦᠭᠵᠢᠯᠳᠡ ᠶᠢ ᠪᠠᠲᠤᠯᠠᠬᠤ ᠶᠢᠨ ᠲᠥᠯᠥᠭᠡ᠂  ᠲᠠᠶᠢᠹᠤᠰᠧ ᠬᠤᠰᠢᠭᠤᠨ ᠤ ᠬᠢᠨ ᠠᠯᠢ ᠣᠯᠠᠨ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠠᠪᠴᠤ᠂ ᠪᠠᠶᠢᠭᠠᠯᠢᠯᠢᠭ ᠬᠠᠳᠤᠯᠠᠩ ᠪᠡᠯᠴᠢᠭᠡᠷ ᠤᠨ ᠬᠠᠮᠠᠭᠠᠯᠠᠯᠳᠠ ᠶᠢᠨ ᠡᠷᠴᠢᠮ ᠢ ᠴᠢᠩᠭᠠᠷᠠᠭᠤᠯᠤᠨ᠂ ᠨᠤᠳᠤᠭ ᠪᠡᠯᠴᠢᠭᠡᠷ ᠤᠨ ᠲᠠᠷᠤᠭᠠᠰᠤ ᠶᠢ ᠬᠥᠩᠭᠡᠷᠡᠭᠦᠯᠵᠦ᠂  ᠠᠮᠢ ᠠᠬᠤᠢ ᠶᠢ ᠤᠯᠠᠮ ᠰᠠᠶᠢᠵᠢᠷᠠᠭᠤᠯᠤᠨ᠂  ᠤᠷᠭᠤᠮᠠᠯ ᠤᠨ ᠬᠤᠴᠢᠯᠭ᠎ᠠ ᠂ ᠡᠪᠡᠰᠦᠨ ᠤ ᠤᠨᠠᠯᠲᠠ  ᠶᠢ ᠪᠦᠷ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃  ᠮᠠᠯᠴᠢᠨ ᠲᠦᠮᠡᠨ ᠤ  ᠨᠤᠳᠤᠭ  ᠪᠡᠯᠴᠢᠭᠡᠷ ᠢᠶᠠᠨ ᠬᠠᠮᠢᠶᠠᠷᠴᠤ ᠬᠠᠮᠠᠭᠠᠯᠠᠬᠤ ᠦᠵᠡᠯ ᠤᠬᠠᠮᠰᠠᠷ ᠴᠤ ᠡᠳᠦᠷ ᠢᠷᠡᠬᠦᠶ᠎ᠡ ᠳᠡᠭᠡᠭᠰᠢᠯᠡᠵᠦ᠂  ᠤᠯᠠᠷᠢᠯ ᠤᠨ  ᠴᠢᠨᠠᠷᠳᠠᠢ ᠪᠡᠯᠴᠢᠭᠡᠷ ᠰᠡᠷᠬᠦᠬᠡᠬᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂  ᠱᠠᠭᠠᠷᠳᠠᠯᠭ᠎ᠠ ᠪᠠᠷᠢᠮᠵᠢᠶ᠎ᠠ ᠲᠠᠢ ᠬᠠᠳᠤᠵᠤ ᠬᠤᠷᠢᠶᠠᠬᠤ ᠳᠦᠷᠢᠮ ᠲᠤᠭᠳᠠᠭᠠᠯ ᠢ ᠤᠬᠠᠮᠰᠠᠷ ᠠᠴᠠ ᠪᠠᠨ ᠬᠡᠷᠡᠭᠵᠢᠭᠦᠯᠵᠦ᠂ ᠨᠤᠳᠤᠭ ᠪᠡᠯᠴᠢᠭᠡᠷ ᠢᠶᠠᠨ ᠰᠢᠨᠵᠢᠯᠡᠬᠦ ᠤᠬᠠᠭᠠᠨᠴᠢ ᠪᠦᠭᠡᠳ ᠵᠦᠢ ᠵᠣᠬᠢᠰᠲᠠᠢ ᠪᠠᠷ ᠠᠰᠢᠭᠯᠠᠵᠤ ᠢᠷᠡᠭᠰᠡᠨ ᠪᠠᠶᠢᠨ᠎ᠠ᠃      ᠰᠢᠨᠠᠪᠤᠯᠠᠭ ᠭᠠᠴᠠᠭᠠᠨ ᠤ ᠨᠠᠮ ᠤᠨ ᠡᠬᠦᠷ ᠤᠨ ᠱᠦᠵᠢ ᠪᠤᠶᠠᠨᠲᠤ᠄  ︽2020 ᠣᠨ ᠠᠴᠠ ᠡᠬᠢᠯᠡᠭᠡᠳ ᠳᠡᠭᠡᠳᠦ ᠱᠠᠲᠤᠨ ᠤ ᠰᠠᠯᠠᠭ᠎ᠠ ᠮᠥᠴᠢᠷ ᠪᠣᠯᠣᠨ ᠭᠠᠴᠠᠭᠠᠨ ᠤ ᠪᠦᠬᠦ ᠮᠠᠯᠴᠢᠳ ᠤᠨ ᠳᠡᠮᠵᠢᠯᠭᠡ ᠳᠣᠣᠷ᠎ᠠ᠂ ᠪᠢᠳᠡ ᠨᠢᠭᠡ ᠬᠡᠰᠡᠭ  ᠨᠤᠳᠤᠭ ᠪᠡᠯᠴᠢᠭᠡᠷ ᠢᠶᠠᠨ ᠬᠦᠷᠢᠶᠡᠯᠡᠵᠦ᠂ ᠬᠠᠳᠤᠯᠠᠩ ᠤᠨ ᠴᠠᠭ ᠲᠤ ᠮᠠᠯ ᠢᠶᠠᠨ ᠪᠡᠯᠴᠢᠬᠡᠬᠦ ᠲᠤᠰᠬᠠᠢ ᠲᠠᠯᠠᠪᠠᠢ ᠪᠤᠯᠭᠠᠵᠠᠢ᠂  ᠬᠠᠳᠤᠯᠠᠩ ᠤᠨ ᠴᠠᠭ ᠪᠤᠯᠬᠤ ᠳᠤ ᠮᠠᠯᠴᠢᠳ ᠡᠨᠡ ᠭᠡᠰᠡᠭ ᠪᠡᠯᠴᠢᠭᠡᠷ ᠲᠤ ᠮᠠᠯ ᠢᠶᠠᠨ ᠤᠷᠤᠭᠤᠯᠵᠤ  ᠡᠬᠡᠯᠵᠢ ᠪᠠᠷ ᠬᠠᠷᠠᠵᠤ ᠬᠠᠷᠢᠭᠤᠯᠤᠨ᠎ᠠ᠂  ᠡᠨᠡ   ᠨᠢ  ᠬᠠᠳᠤᠯᠠᠩ ᠤᠨ  ᠬᠤᠭᠤᠴᠠᠭᠠᠨ ᠳᠠᠬᠢ ᠮᠠᠯᠴᠢᠳ ᠤᠨ ᠠᠵᠢᠯ ᠤᠨ ᠳᠠᠷᠤᠭᠠᠰᠤ ᠶᠢ ᠬᠥᠩᠭᠡᠯᠡᠬᠦ ᠪᠠᠷ ᠪᠠᠷᠠᠬᠤ ᠦᠭᠡᠢ᠂ ᠮᠠᠯ ᠰᠦᠷᠦᠭ ᠤᠨ ︽ᠨᠠᠮᠤᠷ ᠤᠨ ᠲᠠᠷᠭᠤ︾ ᠠᠪᠬᠤ ᠳᠤ  ᠮᠠᠰᠢ ᠠᠰᠢᠭᠲᠠᠢ ᠪᠠᠶᠢᠳᠠᠭ︾  ᠃       ᠤᠳᠤᠬᠠᠨ ᠬᠦᠨᠪᠤᠯᠠᠭ ᠰᠤᠮᠤᠨ ᠤ ᠬᠠᠳᠤᠯᠠᠩ ᠤᠨ ᠠᠵᠢᠯ ᠨᠢᠭᠡᠨᠲᠡ ᠪᠦᠬᠦ ᠲᠠᠯ᠎ᠠ ᠪᠠᠷ ᠥᠷᠨᠢᠵᠦ ᠡᠬᠢᠯᠡᠵᠡᠢ᠂ ᠪᠦᠬᠦ ᠰᠤᠮᠤᠨ ᠤ ᠬᠠᠳᠤᠯᠠᠩ ᠤᠨ ᠲᠠᠯᠠᠪᠠᠢ 28 ᠲᠦᠮᠡᠨ ᠮᠦ ᠳᠤ ᠬᠦᠷᠴᠦ᠂ ᠡᠪᠡᠰᠦ ᠬᠠᠳᠤᠵᠤ  ᠬᠤᠷᠢᠶᠠᠬᠤ ᠪᠦᠬᠦᠶᠢᠯᠡ ᠠᠵᠢᠯ 9 ᠰᠠᠷ᠎ᠠ ᠶᠢᠨ ᠳᠤᠮᠳᠠ ᠰᠡᠭᠦᠯᠴᠢ ᠪᠣᠯᠲᠠᠯ᠎ᠠ ᠦᠷᠭᠦᠯᠵᠢᠯᠡᠬᠦ  ᠶᠤᠮ ᠪᠠᠶᠢᠨ᠎ᠠ  ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号