ᠲᠠᠶᠢᠹᠤᠰᠧ ᠬᠤᠰᠢᠭᠤᠨ ᠤ 2024 ᠣᠨ ᠤ ᠬᠤᠲᠠ ᠬᠥᠳᠡᠭᠡ  ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ  ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠲᠦᠷᠦ ᠶᠢᠨ ᠪᠤᠳᠤᠯᠭ᠎ᠠ ᠶᠢᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2023/9/6
   ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠡᠳᠦᠭᠡ 2024 ᠣᠨ ᠤ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠲᠤᠬᠠᠢ ᠬᠠᠮᠢᠶ᠎ᠠ ᠪᠦᠬᠦ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄      ᠨᠢᠬᠡ᠂  ᠬᠠᠮᠤᠷᠬᠤ ᠬᠡᠪᠴᠢᠶ᠎ᠡ     ᠮᠠᠨ ᠤ ᠬᠤᠰᠢᠭᠤᠨ ᠤ ᠵᠠᠰᠠᠭ ᠵᠠᠬᠢᠷᠭᠠᠨ ᠤ ᠣᠷᠣᠨ ᠳᠠᠬᠢ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠣᠷᠣᠯᠴᠠᠬᠤ ᠬᠡᠪᠴᠢᠶᠡᠨ ᠳᠤ ᠪᠠᠭᠲᠠᠬᠤ ᠦᠭᠡᠢ ᠬᠤᠲᠠ ᠬᠥᠳᠡᠭᠡ ᠶᠢᠨ ᠰᠠᠭᠤᠭᠠᠯᠢ ᠠᠷᠠᠳ᠂  ᠡᠬᠦᠨ ᠳᠤ ᠬᠤᠲᠠ ᠪᠠᠯᠭᠠᠰᠤᠨ ᠤ ᠠᠵᠢᠯ ᠦᠭᠡᠢ ᠰᠠᠭᠤᠭᠠᠯᠢ ᠠᠷᠠᠳ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ᠂ ᠡᠯ᠎ᠡ ᠲᠥᠷᠥᠯ ᠤᠨ ᠰᠤᠷᠭᠠᠭᠤᠯᠢ ᠳᠤ ᠪᠠᠶᠢᠭ᠎ᠠ ᠰᠣᠷᠣᠭᠴᠢ᠂ ᠰᠤᠷᠬᠤ ᠨᠠᠰᠤᠨ   ᠠᠴᠠ ᠡᠮᠦᠨᠡᠬᠢ ᠬᠡᠦᠬᠡᠳ ᠵᠢᠴᠢ ᠤᠯᠤᠰ ᠣᠷᠣᠨ ᠠᠴᠠ ᠲᠣᠭᠲᠠᠭᠠᠭᠰᠠᠨ ᠪᠤᠰᠤᠳ ᠬᠥᠮᠥᠰ  ᠪᠠᠭᠳᠠᠨ᠎ᠠ᠂  ᠡᠷᠦᠬᠡ ᠠᠮᠠ ᠶᠢᠨ ᠲᠠᠩᠰᠠ ᠪᠠᠷ ᠬᠢᠵᠠᠭᠠᠷᠯᠠᠬᠤ ᠦᠭᠡᠢ᠃      ᠬᠤᠶᠠᠷ᠂ ᠰᠦᠢᠳᠭᠡᠯ ᠲᠤᠰᠢᠶᠠᠬᠤ ᠪᠠᠷᠢᠮᠵᠢᠶ᠎ᠠ     2024 ᠣᠨ ᠤ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ ᠬᠥᠮᠥᠨ ᠪᠦᠷᠢ ᠶᠢᠨ 400 ᠲᠥᠭᠦᠷᠢᠭ᠃  ᠳᠠᠭᠠᠳᠬᠠᠯ ᠳᠤ  ᠤᠷᠤᠯᠴᠠᠬᠤ ᠶᠠᠳᠠᠭᠤ ᠬᠦᠴᠢᠷᠳᠡᠯᠲᠡᠢ ᠣᠯᠠᠨ ᠲᠦᠮᠡᠨ ᠤ ᠬᠤᠪᠢ ᠬᠥᠮᠥᠨ ᠤ ᠲᠤᠰᠢᠶᠠᠬᠤ ᠰᠦᠢᠳᠬᠡᠯ ᠳᠤ ᠦᠷᠭᠦᠯᠵᠢᠯᠡᠨ ᠡᠮ ᠡᠮᠨᠡᠯᠭᠡ ᠶᠢᠨ ᠠᠪᠤᠷᠠᠨ ᠲᠤᠰᠠᠯᠠᠬᠤ ᠪᠡᠯᠡ ᠮᠥᠩᠭᠦ ᠪᠠᠷ ᠲᠥᠷᠥᠯ   ᠬᠤᠪᠢᠶᠠᠵᠤ ᠨᠦᠬᠦᠪᠦᠷᠢ ᠤᠯᠭᠤᠨ᠎ᠠ᠃ ᠣᠨᠴᠠ ᠬᠦᠴᠢᠷᠳᠡᠯᠲᠡᠢ ᠬᠥᠮᠥᠰ᠂ ᠥᠨᠥᠴᠢᠨ ᠬᠡᠦᠬᠡᠳ ᠪᠠ ᠦᠨᠡᠨᠬᠦ  ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠪᠠᠭᠠᠴᠤᠳ ᠤᠨ ᠬᠤᠪᠢ ᠬᠥᠮᠥᠨ ᠤ ᠲᠤᠰᠢᠶᠠᠬᠤ ᠪᠦᠬᠦᠶᠢᠯᠡ ᠰᠦᠢᠳᠬᠡᠯ ᠳᠤ ᠨᠦᠬᠦᠪᠦᠷᠢ ᠤᠯᠭᠤᠨ᠎ᠠ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠤᠷᠤᠭᠰᠠᠳ᠂ ᠳᠠᠬᠢᠨ ᠶᠠᠳᠠᠭᠤᠷᠠᠭᠰᠠᠨ ᠬᠥᠮᠥᠨ ᠠᠮᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠬᠢᠨᠠᠨ ᠬᠡᠮᠵᠢᠬᠦ ᠬᠦᠷᠢᠶ᠎ᠡ ᠬᠡᠪᠴᠢᠶᠡᠨ ᠳᠤ  ᠪᠠᠶᠢᠭ᠎ᠠ ᠶᠠᠳᠠᠭᠤ   ᠠᠴᠠ ᠠᠩᠭᠢᠵᠢᠷᠠᠭᠰᠠᠨ ᠪᠤᠯᠪᠠᠴᠤ  ᠠᠮᠢᠳᠤᠷᠠᠯ ᠨᠢ ᠲᠣᠭᠲᠠᠭᠤᠨ ᠪᠤᠰᠤ ᠬᠥᠮᠥᠰ᠂  ᠶᠠᠳᠠᠭᠤᠷᠠᠬᠤ ᠪᠤᠯᠤᠮᠵᠢ ᠲᠠᠢ ᠬᠥᠮᠥᠰ ᠪᠠ  ᠬᠦᠨᠳᠦ ᠬᠦᠴᠢᠷᠳᠡᠯ ᠭᠡᠨᠡᠳᠲᠡ ᠲᠤᠯᠭᠠᠷᠠᠭᠰᠠᠨ ᠡᠷᠦᠬᠡ ᠶᠢᠨ ᠬᠤᠪᠢ ᠬᠥᠮᠥᠨ ᠤ ᠲᠤᠰᠢᠶᠠᠬᠤ ᠰᠦᠢᠳᠬᠡᠯ ᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢᠨ 50% ᠶᠢᠨ ᠬᠠᠷᠢᠴᠠᠯ ᠢᠶᠠᠷ ᠲᠣᠭᠲᠠᠭᠰᠠᠨ ᠬᠡᠮᠵᠢᠶ᠎ᠡ ᠲᠠᠢ ᠨᠦᠬᠦᠪᠦᠷᠢ ᠤᠯᠭᠤᠨ᠎ᠠ᠂ ᠲᠤᠰᠠᠯᠠᠬᠤ ᠪᠠᠷᠢᠮᠵᠢᠶ᠎ᠠ ᠨᠢ 200 ᠲᠥᠭᠦᠷᠢᠭ  ᠃ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ ᠶᠢ ᠬᠢᠨᠠᠨ ᠬᠡᠮᠵᠢᠬᠦ ᠬᠡᠪᠴᠢᠶᠡᠨ ᠳᠤ  ᠣᠷᠤᠭᠰᠠᠨ ᠦᠬᠡᠢ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠨᠢ ᠨᠦᠬᠦᠪᠦᠷᠢ ᠤᠯᠭᠤᠬᠤ ᠲᠥᠷᠥ ᠶᠢᠨ ᠪᠣᠳᠣᠯᠭ᠎ᠠ ᠶᠢ ᠳᠠᠭᠢᠵᠤ ᠬᠦᠷᠲᠡᠬᠦ ᠦᠭᠡᠢ᠂ ᠲᠤᠬᠠᠢ ᠶᠢᠨ ᠭᠠᠵᠠᠷ ᠤᠨ ᠡᠳ᠋ ᠤᠨ ᠵᠠᠰᠠᠭ   ᠠᠴᠠ ᠬᠥᠮᠥᠨ ᠪᠦᠷᠢ ᠳᠤ 200 ᠲᠥᠭᠦᠷᠢᠭ ᠠᠴᠠ ᠳᠣᠣᠷ᠎ᠠ ᠦᠭᠡᠢ ᠪᠠᠷᠢᠮᠵᠢᠶ᠎ᠠ ᠪᠠᠷ ᠲᠣᠭᠲᠠᠭᠰᠠᠨ ᠬᠡᠮᠵᠢᠶᠡᠨ ᠤ ᠲᠤᠰᠠᠯᠠᠮᠵᠢ ᠣᠯᠭᠤᠨ᠎ᠠ᠃      ᠭᠤᠷᠪᠠ᠂  ᠰᠦᠳᠭᠡᠯ ᠲᠤᠰᠢᠶᠠᠬᠤ ᠬᠤᠭᠤᠴᠠᠭ᠎ᠠ ᠪᠠ ᠣᠯᠭᠤᠮᠵᠢ ᠡᠳ᠋ᠯᠡᠬᠦ ᠬᠤᠭᠤᠴᠠᠭ᠎ᠠ     2024 ᠣᠨ ᠤ ᠰᠦᠢᠳᠬᠡᠯ ᠲᠤᠰᠢᠶᠠᠬᠤ ᠬᠤᠭᠤᠴᠠᠭ᠎ᠠ ᠨᠢ 2023 ᠣᠨ ᠤ 9 ᠰᠠᠷ᠎ᠠ ᠶᠢᠨ 1 ᠤ ᠡᠳᠦᠷ ᠠᠴᠠ 2024 ᠣᠨ ᠤ 3 ᠰᠠᠷ᠎ᠠ ᠶᠢᠨ 31 ᠤ ᠡᠳᠦᠷ ᠪᠣᠯᠲᠠᠯ᠎ᠠ᠃  ᠲᠠᠭᠠᠳᠬᠠᠯ ᠤᠨ ᠤᠯᠭᠤᠮᠵᠢ ᠪᠠᠨ ᠡᠳ᠋ᠯᠡᠬᠦ ᠬᠤᠭᠤᠴᠠᠭ᠎ᠠ ᠨᠢ 2024 ᠣᠨ ᠤ 1 ᠰᠠᠷ᠎ᠠ ᠶᠢᠨ 1 ᠤ ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ  ᠃       ᠲᠦᠷᠪᠡ᠂  ᠰᠦᠢᠳᠭᠡᠯ ᠲᠤᠰᠢᠶᠠᠬᠤ ᠠᠷᠭ᠎ᠠ     ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠠᠴᠠ ᠬᠠᠷᠢᠭᠤᠴᠠᠵᠤ ᠬᠤᠷᠢᠶᠠᠨ᠎ᠠ᠃ ᠰᠦᠢᠳᠬᠡᠯ ᠲᠤᠰᠢᠶᠠᠬᠤ  ᠬᠦᠮᠦᠰ  ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠰᠦᠯᠵᠢᠶᠡᠨ ᠲᠡᠭᠡᠷᠡᠬᠢ ᠤᠶᠤᠨᠴᠢᠯᠠᠭᠰᠠᠨ ᠠᠷᠭ᠎ᠠ ᠵᠠᠮ ᠪᠠ ᠰᠦᠯᠵᠢᠶᠡᠨ ᠭᠠᠳᠠᠨᠠᠬᠢ ᠤᠯᠠᠮᠵᠢᠯᠠᠯᠲᠤ ᠠᠷᠭ᠎ᠠ ᠵᠠᠮ ᠢ ᠭᠡᠷᠡᠭᠯᠡᠵᠦ ᠰᠦᠢᠳᠬᠡᠯ ᠢᠶᠠᠨ  ᠲᠤᠰᠢᠶᠠᠨ᠎ᠠ᠃     ︵ᠨᠢᠭᠡ︶ ᠰᠦᠯᠵᠢᠶᠡᠨ ᠳᠡᠭᠡᠷ᠎ᠡ ᠲᠤᠰᠢᠶᠠᠬᠤ᠄ ᠳᠠᠭᠠᠳᠬᠠᠯ ᠳᠤ ᠣᠷᠣᠭᠰᠠᠳ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾  ᠸᠢᠴᠠᠲ ᠲᠠᠪᠴᠠᠩ ᠢᠶᠠᠷ ᠰᠦᠢᠳᠬᠡᠯ ᠲᠤᠰᠢᠶᠠᠵᠤ ᠪᠣᠯᠣᠨ᠎ᠠ᠃  ︽ᠬᠤᠲᠠ ᠶᠢᠨ ᠦᠢᠯᠡᠴᠢᠯᠡᠭᠡ︾ ᠸᠢᠴᠠᠲ ᠲᠠᠪᠴᠠᠩ ᠳᠤ ᠣᠷᠣᠵᠤ᠂  ᠠᠵᠢᠯ ᠶᠠᠪᠤᠳᠠᠯ ᠬᠦᠢᠴᠡᠳᠭᠡᠬᠦ ᠲᠢᠩᠬᠢᠮ ᠤᠨ ︽ᠥᠪᠥᠷ ᠮᠣᠩᠭᠤᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾  ᠪᠤᠯᠤᠩ ᠢᠶᠠᠷ ᠳᠠᠮᠵᠢᠨ  ᠰᠦᠢᠳᠬᠡᠯ ᠲᠤᠰᠢᠶᠠᠵᠤ ᠪᠣᠯᠣᠨ᠎ᠠ  ᠃  ᠪᠠᠰᠠ ᠭᠠᠷ ᠤᠳᠠᠰᠤᠨ ᠤ ︽ᠮᠦᠩᠭᠡ ᠰᠤᠪᠠᠭ︾  ᠲᠠᠪᠴᠠᠩ ᠤᠨ ᠲᠤᠳᠤᠷᠠᠬᠢ ︽ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠦᠢᠯᠡᠴᠢᠯᠡᠭᠡ ᠪᠠᠷ ᠳᠠᠮᠵᠢᠨ ᠰᠦᠢᠳᠬᠡᠯ ᠲᠤᠰᠢᠶᠠᠵᠤ ᠪᠣᠯᠣᠨ᠎ᠠ᠃ ︽ᠲᠣᠭᠠᠴᠠᠭ᠎ᠠ ᠡᠷᠳᠡᠨᠢ︾  ︵支付宝︶  ᠲᠤᠳᠤᠷᠠᠬᠢ ︽ᠬᠤᠲᠠ ᠶᠢᠨ ᠠᠷᠠᠳ ᠲᠤ ᠦᠢᠯᠡᠴᠢᠯᠡᠬᠦ ᠲᠥᠪ ︾ ᠤᠨ ︽ᠨᠡᠶᠢᠭᠡᠮ ᠤᠨ ᠳᠠᠭᠠᠳᠬᠠᠯ︾  ᠪᠤᠯᠤᠩ  ᠢᠶᠠᠷ ᠳᠠᠮᠵᠢᠨ  ᠰᠦᠢᠳᠬᠡᠯ ᠲᠤᠰᠢᠶᠠᠵᠤ ᠪᠣᠯᠣᠨ᠎ᠠ᠃ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠭᠰᠠᠳ 2 — 3 ᠠᠵᠢᠯᠯᠠᠬᠤ ᠡᠳᠦᠷ ᠤᠨ ᠳᠠᠷᠠᠭ᠎ᠠ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠸᠢᠴᠠᠲ   ᠲᠠᠪᠴᠠᠩ ᠲᠡᠭᠡᠷ᠎ᠡ ᠠᠴᠠ ᠰᠦᠢᠳᠬᠡᠯ ᠲᠤᠰᠢᠶᠠᠭᠰᠠᠨ ᠡᠯᠧᠺᠲᠷᠣᠨ ᠭᠡᠷᠡᠴᠢ ᠪᠠᠷᠢᠮᠲᠠ ᠪᠠᠨ ᠪᠠᠶᠢᠴᠠᠭᠠᠨ ᠯᠠᠪᠯᠠᠬᠤ ᠪᠤᠶᠤ ᠪᠠᠭᠤᠯᠭᠠᠨ ᠠᠪᠴᠤ ᠪᠣᠯᠣᠨ᠎ᠠ᠃    ︵ᠬᠤᠶᠠᠷ︶ ᠰᠦᠯᠵᠢᠶᠡᠨ ᠭᠠᠳᠠᠨ᠎ᠠ ᠰᠦᠢᠳᠬᠡᠯ ᠲᠤᠰᠢᠶᠠᠬᠤ᠄ ᠳᠠᠭᠠᠳᠬᠠᠯ ᠳᠤ ᠣᠷᠣᠭᠰᠠᠳ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ  ᠪᠠᠨ ᠦᠨᠳᠦᠰᠦᠨ ᠱᠠᠲᠤᠨ ᠤ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠢᠭ᠋︶ ᠳᠤ ᠬᠦᠷᠴᠦ᠂  ᠣᠷᠣᠯᠠᠨ ᠬᠦᠢᠴᠡᠳᠭᠡᠬᠦ ᠠᠵᠢᠯᠳᠠᠨ ᠳᠤ ᠨᠠᠶᠢᠳᠠᠵᠤ ᠭᠠᠷ ᠤᠲᠠᠰᠤ ᠪᠠᠷ ᠢᠶᠠᠨ ᠰᠦᠢᠳᠬᠡᠯ ᠲᠤᠰᠢᠶᠠᠨ᠎ᠠ  ᠃  ᠪᠠᠰᠠ  ᠲᠣᠰ ᠬᠥᠮᠥᠨ ᠤ ᠪᠡᠶ᠎ᠡ ᠶᠢᠨ ᠦᠨᠡᠮᠯᠡᠯ ᠢᠶᠠᠨ ᠠᠪᠴᠤ ᠭᠠᠶᠢᠯᠢ ᠶᠢᠨ ᠶᠠᠪᠤᠳᠠᠯ ᠤᠨ ᠦᠢᠯᠡᠴᠢᠯᠡᠭᠡᠨ ᠤ ᠭᠠᠵᠠᠷ ᠲᠤ ᠬᠦᠷᠴᠦ ᠰᠦᠢᠳᠬᠡᠯ ᠢᠶᠠᠨ ᠲᠤᠰᠢᠶᠠᠵᠤ ᠪᠤᠯᠤᠨ᠎ᠠ᠃        ᠲᠠᠪᠤ᠂  ᠳᠣᠲᠣᠨᠣ ᠰᠠᠨᠠᠭᠤᠯᠤᠮᠵᠢ    ᠰᠢᠰᠲ᠋ᠧᠮ ᠤᠨ ᠠᠯᠳᠠᠭᠳᠠᠯ ᠠᠴᠠ ᠪᠣᠯᠵᠤ ᠰᠦᠢᠳᠬᠡᠯ ᠲᠤᠰᠢᠶᠠᠭᠰᠠᠨ ᠮᠡᠳᠡᠭᠡ ᠵᠠᠩᠭᠢ ᠪᠤᠷᠤᠭᠤᠳᠠᠬᠤ ᠶᠢ ᠰᠡᠷᠭᠡᠶᠢᠯᠡᠬᠦ ᠶᠢᠨ ᠲᠥᠯᠥᠭᠡ᠂ ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠪᠠᠨ ᠦᠯᠡᠳᠡᠬᠡᠵᠦ ᠬᠠᠳᠠᠭᠠᠯᠠᠭᠠᠷᠠᠢ ︵ ᠰᠦᠯᠵᠢᠶᠡᠨ ᠲᠡᠭᠡᠷ᠎ᠡ ᠲᠤᠰᠢᠶᠠᠭᠰᠠᠨ ᠪᠤᠯ ᠰᠡᠬᠦᠳᠡᠷᠯᠡᠵᠦ ᠠᠪᠬᠤ ᠪᠤᠶᠤ ᠭᠠᠷ ᠤᠳᠠᠰᠤᠨ ᠤ ᠲᠡᠯᠭᠡᠴᠡ ᠲᠤᠭᠳᠠᠭᠠᠬᠤ ᠠᠷᠭ᠎ᠠ ᠪᠠᠷ ᠪᠠᠷᠢᠮᠳᠠ ᠦᠯᠡᠳᠡᠭᠡᠵᠦ ᠪᠤᠯᠤᠨ᠎ᠠ︶᠂ ᠬᠡᠷᠪᠡ 20 ᠠᠵᠢᠯᠯᠠᠬᠤ ᠡᠳᠦᠷ ᠤᠨ ᠳᠣᠲᠣᠷ᠎ᠠ ᠪᠣᠳᠠᠲᠠᠢ ᠲᠤᠰᠢᠶᠠᠭᠰᠠᠨ ᠪᠠᠶᠢᠳᠠᠯ ᠢᠶᠠᠨ ᠪᠠᠶᠢᠴᠠᠭᠠᠨ ᠯᠠᠪᠯᠠᠭᠠᠳ ᠲᠡᠶᠢᠯᠬᠦ ᠦᠭᠡᠢ ᠪᠠᠶᠢᠪᠠᠯ᠂  ᠰᠦᠢᠳᠬᠡᠯ ᠲᠤᠰᠢᠶᠠᠭᠰᠠᠨ ᠭᠡᠷᠡᠴᠢ ᠪᠠᠷᠢᠮᠲᠠ ᠪᠠᠨ ᠠᠪᠴᠤ ᠳᠠᠭᠠᠳᠬᠠᠯ ᠳᠤ ᠣᠷᠣᠯᠴᠠᠭᠰᠠᠨ ᠭᠠᠵᠠᠷ ᠤᠨ ᠢᠶᠠᠨ  ᠡᠮ ᠡᠮᠨᠡᠯᠭᠡ ᠶᠢᠨ ᠳᠠᠭᠠᠳᠬᠠᠯ  ᠢ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠬᠦᠷᠴᠦ  ᠬᠠᠷᠭᠤᠭᠤᠯᠤᠨ ᠪᠠᠶᠢᠴᠠᠭᠠᠵᠤ ᠪᠣᠯᠣᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号