︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠬᠦᠯᠬᠦ ᠤᠷᠤᠨ ᠵᠢᠱᠢᠶ᠎ᠡ ᠦᠵᠡᠬᠦᠯᠬᠦ ᠨᠢᠬᠡᠴᠢ ᠶᠢ ᠰᠢᠯᠭᠠᠨ ᠲᠤᠭᠳᠠᠭᠠᠬᠤ ᠬᠦᠢᠴᠡᠳᠭᠡᠯ ᠲᠤᠭᠠᠨ ᠤ ᠰᠢᠰᠲ᠋ᠧᠮ ︵ᠲᠤᠷᠰᠢᠨ ᠭᠡᠷᠡᠭᠵᠢᠬᠦᠯᠬᠦ︶︾  ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2023/9/6
   ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠬᠦᠯᠬᠦ ᠤᠷᠤᠨ ᠵᠢᠱᠢᠶ᠎ᠡ ᠦᠵᠡᠬᠦᠯᠬᠦ ᠨᠢᠬᠡᠴᠢ ᠶᠢ ᠰᠢᠯᠭᠠᠨ ᠲᠤᠭᠳᠠᠭᠠᠬᠤ ᠬᠦᠢᠴᠡᠳᠭᠡᠯ ᠲᠤᠭᠠᠨ ᠤ ᠰᠢᠰᠲ᠋ᠧᠮ ︵ᠲᠤᠷᠰᠢᠨ ᠭᠡᠷᠡᠭᠵᠢᠬᠦᠯᠬᠦ︶︾  ᠤᠨ ᠲᠤᠬᠠᠢ ᠲᠠᠶᠢᠯᠤᠮᠵᠢ        2023 ᠤᠨ ᠤ 7 ᠳ᠋ᠤᠭᠠᠷ ᠰᠠᠷ᠎ᠠ ᠶᠢᠨ 21 ᠤ ᠡᠳᠦᠷ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠭᠡᠯᠳᠡᠰ᠂ ᠤᠬᠠᠭᠤᠯᠬᠤ ᠭᠡᠯᠳᠡᠰ᠂ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠵᠦᠪᠯᠡᠯ ᠠᠴᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠬᠦᠯᠬᠦ ᠤᠷᠤᠨ ᠵᠢᠱᠢᠶ᠎ᠡ ᠦᠵᠡᠬᠦᠯᠬᠦ ᠨᠢᠬᠡᠴᠢ ᠶᠢ ᠰᠢᠯᠭᠠᠨ ᠲᠤᠭᠳᠠᠭᠠᠬᠤ ᠬᠦᠢᠴᠡᠳᠭᠡᠯ ᠲᠤᠭᠠᠨ ᠤ ᠰᠢᠰᠲ᠋ᠧᠮ ︵ᠲᠤᠷᠰᠢᠨ ᠭᠡᠷᠡᠭᠵᠢᠬᠦᠯᠬᠦ︶︾ ᠢ ᠳᠠᠷᠤᠮᠠᠯᠯᠠᠨ ᠲᠠᠷᠬᠠᠭᠠᠬᠤ ᠶᠢᠨ ᠬᠠᠮᠳᠤ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠤᠷᠤᠨ ᠢ ᠨᠠᠷᠢᠨ ᠬᠢᠨᠠᠮᠠᠭᠠᠢ ᠭᠡᠷᠡᠭᠵᠢᠬᠦᠯᠬᠦ ᠭᠡᠷᠡᠭᠳᠡᠢ ᠬᠡᠵᠦ ᠱᠠᠭᠠᠷᠳᠠᠪᠠ᠃      ᠰᠢᠯᠭᠠᠨ ᠲᠤᠭᠳᠠᠭᠠᠬᠤ ᠬᠦᠢᠴᠡᠳᠭᠡᠯ ᠲᠤᠭᠠᠨ ᠤ ᠰᠢᠰᠲ᠋ᠧᠮ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠶᠡᠷᠦᠩᠭᠡᠢ ᠱᠦᠵᠢ ᠰᠢ ᠶᠢᠨ ᠫᠢᠩ ᠤᠨ ᠦᠨᠳᠦᠰᠦᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠦ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠦᠨᠳᠦᠰᠦᠳᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠲᠤᠰᠢᠶᠠᠵᠦ ᠦᠭᠬᠦᠭᠰᠡᠨ ︽ᠲᠠᠪᠤᠨ ᠶᠡᠭᠡ ᠡᠬᠦᠷᠭᠡ︾᠂ ︽ᠵᠢᠱᠢᠶᠡᠴᠢ ᠦᠪᠡᠷᠳᠡᠭᠡᠨ ᠵᠠᠰᠠᠬᠤ ᠤᠷᠤᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠠᠵᠢᠯ ᠤᠨ ᠱᠠᠭᠠᠷᠳᠠᠯᠭ᠎ᠠ ᠶᠢ ᠨᠢᠭᠡ ᠵᠦᠢᠯ ᠤᠨ ᠴᠢᠬᠤᠯᠠ ᠬᠦᠢᠴᠡᠳᠭᠡᠯ ᠲᠤᠭ᠎ᠠ ᠪᠤᠯᠭᠠᠵᠦ᠂ ᠵᠢᠱᠢᠶ᠎ᠡ ᠦᠵᠡᠬᠦᠯᠬᠦ ᠤᠷᠤᠨ ᠵᠢᠱᠢᠶ᠎ᠡ ᠦᠵᠡᠬᠦᠯᠬᠦ ᠨᠢᠬᠡᠴᠢ ᠶᠢ ᠰᠢᠯᠭᠠᠨ ᠲᠤᠭᠳᠠᠭᠠᠬᠤ ᠠᠭᠤᠯᠭ᠎ᠠ ᠳᠤ ᠤᠷᠤᠭᠤᠯᠬᠤ ᠶᠢᠨ ᠬᠠᠮᠳᠤ᠂ ᠬᠤᠪᠢ ᠤᠯᠭᠤᠬᠤ ᠬᠦᠴᠦᠯᠡᠴᠨ ᠪᠠᠨ ᠨᠡᠮᠡᠭᠳᠡᠬᠦᠯᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠡᠬᠦᠳᠦᠨ ᠪᠠᠶᠢᠭᠤᠯᠬᠤ ᠠᠵᠢᠯ ᠤᠨ ᠢᠮᠬᠠᠳᠠ ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯ ᠢ ᠪᠠᠷᠢᠮᠳᠠᠯᠠᠵᠦ᠂ ᠭᠤᠣᠯᠳᠠᠯᠭ᠎ᠠ ᠪᠣᠯᠣᠨ ᠶᠡᠭᠡ ᠲᠠᠯ᠎ᠠ ᠳᠤ ᠦᠢᠯᠡᠴᠢᠯᠡᠵᠦ᠂ ᠠᠵᠢᠯ ᠤᠨ ᠦᠷ᠎ᠡ ᠪᠦᠳᠦᠮᠵᠢ ᠶᠢ ᠴᠢᠬᠤᠯᠠᠴᠢᠯᠠᠬᠤ ᠶᠢ ᠲᠦᠯᠬᠢᠨ ᠠᠬᠢᠭᠤᠯᠬᠤ ᠪᠣᠯᠣᠨ᠎ᠠ᠃     ᠰᠢᠯᠭᠠᠨ ᠲᠤᠭᠳᠠᠭᠠᠬᠤ ᠬᠦᠢᠴᠡᠳᠭᠡᠯ ᠲᠤᠭᠠᠨ ᠤ ᠰᠢᠰᠲ᠋ᠧᠮ ᠨᠢ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠪᠠᠳᠤᠳᠬᠠᠬᠤ ᠶᠢ ᠡᠯ᠎ᠡ ᠲᠥᠷᠥᠯ ᠤᠨ ᠠᠵᠢᠯ ᠳᠠᠬᠢ ᠭᠤᠤᠯ ᠰᠢᠵᠢᠮ ᠤᠨ ᠪᠠᠶᠢᠷᠢ ᠰᠠᠭᠤᠷᠢ ᠲᠠᠢ ᠨᠢᠭᠳᠠ ᠤᠶᠠᠯᠳᠤᠭᠤᠯᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠳᠠ᠂ ᠤᠯᠤᠰ ᠲᠦᠷᠦ ᠶᠢᠨ ᠪᠦᠲᠦᠭᠡᠨ ᠪᠠᠶᠢᠭᠤᠯᠤᠯᠳᠠ᠂ ᠰᠤᠶᠤᠯ ᠤᠨ ᠪᠦᠲᠦᠭᠡᠨ ᠪᠠᠶᠢᠭᠤᠯᠤᠯᠳᠠ᠂ ᠨᠡᠶᠢᠭᠡᠮ ᠤᠨ ᠪᠦᠲᠦᠭᠡᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠪᠠ ᠨᠠᠮ ᠤᠨ ᠪᠦᠲᠦᠭᠡᠨ ᠪᠠᠶᠢᠭᠤᠯᠤᠯᠳᠠ ᠵᠡᠷᠭᠡ ᠡᠯ᠎ᠡ ᠲᠥᠷᠥᠯ ᠤᠨ ᠠᠵᠢᠯ ᠤᠨ ᠲᠤᠮᠳᠠ ᠢᠯᠡᠷᠡᠬᠦᠯᠵᠦ᠂ ᠰᠢᠯᠭᠠᠨ ᠲᠤᠭᠳᠠᠭᠠᠬᠤ ᠬᠦᠢᠴᠡᠳᠭᠡᠯ ᠲᠤᠭᠠᠨ ᠤ ᠪᠦᠬᠦ ᠶᠠᠪᠤᠴᠠ ᠡᠯ᠎ᠡ ᠭᠤᠭᠴᠤᠭ᠎ᠠ ᠳᠤ ᠲᠤᠭᠤᠰᠢᠯᠠᠭᠤᠯᠤᠨ᠎ᠠ᠃ ᠰᠢᠯᠭᠠᠨ ᠲᠤᠭᠳᠠᠭᠠᠬᠤ ᠬᠦᠢᠴᠡᠳᠭᠡᠯ ᠲᠤᠭᠠᠨ ᠤ ᠰᠢᠰᠲ᠋ᠧᠮ ᠤᠨ ︽ᠲᠣᠬᠢᠭᠤᠷ︾ ᠤᠨ ᠦᠢᠯᠡᠳᠦᠯ ᠢ ᠬᠦᠢᠴᠡᠳ ᠪᠠᠳᠠᠷᠠᠭᠤᠯᠬᠤ ᠪᠠᠷ ᠲᠠᠮᠵᠢᠭᠤᠯᠵᠦ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠢ ᠬᠦᠳᠦᠯᠦᠨ ᠵᠢᠯᠦᠭᠤᠳᠴᠦ ᠪᠠᠶᠢᠭᠠᠳ ᠡᠬᠦᠳᠦᠨ ᠪᠠᠶᠢᠭᠤᠯᠬᠤ ᠠᠵᠢᠯ ᠤᠨ ᠲᠤᠮᠳᠠᠬᠢ ᠨᠡᠶᠢᠳᠡᠯᠢᠭ ᠴᠢᠨᠠᠷ ᠪᠠ ᠵᠦᠷᠢᠶᠡᠳᠦ ᠴᠢᠨᠠᠷ ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠨ ᠶᠢᠨ ᠤᠬᠠᠮᠰᠠᠷ ᠪᠠ ᠦᠨᠳᠦᠰᠦᠳᠡᠨ ᠨᠦᠭᠦᠳ ᠤᠨ ᠤᠬᠠᠮᠰᠠᠷ᠂ ᠲᠤᠮᠳᠠᠳᠤ ᠶᠢᠨ ᠰᠤᠶᠤᠯ ᠪᠠ ᠦᠨᠳᠦᠰᠦᠳᠡᠨ ᠨᠦᠭᠦᠳ ᠤᠨ ᠰᠤᠶᠤᠯ᠂ ᠪᠤᠳᠠᠰ ᠤᠨ ᠪᠠ ᠤᠶᠤᠨ ᠰᠠᠨᠠᠭᠠᠨ ᠤ ᠬᠠᠷᠢᠴᠠᠭ᠎ᠠ ᠶᠢ ᠵᠦᠪ ᠡᠵᠡᠮᠳᠡᠵᠦ᠂ ᠶᠠᠮᠠᠷᠪᠠ ᠠᠵᠢᠯ ᠢ ᠬᠢᠬᠦ᠂ ᠶᠠᠮᠠᠷᠪᠠ ᠤᠴᠢᠷ ᠶᠠᠪᠤᠳᠠᠯ ᠢ ᠪᠦᠳᠦᠭᠡᠬᠦ ᠳᠤ ᠴᠦᠮ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠨ ᠶᠢᠨ ᠤᠬᠠᠮᠰᠠᠷ ᠤᠨ ᠣᠯᠭᠤᠭᠰᠠᠨ ᠠᠴᠢ ᠬᠤᠯᠪᠤᠭᠳᠠᠯ ᠢ ᠢᠯᠡᠷᠡᠭᠦᠯᠵᠦ᠂ ᠴᠦᠮ ᠲᠤᠮᠳᠠᠳᠤ ᠶᠢᠨ ᠦᠨᠳᠦᠰᠦᠳᠡᠨ ᠤ ᠨᠡᠶᠢᠳᠡᠯᠢᠭ ᠴᠢᠨᠠᠷ ᠢ ᠴᠢᠩᠭᠠᠳᠬᠠᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠨ ᠶᠢᠨ ᠤᠬᠠᠮᠰᠠᠷ ᠢ ᠨᠡᠮᠡᠭᠳᠡᠬᠦᠯᠬᠦ ᠠᠴᠠ ᠡᠭᠦᠰᠬᠦ ᠬᠡᠷᠡᠭᠲᠡᠢ᠃      ᠰᠢᠯᠭᠠᠨ ᠲᠤᠭᠳᠠᠭᠠᠬᠤ ᠬᠦᠢᠴᠡᠳᠭᠡᠯ ᠲᠤᠭᠠᠨ ᠤ ᠰᠢᠰᠲ᠋ᠧᠮ ᠳᠤ ᠵᠢᠱᠢᠶ᠎ᠡ ᠦᠵᠡᠬᠦᠯᠬᠦ ᠬᠤᠰᠢᠭᠤ ᠰᠢᠶᠠᠨ ︵ᠬᠤᠳᠠ ᠲᠤᠭᠤᠷᠢᠭ︶᠂ ᠵᠢᠱᠢᠶ᠎ᠡ ᠦᠵᠡᠬᠦᠯᠬᠦ ᠰᠢᠶᠠᠩ ᠪᠠᠯᠭᠠᠰᠤ ᠰᠤᠮᠤ᠂ ᠵᠢᠱᠢᠶ᠎ᠡ ᠦᠵᠡᠬᠦᠯᠬᠦ ᠪᠠᠶᠢᠭᠤᠯᠭ᠎ᠠ᠂ ᠵᠢᠱᠢᠶ᠎ᠡ ᠦᠵᠡᠬᠦᠯᠬᠦ ᠠᠵᠤ ᠠᠬᠤᠶᠢᠯᠠᠯ᠂ ᠵᠢᠱᠢᠶ᠎ᠡ ᠦᠵᠡᠬᠦᠯᠬᠦ ᠰᠤᠷᠭᠠᠭᠤᠯᠢ᠂ ᠵᠢᠱᠢᠶ᠎ᠡ ᠦᠵᠡᠬᠦᠯᠬᠦ ᠨᠡᠶᠢᠭᠡᠮ ᠲᠤᠭᠤᠷᠢᠭ᠂ ᠵᠢᠱᠢᠶ᠎ᠡ ᠦᠵᠡᠬᠦᠯᠬᠦ ᠱᠠᠰᠢᠨ ᠰᠤᠷᠳᠠᠬᠤᠨ ᠤ ᠠᠵᠢᠯᠯᠠᠭ᠎ᠠ ᠶᠢᠨ ᠲᠠᠯᠠᠪᠤᠷ ᠵᠡᠷᠭᠡ 7 ᠵᠦᠢᠯ ᠤᠨ ᠵᠢᠱᠢᠶ᠎ᠡ ᠦᠵᠡᠬᠦᠯᠬᠦ ᠨᠡᠶᠢᠳᠡᠯᠢᠭ ᠵᠢᠱᠢᠶ᠎ᠡ ᠶᠢ ᠰᠢᠯᠭᠠᠨ ᠲᠤᠭᠳᠠᠭᠠᠬᠤ ᠬᠦᠢᠴᠡᠳᠭᠡᠯ ᠲᠤᠭᠠᠨ ᠤ ᠲᠤᠬᠠᠢ ᠨᠠᠷᠢᠨ ᠲᠤᠭᠳᠠᠭᠠᠯ ᠭᠠᠷᠭᠠᠵᠦ᠂ ᠡᠬᠦᠨ ᠳᠤ ᠤᠯᠤᠰ ᠲᠦᠷᠦ ᠶᠢᠨ ᠵᠤᠭᠰᠤᠴᠨ ᠪᠠᠨ ᠲᠡᠭᠡᠭᠰᠢᠯᠡᠬᠦᠯᠵᠦ᠂ ᠡᠬᠦᠳᠦᠨ ᠪᠠᠶᠢᠭᠤᠯᠬᠤ ᠭᠤᠤᠯ ᠰᠢᠵᠢᠮ ᠢ ᠲᠤᠪᠤᠶᠢᠯᠭᠠᠬᠤ ᠵᠡᠷᠭᠡ ᠲᠠᠯ᠎ᠠ ᠶᠢᠨ ᠨᠡᠶᠢᠳᠡᠯᠢᠭ ᠴᠢᠨᠠᠷ ᠲᠠᠢ ᠱᠠᠭᠠᠷᠳᠠᠯᠭ᠎ᠠ ᠪᠠᠶᠢᠬᠤ ᠮᠦᠷᠳᠡᠭᠡᠨ ᠪᠠᠰᠠ ᠨᠠᠷᠢᠯᠢᠭ ᠤᠨᠤᠪᠴᠢᠳᠠᠢ ᠨᠠᠷᠢᠯᠢᠭᠵᠢᠭᠤᠯᠬᠤ ᠠᠷᠭ᠎ᠠ ᠭᠡᠯᠪᠡᠷᠢ᠂ ᠤᠯᠠᠨ ᠲᠦᠮᠡᠨ ᠢ ᠬᠤᠪᠢᠶᠠᠷᠢᠯᠠᠵᠤ ᠤᠬᠠᠭᠤᠯᠵᠤ ᠬᠦᠮᠦᠵᠢᠬᠦᠯᠬᠦ ᠵᠡᠷᠭᠡ ᠲᠠᠯ᠎ᠠ ᠶᠢᠨ ᠦᠪᠡᠷᠮᠢᠴᠨ ᠴᠢᠨᠠᠷ ᠲᠠᠢ ᠲᠤᠭᠳᠠᠭᠠᠯ ᠤᠳ ᠪᠠᠶᠢᠨ᠎ᠠ᠃ ᠰᠢᠯᠭᠠᠨ ᠲᠤᠭᠳᠠᠭᠠᠬᠤ ᠬᠦᠢᠴᠡᠳᠭᠡᠯ ᠲᠤᠭᠠᠨ ᠤ ᠰᠢᠰᠲ᠋ᠧᠮ ᠤᠨ 7 ᠵᠦᠢᠯ ᠤᠨ ᠵᠢᠱᠢᠶ᠎ᠡ ᠦᠵᠡᠬᠦᠯᠬᠦ ᠨᠡᠶᠢᠳᠡᠯᠢᠭ ᠵᠢᠱᠢᠶ᠎ᠡ ᠳᠤ ᠴᠦᠮ ︽ᠰᠢᠨ᠎ᠡ ᠶᠢ ᠡᠬᠦᠳᠬᠦ ᠦᠢᠯᠡᠳᠦᠯᠭᠡ︾ ᠭᠡᠬᠦ ᠬᠦᠢᠴᠡᠳᠭᠡᠯ ᠲᠤᠭ᠎ᠠ ᠶᠢ ᠲᠣᠬᠢᠷᠠᠭᠤᠯᠬᠤ ᠵᠢᠴᠢ ᠡᠵᠡᠯᠡᠬᠦ ᠬᠤᠪᠢ ᠶᠢᠨ ᠦᠷᠳᠡᠭ ᠢ 16% ᠠᠴᠠ ᠳᠡᠭᠡᠭᠰᠢ ᠪᠠᠶᠢᠯᠭᠠᠵᠤ᠂ ᠡᠯ᠎ᠡ ᠭᠠᠵᠠᠷ ᠤᠷᠤᠨ ᠡᠯ᠎ᠡ ᠨᠢᠭᠡᠴᠢ ᠶᠢ ᠬᠦᠳᠦᠯᠦᠨ ᠵᠢᠯᠦᠭᠤᠳᠴᠦ ᠪᠠᠶᠢᠭᠠᠳ ᠲᠠᠰᠤᠷᠠᠯᠲᠠ ᠦᠭᠡᠢ ᠠᠭᠤᠯᠤᠭᠳᠠᠬᠤᠨ ᠢ ᠭᠦᠨᠵᠡᠭᠡᠶᠢᠷᠡᠭᠦᠯᠵᠦ᠂ ᠭᠡᠯᠪᠡᠷᠢ ᠶᠢ ᠪᠠᠶᠠᠯᠢᠭᠵᠢᠭᠤᠯᠵᠤ᠂ ᠠᠴᠢᠶᠠᠯᠠᠪᠤᠷᠢ ᠶᠢ ᠰᠢᠨᠡᠴᠢᠯᠡᠵᠦ᠂ ᠮᠠᠨ ᠤ ᠤᠷᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠡᠬᠦᠳᠦᠨ ᠪᠠᠶᠢᠭᠤᠯᠬᠤ ᠠᠵᠢᠯ ᠤᠨ ᠰᠢᠨ᠎ᠡ ᠬᠢᠯᠠᠰ ᠴᠢᠭ᠂ ᠲᠡᠰ ᠳᠡᠪᠰᠢᠬᠦ ᠵᠠᠭᠪᠤᠷ ᠢ ᠪᠤᠢ ᠪᠤᠯᠭᠠᠨ᠎ᠠ᠃ ᠰᠢᠯᠭᠠᠨ ᠲᠤᠭᠳᠠᠭᠠᠬᠤ ᠬᠦᠢᠴᠡᠳᠭᠡᠯ ᠲᠤᠭᠠᠨ ᠤ ᠰᠢᠰᠲ᠋ᠧᠮ ᠳᠤ ᠪᠠᠶᠢᠴᠠᠭᠠᠯᠳᠠ ᠶᠢᠨ ᠠᠰᠠᠭᠤᠯᠳᠠ ᠶᠢᠨ ᠬᠠᠭᠤᠳᠠᠰᠤ ᠲᠠᠷᠬᠠᠭᠠᠬᠤ᠂ ᠶᠡᠭᠡ ᠳ᠋ᠡᠶᠢᠲ᠋ᠠ ᠪᠠᠷ ᠬᠢᠨᠠᠨ ᠬᠡᠮᠵᠢᠬᠦ᠂ ᠤᠨᠴᠨ ᠵᠠᠷᠢᠮ ᠬᠦᠮᠦᠰ ᠢ ᠰᠤᠷᠪᠤᠯᠵᠢᠯᠠᠨ ᠶᠠᠷᠢᠯᠴᠠᠬᠤ ᠵᠡᠷᠭᠡ ᠠᠷᠭ᠎ᠠ ᠬᠡᠯᠪᠡᠷᠢ ᠶᠢ ᠭᠡᠷᠡᠭᠯᠡᠬᠦ ᠶᠢ ᠴᠢᠬᠤᠯᠠᠴᠢᠯᠠᠵᠦ᠂ ᠨᠡᠩ ᠪᠤᠰᠤᠳᠴᠢ ᠪᠠᠷ᠂ ᠦᠨᠡᠨ ᠪᠤᠳᠠᠳᠠᠢ ᠪᠠᠷ ᠡᠷᠡᠮᠡᠯᠵᠡᠯᠡᠨ ᠮᠡᠳᠡᠭᠦᠯᠵᠦ ᠪᠠᠶᠢᠭ᠎ᠠ ᠭᠠᠵᠠᠷ ᠤᠷᠤᠨ ᠪᠠ ᠨᠢᠭᠡᠴᠢ ᠶᠢᠨ ᠠᠵᠢᠯ ᠤᠨ ᠪᠠᠶᠢᠳᠠᠯ ᠢ ᠲᠤᠰᠬᠠᠵᠦ᠂ ᠡᠬᠦᠳᠦᠨ ᠪᠠᠶᠢᠭᠤᠯᠬᠤ ᠠᠵᠢᠯ ᠤᠨ ᠦᠷ᠎ᠡ ᠪᠦᠳᠦᠮᠵᠢ ᠶᠢ ᠨᠡᠩ ᠴᠢᠬᠤᠯᠠᠴᠢᠯᠠᠵᠦ᠂ ᠡᠬᠦᠳᠦᠨ ᠪᠠᠶᠢᠭᠤᠯᠬᠤ ᠠᠵᠢᠯ ᠤᠨ ᠬᠦᠢᠴᠡᠳᠭᠡᠯ ᠲᠤᠭ᠎ᠠ ᠶᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠬᠤ ᠶᠢ ᠲᠦᠯᠬᠢᠨ ᠠᠬᠢᠭᠤᠯᠵᠦ᠂ ᠰᠢᠨ᠎ᠡ ᠴᠠᠭ ᠦᠶ᠎ᠡ ᠶᠢᠨ ᠮᠠᠨ ᠤ ᠤᠷᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠲᠦᠯᠬᠢᠨ ᠠᠬᠢᠭᠤᠯᠬᠤ ᠪᠣᠯᠣᠨ᠎ᠠ᠃        ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号