ᠠᠷᠠᠳ ᠤᠨ ᠴᠠᠭᠳᠠᠭ᠎ᠠ ᠶᠢᠨ ᠬᠠᠯᠠᠭᠤᠮᠰᠠᠭ ᠦᠢᠯᠡᠴᠢᠯᠡᠭᠡ ᠤᠯᠠᠨ ᠲᠦᠮᠡᠨ ᠤ ᠰᠡᠳᠬᠢᠯ  ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/9/6
   ︽ᠨᠠᠮᠤᠷ ᠤᠨ ᠬᠤᠷᠢᠶᠠᠯᠲᠠ ᠶᠢ ᠬᠠᠮᠠᠭᠠᠯᠠᠵᠤ ᠨᠠᠮᠤᠷ ᠤᠨ ᠬᠤᠷᠢᠶᠠᠯᠲᠠ ᠶᠢ ᠪᠠᠲᠤᠯᠠᠬᠤ︾ ᠡᠯ᠎ᠡ ᠲᠦᠷᠦᠯ ᠤᠨ ᠠᠵᠢᠯ ᠢ ᠦᠨᠡᠨᠬᠦ ᠰᠠᠶᠢᠨ ᠬᠢᠬᠦ ᠶᠢᠨ ᠲᠥᠯᠥᠭᠡ᠂ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ   ᠨᠢ ᠤᠶᠢᠷ᠎ᠠ ᠳᠤ ᠴᠠᠭᠳᠠᠭᠠᠨ ᠤ ᠬᠦᠴᠦᠨ ᠢᠶᠠᠨ ᠵᠣᠬᠢᠶᠠᠨ ᠪᠠᠶᠢᠭᠤᠯᠵᠤ ᠲᠠᠷᠢᠶᠠᠨ ᠭᠠᠵᠠᠷ ᠲᠤ ᠭᠦᠨᠵᠡᠭᠡᠶᠢᠷᠡᠨ᠂ ᠲᠠᠷᠢᠶᠠᠯᠠᠩ ᠳᠤ ᠬᠤᠯᠪᠣᠭᠳᠠᠬᠤ ᠠᠮᠤᠷ ᠲᠦᠪᠰᠢᠨ᠂ ᠮᠡᠬᠡᠯᠡᠯ ᠢ ᠡᠰᠡᠷᠭᠦᠴᠡᠬᠦ᠂ ᠠᠮᠤᠷ ᠢ ᠬᠠᠮᠠᠭᠠᠯᠠᠬᠤ ᠤᠬᠠᠭᠤᠯᠭ᠎ᠠ ᠶᠢ ᠥᠷᠨᠢᠭᠦᠯᠬᠦ ᠶᠢᠨ ᠬᠠᠮᠲᠤ᠂ ᠲᠠᠷᠢᠶᠠᠴᠢᠨ ᠡᠷᠦᠬᠡ ᠶᠢᠨ ᠨᠠᠮᠤᠷ ᠤᠨ ᠬᠤᠷᠢᠶᠠᠯᠲᠠ ᠶᠢᠨ ᠠᠵᠢᠯ ᠳᠤᠨᠢ  ᠬᠠᠪᠰᠤᠷᠤᠯᠭ᠎ᠠ ᠪᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠬᠡᠵᠢᠬᠦᠯᠦᠨ᠂  ᠨᠠᠮᠤᠷ ᠤᠨ ᠦᠢᠯᠡᠳᠪᠦᠷᠢᠯᠡᠯ ᠢ ᠬᠠᠮᠠᠭᠠᠯᠠᠵᠤ  ᠪᠠᠶᠢᠨ᠎ᠠ᠃ ᠰᠤᠷᠪᠤᠯᠵᠢᠯᠠᠭᠴᠢ ᠶᠦᠩ ᠹᠧᠩ ᠪᠠᠯᠭᠠᠰᠤᠨ ᠤ ᠰᠠᠨ ᠴᠠ ᠺᠧᠦ ᠲᠣᠰᠬᠤᠨ ᠳᠤ  ᠬᠦᠷᠬᠦ ᠳᠤ᠂  ᠠᠷᠠᠳ ᠤᠨ ᠴᠠᠭᠳᠠᠭ᠎ᠠ ᠨᠠᠷ  ᠠᠮᠤ ᠪᠤᠳᠠᠭ᠎ᠠ ᠪᠠᠨ ᠲᠡᠯᠬᠡᠨ ᠬᠠᠳᠠᠭᠠᠵᠤ ᠪᠠᠶᠢᠭ᠎ᠠ ᠲᠣᠰᠬᠤᠨ ᠤ ᠠᠷᠠᠳ ᠢ ᠬᠠᠪᠰᠤᠷᠤᠨ᠂ ᠬᠦᠷᠵᠡ ᠠᠳᠬᠤᠨ ᠱᠦᠭᠦᠷ ᠪᠠᠷᠢᠭᠠᠳ ᠬᠥᠷ ᠬᠥᠭᠵᠢᠶᠡᠨ ᠲᠠᠢ ᠶᠠᠭᠠᠷᠠᠯᠳᠤᠵᠤ ᠪᠠᠶᠢᠯ᠎ᠠ᠃       ︽ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯᠣᠨ ᠶᠦᠩ ᠹᠧᠩ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ  ᠴᠠᠭᠳᠠᠭ᠎ᠠ ᠨᠠᠷ ᠲᠠᠷᠢᠶᠠᠨ ᠠᠵᠢᠯ ᠤᠨ ᠶᠠᠭᠠᠷᠠᠤ ᠴᠠᠭ ᠲᠤ ᠬᠦᠷᠦᠯᠴᠡᠨ ᠢᠷᠡᠵᠦ ᠪᠢᠳᠡᠨ ᠳᠤ ᠲᠤᠰᠠ ᠪᠤᠯᠤᠭᠰᠠᠨ ᠳᠤ  ᠦᠨᠡᠭᠡᠷ ᠲᠠᠯᠠᠷᠬᠠᠵᠤ ᠪᠠᠶᠢᠨ᠎ᠠ  ︾ ᠬᠡᠵᠦ ᠰᠠᠨ ᠴᠠ ᠺᠧᠦ ᠲᠣᠰᠬᠤᠨ ᠤ ᠲᠠᠷᠢᠶᠠᠴᠢᠨ ᠵᠧᠩ ᠢᠦᠢ ᠰᠢᠤᠸᠠᠨ ᠰᠡᠳᠬᠢᠯ ᠲᠤᠭᠳᠤᠯᠤᠨ ᠶᠠᠷᠢᠨ᠎ᠠ᠃     ᠠᠷᠠᠳ ᠤᠨ ᠴᠠᠭᠳᠠᠭ᠎ᠠ ᠨᠠᠷ ᠪᠠᠰᠠ ᠲᠠᠷᠢᠶᠠᠴᠢᠳ ᠤᠨ ᠠᠮᠠᠷᠠᠯᠲᠠ ᠶᠢᠨ ᠴᠠᠭ ᠢ ᠠᠰᠢᠭᠯᠠᠨ ᠲᠠᠷᠢᠶᠠᠨ ᠭᠠᠵᠠᠷ ᠲᠤ ᠭᠦᠨᠵᠡᠭᠡᠶᠢᠷᠡᠵᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂  ᠶᠠᠷᠢᠶ᠎ᠠ ᠵᠣᠭᠤᠭ ᠳᠡᠯᠭᠡᠬᠦ ᠵᠡᠷᠭᠡ ᠬᠡᠯᠪᠡᠷᠢ ᠪᠠᠷ  ᠬᠤᠯᠪᠤᠭ᠎ᠠ ᠰᠦᠯᠵᠢᠶᠡᠨ ᠤ ᠮᠡᠬᠡᠯᠡᠯ  ᠂ ᠰᠣᠭᠲᠣᠭᠤ ᠪᠠᠷ ᠲᠡᠷᠭᠡ ᠵᠢᠯᠤᠭᠤᠳᠬᠤ᠂ ᠲᠡᠷᠭᠡ ᠬᠦᠰᠭᠡ ᠶᠢ ᠲᠤᠷ᠎ᠠ ᠪᠠᠷ ᠢᠶᠠᠨ ᠭᠡᠷᠡᠭᠯᠡᠬᠦ᠂  ᠭᠡᠭᠡᠷ᠎ᠡ ᠭᠠᠳᠠᠨ᠎ᠠ ᠭᠠᠯ ᠨᠤᠴᠤᠭᠠᠬᠤ ᠵᠡᠷᠭᠡ ᠬᠠᠤᠯᠢ ᠪᠤᠰᠤ ᠦᠢᠯᠡ ᠠᠵᠢᠯᠯᠠᠭ᠎ᠠ ᠶᠢᠨ ᠬᠤᠣᠷ ᠬᠥᠨᠥᠭᠡᠯᠳᠦ ᠴᠢᠨᠠᠷ ᠢ ᠲᠦᠬᠦᠮ ᠣᠶᠢᠯᠠᠭᠠᠮᠵᠢᠲᠠᠢ ᠦᠭᠡ ᠭᠡᠯᠡᠯᠭᠡ ᠪᠠᠷ  ᠲᠠᠷᠢᠶᠠᠴᠢᠳ ᠲᠤ ᠲᠠᠶᠢᠯᠪᠤᠷᠢᠯᠠᠵᠤ᠂  ᠤᠯᠠᠨ ᠲᠦᠮᠡᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠲᠡᠭᠡᠭᠰᠢᠯᠡᠬᠦᠯᠦᠨ᠂ ᠥᠪᠡᠷ ᠤᠨ ᠡᠳ᠋ ᠬᠥᠷᠥᠩᠭᠡ ᠪᠠᠨ ᠬᠠᠮᠠᠭᠠᠯᠠᠬᠤ ᠪᠠ ᠬᠠᠤᠯᠢ ᠲᠦᠷᠢᠮ ᠤᠨ ᠲᠠᠭᠠᠤ ᠦᠢᠯᠡᠳᠪᠦᠷᠢᠯᠡᠯ ᠤᠨ ᠠᠵᠢᠯᠯᠠᠭ᠎ᠠ ᠳᠤ ᠤᠷᠤᠯᠴᠠᠵᠤ ᠪᠠᠶᠢᠬᠤ ᠶᠢ ᠠᠩᠬᠠᠷᠤᠭᠤᠯᠤᠨ ᠰᠠᠨᠠᠭᠤᠯᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号