ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ | ᠲᠦᠷᠢᠮ | ︵2021 ᠤᠨ ᠤ 1 ᠰᠠᠷ᠎ᠠ ᠶᠢᠨ 30 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ | ᠬᠤᠷᠠᠯᠳᠤᠭᠠᠨ ᠢᠶᠠᠷ ᠪᠠᠳᠤᠯᠠᠪᠠ︶ | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠤᠨ᠂ ᠡᠷᠬᠡ ᠲᠡᠭᠰᠢ ᠪᠦᠯᠬᠦᠮᠳᠡᠯ ᠲᠠᠢ | ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ | ᠪᠠᠬᠢᠵᠢᠭᠦᠯᠦᠨ ᠬᠥᠭᠵᠢᠭᠦᠯᠬᠦ ᠶᠢᠨ ᠲᠤᠰᠠᠳᠠ᠂ ᠦᠨᠳᠦᠰᠦᠨ ᠬᠠᠤᠯᠢ᠂ ᠦᠨᠳᠦᠰᠦᠲᠡᠨ ᠤ ᠣᠷᠣᠨ ᠤ ᠥᠪᠡᠷᠲᠡᠭᠡᠨ | ᠵᠠᠰᠠᠬᠤ ᠬᠠᠤᠯᠢ ᠪᠣᠯᠤᠨ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ | ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ ᠡᠯ᠎ᠡ ᠵᠦᠢᠯ ᠤᠨ ᠠᠵᠢᠯᠯᠠᠭ᠎ᠠ ᠳᠤ ᠲᠤᠰ ᠳᠦᠷᠢᠮ ᠢ ᠬᠡᠷᠡᠭᠯᠡᠨ᠎ᠡ᠃ | ᠭᠤᠷᠪᠠᠳᠤᠭᠠᠷ ᠵᠦᠢᠯ ᠥᠪᠥᠷ ᠮᠣᠩᠭᠤᠯ ᠪᠣᠯ ᠮᠠᠨ ᠤ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ | ᠵᠠᠰᠠᠬᠤ ᠪᠠᠶᠢᠭᠤᠯᠤᠯ ᠢ ᠬᠡᠷᠡᠭᠵᠢᠭᠦᠯᠦᠭᠰᠡᠨ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠮᠥᠨ᠂ ᠦᠨᠳᠦᠰᠦᠲᠡᠨ ᠤ | ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠲᠠᠢ ᠶᠤᠮ᠃ ᠦᠨᠳᠦᠰᠦᠲᠡᠨ ᠤ ᠪᠦᠯᠬᠦᠮᠳᠡᠯ ᠪᠣᠯ | ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠨ ᠰᠤᠳᠠᠰᠤ ᠮᠥᠨ᠂ ᠤᠯᠤᠰ ᠤᠨ ᠨᠢᠭᠡᠳᠦᠯ ᠢ ᠬᠠᠮᠠᠭᠠᠯᠠᠵᠤ᠂ | ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠪᠣᠯ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ | ᠬᠠᠷᠢᠭᠤᠴᠠᠯᠭ᠎ᠠ ᠮᠥᠨ᠃ | ᠲᠦᠷᠪᠡᠳᠦᠭᠡᠷ ᠵᠦᠢᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠵᠤ᠂ ᠤᠯᠤᠰ ᠤᠨ | ᠨᠢᠭᠡᠳᠦᠯ ᠢ ᠬᠠᠮᠠᠭᠠᠯᠠᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ | ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ | ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠪᠠᠷᠢᠮᠲᠠᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠶᠢ | ᠪᠠᠷᠢᠮᠲᠠᠯᠠᠵᠤ᠂ ᠬᠠᠤᠯᠢ ᠶᠤᠰᠤᠭᠠᠷ ᠣᠷᠣᠨ ᠢᠶᠠᠨ ᠵᠠᠰᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ | ᠪᠦᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ | ᠬᠡᠷᠡᠭᠲᠡᠶ᠃ | ᠲᠠᠪᠤᠳᠤᠭᠠᠷ ᠵᠦᠢᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ | ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠢ ᠪᠠᠷᠢᠮᠲᠠᠯᠠᠵᠤ᠂ ᠨᠡᠶᠢᠲᠡᠯᠢᠭ | ᠴᠢᠨᠠᠷ ᠢ ᠨᠡᠮᠡᠭᠳᠡᠭᠦᠯᠵᠦ᠂ ᠨᠢᠭᠡ ᠴᠣᠭᠴᠠᠵᠢᠬᠤ ᠶᠢ ᠠᠬᠢᠭᠤᠯᠵᠤ᠂ ᠵᠥᠷᠢᠶ᠎ᠡ ᠶᠢ ᠬᠦᠨᠳᠦᠳᠬᠡᠵᠦ᠂ ᠣᠯᠠᠨ ᠶᠠᠩᠵᠦᠲᠦ | ᠴᠢᠨᠠᠷ ᠢ ᠪᠠᠭᠲᠠᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠥᠪ | ᠣᠨᠣᠪᠴᠢᠲᠠᠢ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ | ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠣᠢ ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠡᠶ᠎ᠡ ᠨᠠᠶᠢᠷᠲᠠᠢ ᠪᠠᠷ ᠬᠠᠮᠲᠦ | ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠯ ᠲᠠᠢ ᠪᠠᠷ ᠬᠥᠭᠵᠢᠬᠦ ᠶᠢ | ᠠᠬᠢᠭᠤᠯᠬᠤ ᠬᠡᠷᠡᠭᠲᠡᠢ᠃ | ᠵᠢᠷᠭᠤᠳᠤᠭᠠᠷ ᠵᠦᠢᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ᠂ ︽ᠳᠤᠮᠳᠠᠳᠤ ᠶᠢᠨ | ᠦᠨᠳᠦᠰᠦᠲᠡᠨ ᠨᠢᠭᠡ ᠭᠡᠷ ᠪᠦᠯᠢ ᠶᠢᠨ ᠬᠢᠨ ᠮᠡᠲᠦ ᠳᠣᠲᠣᠨᠣ ᠪᠠᠶᠢᠵᠦ᠂ ᠰᠡᠳᠬᠢᠯ ᠨᠢᠭᠡᠳᠦᠨ ᠳᠤᠮᠳᠠᠳᠤ ᠶᠢᠨ | ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠪᠠᠷ ᠶᠡᠷᠦᠩᠬᠡᠢ ᠬᠠᠷᠠᠯᠲᠠ ᠪᠣᠯᠭᠠᠵᠤ᠂ ᠨᠡᠶᠢᠭᠡᠮ ᠵᠢᠷᠤᠮ ᠤᠨ | ᠭᠤᠣᠯᠯᠠᠭᠴᠢ ᠥᠷᠲᠡᠭ ᠤᠨ ᠦᠵᠡᠯᠲᠡ ᠪᠠᠷ ᠬᠦᠳᠦᠯᠦᠨ ᠵᠢᠯᠤᠭᠤᠳᠤᠭᠤᠯᠵᠤ᠂ ᠬᠢᠲᠠᠳ ᠦᠨᠳᠦᠰᠦᠲᠡᠨ ᠴᠥᠭᠡᠨ | ᠲᠣᠭᠠᠲᠤ ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ | ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠡᠨ | ᠠᠯᠢᠨ ᠠᠴᠠ ᠪᠠᠨ ᠰᠠᠯᠵᠤ ᠴᠢᠳᠠᠬᠤ ᠦᠭᠡᠢ ᠭᠡᠬᠦ ᠦᠵᠡᠯ ᠰᠠᠨᠠᠭ᠎ᠠ ᠶᠢ ᠪᠣᠢ ᠪᠣᠯᠭᠠᠵᠤ᠂ ᠦᠨᠳᠦᠰᠦᠲᠡᠨ ᠨᠦᠭᠦᠳ ᠤᠨ | ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ | ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ | ᠬᠠᠮᠲᠦ ᠶᠢᠨ ᠳᠠᠨᠢᠯᠳᠠ ᠶᠢ ᠴᠢᠩᠭᠠᠳᠬᠠᠬᠤ ᠬᠡᠷᠡᠭᠲᠡᠢ᠃ | ᠲᠤᠯᠤᠳᠤᠭᠠᠷ ᠵᠦᠢᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ᠂ ᠦᠨᠳᠦᠰᠦᠲᠡᠨ ᠤ | ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠢᠭᠡᠳᠦᠯ ᠲᠠᠢ ᠪᠠᠶᠢᠬᠤ ᠪᠠ | ᠥᠪᠡᠷᠲᠡᠭᠡᠨ ᠵᠠᠰᠠᠬᠤ ᠶᠢ ᠤᠶᠠᠯᠳᠤᠭᠤᠯᠬᠤ᠂ ᠦᠨᠳᠦᠰᠦᠲᠡᠨ ᠤ ᠡᠯᠧᠮᠧᠨ᠋ᠲ ᠪᠠ ᠣᠷᠣᠨ ᠪᠦᠰᠡ ᠶᠢᠨ ᠡᠯᠧᠮᠧᠨ᠋ᠲ ᠢ | ᠤᠶᠠᠯᠳᠤᠭᠤᠯᠬᠤ ᠶᠢ ᠪᠡᠶᠡᠯᠡᠭᠦᠯᠵᠦ᠂ ᠤᠯᠤᠰ ᠤᠨ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠶᠢ | ᠦᠨᠳᠦᠰᠦᠲᠡᠨ ᠨᠦᠭᠦᠳ ᠤᠨ ᠬᠠᠮᠤᠭ ᠤᠨ ᠳᠡᠭᠡᠳᠦ ᠠᠰᠢᠭ ᠲᠤᠰᠠ ᠪᠣᠯᠭᠠᠵᠤ᠂ ᠦᠨᠳᠦᠰᠦᠲᠡᠨ ᠨᠦᠭᠦᠳ ᠡᠷᠬᠡ | ᠲᠡᠭᠰᠢ ᠡᠷᠬᠡ ᠪᠠᠨ ᠡᠳ᠋ᠯᠡᠬᠦ᠂ ᠡᠷᠬᠡ ᠲᠡᠭᠰᠢ ᠡᠭᠦᠷᠭᠡ ᠪᠠᠨ ᠭᠦᠢᠴᠡᠳᠬᠡᠬᠦ ᠶᠢ ᠪᠠᠷᠢᠮᠳᠠᠯᠠᠵᠤ᠂ ᠡᠯ᠎ᠡ ᠵᠦᠢᠯ ᠤᠨ ᠠᠵᠢᠯ | ᠦᠢᠯᠡᠰ ᠢ ᠬᠠᠮᠲᠤ ᠪᠠᠷ ᠪᠦᠲᠦᠭᠡᠨ ᠪᠠᠶᠢᠭᠤᠯᠬᠤ ᠬᠡᠷᠡᠭᠲᠡᠢ᠃ | ᠨᠠᠢᠮᠠᠳᠤᠭᠠᠷ ᠵᠦᠢᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ᠂ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠨᠡᠶᠢᠭᠡᠮ ᠤᠨ ᠲᠣᠭᠲᠠᠭᠤᠨ | ᠪᠠ ᠬᠢᠯᠢ ᠬᠢᠵᠠᠭᠠᠷ ᠤᠨ ᠪᠠᠳᠤᠵᠢᠭᠤᠯᠤᠯᠳᠠ ᠶᠢ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ | ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ | ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠵᠦ᠂ ᠰᠢᠨ᠎ᠡ ᠴᠠᠭ | ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢᠶᠠᠨ ᠦᠷᠭᠦᠯᠵᠢᠯᠡᠨ | ᠪᠠᠲᠤᠯᠠᠬᠤ ᠬᠡᠷᠡᠭᠲᠡᠶ᠃ | ᠶᠢᠰᠦᠳᠦᠭᠡᠷ ᠵᠦᠢᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠥᠭᠡᠷᠡᠴᠢᠯᠡᠯᠲᠡ ᠨᠡᠭᠡᠭᠡᠯᠲᠡ ᠬᠢᠬᠦ ᠶᠢ ᠪᠠᠷᠢᠮᠲᠠᠯᠠᠵᠤ᠂ | ᠠᠮᠢ ᠠᠬᠤᠶ ᠶᠢ ᠤᠷᠢᠳ ᠢᠶᠠᠷ ᠪᠣᠳᠤᠯᠬᠢᠯᠠᠬᠰᠠᠨ ᠪᠣᠬᠢᠷᠲᠤᠯ ᠦᠭᠡᠢ ᠭᠦᠭᠵᠢᠯᠳᠡ ᠪᠠᠷ ᠤᠳᠤᠷᠢᠳᠤᠮᠵᠢ ᠪᠣᠯᠭᠠᠵᠤ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ | ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ | ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ | ᠴᠣᠠᠠᠴᠠᠯᠠᠵᠦ᠂ ᠦᠨᠳᠦᠰᠦᠲᠡᠨ ᠨᠦᠭᠦᠳ ᠤᠨ ᠨᠡᠩ ᠥᠨᠳᠥᠷ ᠬᠢᠷᠢ ᠲᠦᠪᠰᠢᠨ ᠪᠦᠬᠦᠢ ᠪᠣᠯᠪᠠᠰᠤᠨ ᠳᠤ ᠠᠯᠬᠤᠨ | ᠤᠷᠤᠬᠤ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠶ | ᠃ | ᠠᠷᠪᠠᠳᠤᠭᠠᠷ ᠵᠦᠢᠯ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠳᠤ᠂ ᠬᠠᠤᠯᠢ ᠪᠠᠷ ᠵᠠᠰᠠᠬᠤ | ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠪᠠ ᠦᠨᠳᠦᠰᠦᠲᠡᠨ ᠨᠦᠭᠦᠳ ᠤᠨ ᠠᠷᠠᠳ | ᠢᠷᠭᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ ᠦᠨᠳᠦᠰᠦᠲᠡᠨ ᠤ ᠬᠡᠷᠡᠭ ᠶᠠᠪᠤᠳᠠᠯ ᠢ | ᠬᠠᠤᠯᠢ ᠶᠣᠰᠣᠭᠠᠷ ᠵᠠᠰᠠᠵᠤ᠂ ᠦᠨᠳᠦᠰᠦᠲᠡᠨ ᠤ ᠪᠦᠯᠬᠦᠮᠳᠡᠯ ᠢ ᠨᠥᠯᠥᠭᠡᠯᠡᠬᠦ ᠵᠥᠷᠢᠴᠡᠯ ᠵᠢᠭᠤᠷᠠᠯᠳᠤᠭᠠᠨ ᠢ ᠬᠠᠤᠯᠢ | ᠶᠣᠰᠣᠭᠠᠷ ᠵᠤᠬᠢᠰᠲᠠᠢ ᠰᠢᠢᠳᠪᠦᠷᠢᠯᠡᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢ ᠬᠠᠤᠯᠢ ᠪᠠᠷ ᠵᠠᠰᠠᠬᠤ | ᠵᠠᠮ ᠢᠶᠠᠷ ᠠᠵᠢᠯᠯᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ᠂ ᠨᠠᠮ ᠤᠨ | ᠬᠤᠷᠢᠶ᠎ᠠ ᠠᠴᠠ ᠨᠢᠭᠡᠳᠦᠯᠲᠡᠶ ᠤᠳᠤᠷᠢᠳᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠠᠤᠯᠢ ᠶᠣᠰᠣᠭᠠᠷ | ᠬᠢᠨᠠᠯᠲᠠ ᠲᠠᠯᠪᠢᠬᠤ᠂ ᠵᠠᠰᠠᠭ ᠤᠨ ᠣᠷᠳᠣᠨ ᠪᠦᠬᠦ ᠲᠠᠯ᠎ᠠ ᠪᠠᠷ ᠬᠠᠷᠢᠭᠤᠴᠠᠬᠤ᠂ ᠡᠯ᠎ᠡ ᠰᠠᠯᠠᠭ᠎ᠠ ᠮᠥᠴᠢᠷ ᠨᠢᠭᠲᠠ | ᠬᠠᠮᠵᠢᠯᠴᠠᠬᠤ᠂ ᠨᠡᠶᠢᠭᠡᠮ ᠤᠨ ᠡᠯ᠎ᠡ ᠡᠲᠡᠭᠡᠳ ᠢᠳᠡᠪᠬᠢᠲᠡᠶ ᠵᠣᠬᠢᠴᠠᠯᠳᠤᠨ ᠬᠠᠮᠵᠢᠯᠴᠠᠬᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠬᠠᠮᠲᠤ ᠪᠠᠷ ᠣᠷᠣᠯᠴᠠᠬᠤ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠡᠳᠦᠯᠲᠡᠶ ᠲᠥᠯᠥᠪᠵᠢᠭᠦᠯᠦᠨ ᠬᠡᠷᠡᠭᠵᠢᠭᠦᠯᠵᠦ᠂ ᠪᠦᠬᠦ | ᠲᠠᠯ᠎ᠠ ᠪᠠᠷ ᠠᠬᠢᠭᠤᠯᠬᠤ ᠬᠡᠷᠡᠭᠲᠡᠶ᠃ | ᠬᠤᠶᠠᠳᠤᠭᠠᠷ ᠪᠦᠯᠦᠭ ᠳᠤᠮᠳᠠᠳᠤ ᠶᠢᠨ ᠰᠣᠶᠣᠯ ᠤᠨ ᠬᠠᠮᠲᠦ ᠶᠢᠨ ᠳᠠᠨᠢᠯᠳᠠ ᠪᠠ ᠰᠣᠶᠣᠯ ᠤᠨ ᠣᠯᠠᠮᠵᠢᠯᠠᠯ | ᠵᠠᠯᠭᠠᠮᠵᠢᠯᠠᠯ ᠢ ᠠᠬᠢᠭᠤᠯᠬᠤ | ᠠᠷᠪᠠᠨ ᠬᠤᠶᠠᠳᠤᠭᠠᠷ ᠵᠦᠢᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ | ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠪᠠ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠤᠨ᠎ᠠ᠃ | ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠪᠠᠶᠢᠩᠭᠤᠵᠢᠭᠤᠯᠬᠤ ᠶᠢ ᠠᠬᠢᠭᠤᠯᠵᠤ᠂ ᠨᠠᠮ ᠤᠨ ᠦᠨᠳᠦᠰᠦᠲᠡᠨ ᠤ | ᠣᠨᠣᠯ᠂ ᠲᠥᠷᠥ ᠶᠢᠨ ᠪᠣᠳᠣᠯᠭ᠎ᠠ ᠶᠢᠨ ᠰᠤᠷᠤᠯᠴᠠᠯᠭ᠎ᠠ ᠤᠬᠠᠭᠤᠯᠭ᠎ᠠ ᠶᠢ ᠥᠷᠨᠢᠭᠦᠯᠵᠦ᠂ ᠨᠠᠮ ᠤᠨ ᠲᠡᠦᠬᠡ᠂ ᠰᠢᠨ᠎ᠡ | ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ | ᠬᠥᠭᠵᠢᠯᠲᠡ ᠶᠢᠨ ᠲᠡᠤᠬᠡ ᠶᠢᠨ ᠬᠥᠮᠦᠵᠢᠯ ᠢ ᠴᠢᠩᠭᠠᠳᠬᠠᠵᠤ᠂ ᠤᠯᠤᠰ ᠢᠶᠠᠨ ᠬᠠᠶᠢᠷᠠᠯᠠᠬᠤ ᠦᠵᠡᠯ᠂ ᠨᠡᠶᠢᠲᠡᠴᠢ | ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠤᠯᠤᠰ ᠤᠨ ᠤᠬᠠᠮᠰᠠᠷ᠂ ᠠᠷᠠᠳ ᠢᠷᠭᠡᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ | ᠰᠠᠭᠤᠷᠢ ᠶᠢ ᠪᠠᠬᠢᠵᠢᠭᠦᠯᠦᠨ᠎ᠡ᠃ | ᠠᠷᠪᠠᠨ ᠭᠤᠷᠪᠠᠳᠤᠭᠠᠷ ᠵᠦᠢᠯ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠳᠤᠮᠳᠠᠳᠤ ᠶᠢᠨ ᠰᠣᠶᠣᠯ ᠤᠨ | ᠵᠣᠭᠰᠣᠯᠲᠠ ᠪᠠᠨ ᠪᠠᠲᠤ ᠰᠠᠬᠢᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ | ᠤᠯᠠᠷᠢᠭᠤᠯᠤᠯᠳᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠤᠨ ᠠᠮᠢᠵᠢᠷᠠᠯ ᠤᠨ ᠬᠦᠴᠦᠨ ᠪᠠ ᠨᠥᠯᠥᠭᠡᠯᠡᠬᠦ ᠬᠦᠴᠦᠨ ᠢ ᠲᠠᠰᠤᠷᠠᠯᠳᠠ ᠦᠭᠡᠢ | ᠴᠢᠩᠭᠠᠳᠬᠠᠨ᠎ᠠ᠃ ᠬᠤᠪᠢᠰᠬᠠᠯᠲᠤ ᠰᠣᠶᠣᠯ ᠢ ᠵᠠᠯᠭᠠᠮᠵᠢᠯᠠᠵᠦ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ | ᠬᠥᠭᠵᠢᠭᠦᠯᠦᠨ᠎ᠡ᠃ ᠰᠣᠶᠣᠯ ᠢ ᠬᠠᠮᠠᠭᠠᠯᠠᠨ ᠤᠯᠠᠮᠵᠢᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ | ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠳᠡᠮᠳᠡᠭ ᠪᠠ ᠳᠤᠮᠳᠠᠳᠤ ᠶᠢᠨ | ᠦᠨᠳᠦᠰᠦᠲᠡᠨ ᠤ ᠲᠦᠷᠢ ᠲᠥᠷᠬᠦ ᠶᠢ ᠪᠤᠢ ᠪᠣᠯᠭᠠᠨ ᠲᠤᠪᠤᠶᠢᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠤᠨ᠎ᠠ᠃ | ᠠᠷᠪᠠᠨ ᠲᠦᠷᠪᠡᠳᠦᠭᠡᠷ ᠵᠦᠢᠯ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ | ᠡᠭᠦᠷᠭᠡ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠶᠢ ᠤᠯᠤᠰ ᠠᠷᠠᠳ ᠤᠨ ᠰᠤᠷᠭᠠᠨ ᠬᠥᠮᠦᠵᠢᠯ᠂ ᠺᠠᠳ᠋ᠷ ᠤᠨ ᠰᠤᠷᠭᠠᠨ ᠬᠥᠮᠦᠵᠢᠯ᠂ ᠵᠠᠯᠠᠭᠤᠴᠤᠳ | ᠪᠠᠭᠠᠴᠤᠳ ᠤᠨ ᠰᠤᠷᠭᠠᠨ ᠬᠥᠮᠦᠵᠢᠯ᠂ ᠨᠡᠶᠢᠭᠡᠮ ᠤᠨ ᠬᠥᠮᠦᠵᠢᠯ ᠳᠤ ᠣᠷᠣᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠨᠣᠯ ᠤᠨ ᠰᠤᠳᠤᠯᠭᠠᠨ ᠢ ᠭᠦᠨᠵᠡᠭᠡᠶᠢᠷᠡᠭᠦᠯᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠶᠢᠨ | ᠦᠨᠳᠦᠰᠦᠲᠡᠨ ᠪᠣᠯ ᠤᠯᠤᠰ ᠲᠥᠷᠥ ᠶᠢᠨ ᠬᠠᠮᠲᠤ ᠶᠢᠨ ᠴᠣᠭᠴᠠ᠂ ᠠᠰᠢᠭ ᠲᠤᠰᠠ ᠶᠢᠨ ᠬᠠᠮᠲᠤ ᠶᠢᠨ ᠴᠣᠭᠴᠠ᠂ | ᠰᠣᠶᠣᠯ ᠤᠨ ᠬᠠᠮᠲᠤ ᠶᠢᠨ ᠴᠣᠭᠴᠠ᠂ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠬᠤ ᠶᠢ ᠭᠦᠨᠵᠡᠭᠡᠶ | ᠲᠠᠨᠢᠭᠤᠯᠤᠨ᠎ᠠ᠃ | ᠠᠷᠪᠠᠨ ᠲᠠᠪᠤᠳᠤᠭᠠᠷ ᠵᠦᠢᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ ᠢ | ᠪᠠᠶᠢᠩᠭᠤᠵᠢᠭᠤᠯᠬᠤ ᠶᠢ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠦᠵᠡᠯ ᠰᠠᠨᠠᠭ᠎ᠠ ᠶᠣᠰᠣ | ᠰᠤᠷᠲᠠᠬᠤᠨ ᠤ ᠬᠥᠮᠦᠵᠢᠯ᠂ ᠰᠣᠶᠣᠯ ᠮᠡᠳᠡᠯᠭᠡ ᠶᠢᠨ ᠬᠥᠮᠦᠵᠢᠯ᠂ ᠤᠷᠠᠯᠢᠭ ᠪᠡᠶ᠎ᠡ ᠶᠢᠨ ᠲᠠᠮᠢᠷ ᠤᠨ ᠬᠥᠮᠦᠵᠢᠯ᠂ | ᠨᠡᠶᠢᠭᠡᠮ ᠤᠨ ᠦᠢᠯᠡᠳᠦᠯᠭᠡ ᠶᠢᠨ ᠬᠥᠮᠦᠵᠢᠯ ᠳᠤ ᠠᠭᠤᠰᠬᠠᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ᠂ ᠠᠩᠬ᠎ᠠ ᠵᠡᠷᠭᠡ ᠶᠢᠨ ᠰᠤᠷᠭᠠᠨ ᠬᠥᠮᠦᠵᠢᠯ᠂ ᠲᠤᠮᠳᠠᠳᠦ ᠵᠡᠷᠭᠡ ᠶᠢᠨ ᠰᠤᠷᠭᠠᠨ ᠬᠥᠮᠦᠵᠢᠯ᠂ ᠳᠡᠭᠡᠳᠦ | ᠵᠡᠷᠭᠡ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ | ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠤᠨ᠎ᠠ᠃ | ᠠᠷᠪᠠᠨ ᠵᠢᠷᠭᠤᠳᠤᠭᠠᠷ ᠵᠦᠢᠯ ᠳᠤᠮᠳᠠᠳᠤ ᠶᠢᠨ ᠦᠨᠳᠦᠰᠦᠲᠡᠨ ᠤ ᠤᠯᠤᠰ ᠢᠶᠠᠨ ᠬᠠᠶᠢᠷᠠᠯᠠᠬᠤ ᠦᠵᠡᠯ ᠢᠶᠠᠷ | ᠭᠤᠣᠯ ᠪᠤᠯᠭᠠᠭᠰᠠᠨ ᠪᠦᠯᠬᠦᠮᠳᠡᠨ ᠨᠢᠭᠡᠳᠬᠦ᠂ ᠡᠩᠬᠡ ᠲᠠᠶᠢᠪᠤᠩ ᠢ ᠡᠷᠬᠢᠮᠯᠡᠬᠦ᠂ ᠠᠵᠢᠯᠴᠢ ᠬᠥᠳᠡᠯᠮᠦᠷᠢᠴᠢ ᠡᠷᠡᠯᠬᠡᠭ | ᠪᠠᠭᠠᠲᠤᠷᠯᠢᠭ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠶᠢ | ᠪᠠᠳᠠᠷᠠᠭᠤᠯᠤᠨ᠎ᠠ᠃ ᠨᠠᠮ ᠪᠠ ᠠᠷᠠᠳ ᠲᠦᠮᠡᠨ ᠤ ᠡᠯ᠎ᠡ ᠲᠡᠦᠬᠡᠨ ᠴᠠᠭ ᠦᠶ᠎ᠡ ᠳᠤ ᠪᠦᠷᠢᠯᠳᠦᠭᠰᠡᠨ ᠠᠭᠤᠤ ᠶᠡᠭᠡ | ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠰᠢᠷᠭᠠᠭᠤ ᠬᠠᠲᠠᠭᠤᠵᠢᠯᠲᠠᠶ ᠪᠠᠷ ᠲᠡᠮᠡᠴᠡᠬᠦ᠂ | ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠠᠵᠢᠯ ᠦᠢᠯᠡᠰ ᠢᠶᠠᠨ ᠳᠡᠭᠡᠳᠦᠯᠡᠵᠦ ᠬᠤᠪᠢ ᠨᠡᠮᠡᠷᠢ ᠦᠵᠡᠭᠦᠯᠬᠦ᠂ | ᠬᠦᠴᠢᠷᠳᠡᠭᠰᠡᠳ ᠢ ᠳᠡᠳᠬᠦᠵᠦ ᠲᠦᠪᠡᠭᠳᠡᠭᠰᠡᠳ ᠢ ᠲᠤᠰᠠᠯᠠᠬᠤ᠂ ᠦᠨᠡᠨ ᠤ ᠲᠥᠯᠥᠭᠡ ᠡᠷᠡᠯᠬᠡᠭᠯᠡᠨ ᠲᠡᠮᠡᠴᠡᠬᠦ᠂ | ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ ᠵᠡᠷᠭᠡ ᠳᠤᠮᠳᠠᠳᠤ ᠶᠢᠨ ᠤᠯᠠᠮᠵᠢᠯᠠᠯᠲᠤ ᠰᠠᠶᠢᠬᠠᠨ | ᠰᠤᠷᠲᠠᠯ ᠢ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠰᠣᠶᠣᠯ ᠤᠨ ᠰᠣᠯᠢᠯᠴᠠᠭ᠎ᠠ ᠲᠤᠯᠢᠳᠠᠯ ᠢ ᠠᠬᠢᠭᠤᠯᠤᠨ᠎ᠠ᠃ | ᠠᠷᠪᠠᠨ ᠲᠤᠯᠤᠳᠤᠭᠠᠷ ᠵᠦᠢᠯ ᠬᠦᠴᠢᠷ ᠪᠡᠷᠭᠡᠰᠢᠶᠡᠯ ᠢ ᠳᠡᠰᠪᠦᠷᠢᠯᠡᠵᠦ᠂ ᠴᠤᠴᠠᠯᠲᠠ ᠦᠭᠡᠢ ᠤᠷᠤᠬᠰᠢᠯᠠᠬᠤ᠂ | ᠵᠣᠷᠢᠭᠰᠠᠨ ᠳᠤ ᠪᠠᠨ ᠬᠦᠷᠬᠦ ᠦᠭᠡᠢ ᠪᠤᠯ ᠵᠤᠷᠢᠭ ᠮᠤᠬᠤᠬᠤ ᠦᠭᠡᠢ ᠮᠣᠩᠭᠤᠯ ᠮᠣᠷᠢᠨ ᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠨᠢᠭᠲᠠᠷᠠᠭᠤᠯᠤᠨ ᠵᠣᠷᠢᠬᠵᠢᠭᠤᠯᠵᠤ ᠨᠢᠭᠡ ᠰᠡᠳᠬᠢᠯ | ᠭᠠᠭᠴᠠ ᠵᠣᠷᠢᠭ ᠢᠶᠠᠷ ᠲᠡᠰᠪᠦᠷᠢ ᠬᠠᠲᠠᠭᠤᠵᠢᠯᠲᠠᠶ ᠲᠡᠮᠡᠴᠡᠵᠦ᠂ ᠵᠠᠮ ᠨᠡᠭᠡᠭᠡᠨ ᠤᠷᠤᠭᠰᠢᠯᠠᠵᠤ᠂ ᠡᠬᠡ ᠤᠯᠤᠰ ᠤᠨ | ᠤᠮᠠᠷᠠᠲᠤ ᠬᠢᠯᠢ ᠶᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠨ᠎ᠠ᠃ | | ᠠᠷᠪᠠᠨ ᠨᠠᠢᠮᠠᠳᠤᠭᠠᠷ ᠵᠦᠢᠯ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ | ᠱᠠᠲᠤᠨ ᠳᠤ ᠭᠦᠨᠵᠡᠭᠡᠶᠢᠷᠡᠬᠦ᠂ ᠲᠡᠰᠪᠦᠷᠢ ᠬᠠᠲᠠᠭᠤᠵᠢᠯᠲᠠᠶ ᠲᠡᠮᠡᠴᠡᠬᠦ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠰᠢᠯᠢᠳᠡᠭ ᠤᠯᠠᠮᠵᠢᠯᠠᠯ ᠢ ᠪᠠᠷᠢᠮᠲᠠᠯᠠᠵᠤ᠂ ᠤᠳᠬ᠎ᠠ | ᠤᠷᠠᠯᠢᠭ ᠢ ᠠᠷᠠᠳ ᠲᠦᠮᠡᠨ ᠳᠤ ᠦᠢᠯᠡᠴᠢᠯᠡᠭᠦᠯᠬᠦ᠂ ᠨᠡᠶᠢᠭᠡᠮ ᠵᠢᠷᠤᠮ ᠳᠤ ᠦᠢᠯᠡᠴᠢᠯᠡᠭᠦᠯᠬᠦ ᠶᠢ ᠪᠠᠷᠢᠮᠲᠠᠯᠠᠵᠤ᠂ ᠢᠯᠡ | ᠲᠣᠳᠣ ᠴᠠᠭ ᠦᠶ᠎ᠡ ᠶᠢᠨ ᠣᠨᠴᠠᠯᠢᠭ ᠲᠠᠢ᠂ ᠦᠨᠳᠦᠰᠦᠲᠡᠨ ᠤ ᠣᠨᠴᠠᠯᠢᠭ ᠲᠠᠢ ᠰᠣᠶᠣᠯ ᠤᠨ ᠨᠡᠷᠡᠲᠦ ᠲᠦᠷᠦᠯ | ᠲᠡᠮᠳᠡᠭ ᠢ ᠨᠡᠩ ᠤᠯᠠᠨ ᠡᠭᠦᠳᠴᠦ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ | ᠬᠥᠭᠵᠢᠭᠦᠯᠵᠦ᠂ ᠰᠣᠶᠣᠯ ᠤᠨ ᠬᠡᠪ ᠰᠤᠷᠲᠠᠯ ᠢ ᠬᠥᠲᠥᠯᠥᠨ ᠳᠠᠭᠠᠭᠤᠯᠬᠤ᠂ ᠠᠷᠠᠳ ᠲᠦᠮᠡᠨ ᠳᠤ ᠦᠢᠯᠡᠴᠢᠯᠡᠬᠦ᠂ | ᠨᠡᠶᠢᠭᠡᠮ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠦᠢᠯᠡᠳᠦᠯ ᠢ ᠪᠠᠳᠠᠷᠠᠭᠤᠯᠤᠨ᠎ᠠ᠃ | ᠠᠷᠪᠠ ᠶᠢᠰᠦᠳᠦᠭᠡᠷ ᠵᠦᠢᠯ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ | ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠬᠢᠴᠢᠶᠡᠯ ᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠪᠦᠬᠦ ᠲᠠᠯ᠎ᠠ ᠪᠠᠷ ᠳᠡᠯᠭᠡᠷᠡᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠳᠡᠯᠭᠡᠷᠡᠭᠦᠯᠦᠨ ᠬᠡᠷᠡᠭᠯᠡᠵᠦ᠂ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠦᠨᠳᠦᠰᠦᠨ ᠳᠤ ᠪᠠᠨ ᠡᠵᠡᠮᠰᠢᠨ ᠬᠡᠷᠡᠭᠯᠡᠬᠦ ᠶᠢ ᠦᠨᠡᠨ ᠬᠦ ᠪᠠᠲᠤᠯᠠᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ ᠲᠠᠰᠤᠷᠠᠯᠳᠠ | ᠦᠭᠡᠢ ᠳᠡᠭᠡᠭᠰᠢᠯᠡᠭᠦᠯᠦᠨ᠎ᠡ᠃ ᠴᠥᠭᠡᠨ ᠲᠣᠭᠠᠲᠤ ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠢᠶᠠᠨ | ᠰᠤᠷᠴᠦ ᠬᠡᠷᠡᠭᠯᠡᠬᠦ ᠶᠢ ᠬᠦᠨᠳᠦᠳᠬᠡᠨ ᠳᠡᠮᠵᠢᠵᠦ᠂ ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠢᠶᠠᠨ | ᠬᠠᠷᠢᠯᠴᠠᠨ ᠰᠤᠷᠤᠯᠴᠠᠬᠤ ᠶᠢ ᠵᠣᠷᠢᠬᠵᠢᠭᠤᠯᠤᠨ᠂ ᠦᠨᠳᠦᠰᠦᠲᠡᠨ ᠨᠦᠭᠦᠳ ᠤᠨ ᠰᠤᠷᠤᠭᠴᠢᠳ ᠤᠨ ᠰᠤᠷᠭᠠᠭᠤᠯᠢ | ᠨᠢᠭᠡᠲᠠᠢ ᠠᠩᠭᠢ ᠨᠢᠭᠡᠲᠠᠢ ᠪᠠᠶᠢᠬᠤ ᠶᠢ ᠢᠳᠡᠪᠬᠢᠲᠡᠶ ᠠᠬᠢᠭᠤᠯᠤᠨ᠎ᠠ᠃ | ᠬᠤᠷᠢᠳᠤᠭᠠᠷ ᠵᠦᠢᠯ ᠤᠯᠤᠰ ᠤᠨ ᠨᠢᠭᠡᠳᠦᠯ᠂ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ | ᠬᠤᠪᠢᠰᠬᠠᠯ ᠤᠨ ᠲᠡᠤᠬᠡ ᠶᠢᠨ ᠬᠠᠭᠤᠴᠢ ᠪᠠᠭᠤᠷᠢ ᠪᠠ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ | ᠴᠢᠩᠭᠠᠳᠬᠠᠨ᠎ᠠ᠃ ᠴᠢᠬᠤᠯᠠ ᠶᠡᠭᠡ ᠲᠡᠦᠬᠡ ᠶᠢᠨ ᠬᠡᠷᠡᠭ ᠶᠠᠪᠤᠳᠠᠯ ᠪᠣᠯᠤᠨ ᠳᠤᠮᠳᠠᠳᠤ ᠶᠢᠨ ᠲᠡᠦᠬᠡ ᠶᠢᠨ ᠨᠡᠷᠡᠳᠤ | ᠬᠥᠮᠦᠰ ᠢ ᠳᠤᠷᠠᠰᠬᠠᠬᠤ ᠠᠵᠢᠯᠯᠠᠭ᠎ᠠ᠂ ᠤᠯᠤᠰ ᠤᠨ ᠨᠡᠶᠢᠲᠡ ᠶᠢᠨ ᠲᠠᠬᠢᠯᠭ᠎ᠠ ᠶᠢᠨ ᠶᠣᠰᠣᠯᠠᠯ᠂ ᠦᠷᠡᠭᠳᠡᠭᠰᠡᠨ | ᠪᠠᠭᠠᠲᠤᠷᠴᠤᠳ ᠤᠨ ᠳᠤᠷᠠᠰᠬᠠᠯ ᠤᠨ ᠡᠳᠦᠷ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ | ᠭᠠᠵᠠᠷ᠂ ᠲᠡᠦᠬᠡ ᠶᠢᠨ ᠦᠯᠡᠳᠡᠭᠳᠡᠯ ᠵᠡᠷᠭᠡ ᠶᠢ ᠭᠦᠢᠴᠡᠳ ᠠᠰᠢᠭᠯᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ | ᠵᠣᠷᠢᠭ ᠰᠠᠨᠠᠭ᠎ᠠ ᠶᠢ ᠬᠥᠮᠦᠵᠢᠭᠦᠯᠵᠦ᠂ ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠨ᠎ᠠ᠃ | ᠬᠤᠷᠢᠨ ᠨᠢᠭᠡᠳᠦᠭᠡᠷ ᠵᠦᠢᠯ ᠤᠳᠬ᠎ᠠ ᠤᠷᠠᠯᠢᠭ ᠤᠨ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠤᠳᠬ᠎ᠠ ᠤᠷᠠᠯᠢᠭ ᠤᠨ | ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠡᠭᠦᠳᠦᠨ ᠭᠠᠷᠭᠠᠬᠤ ᠶᠢ ᠴᠢᠩᠭᠠᠳᠬᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠡᠤᠬᠡ ᠶᠢᠨ ᠰᠤᠳᠤᠯᠭᠠᠨ ᠢ ᠭᠦᠨᠵᠡᠭᠡᠶᠢᠷᠡᠭᠦᠯᠵᠦ᠂ ᠥᠪᠥᠷ | ᠮᠣᠩᠭᠤᠯ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠤᠬᠡ ᠶᠢᠨ ᠪᠣᠳᠠᠲᠤ | ᠶᠠᠪᠤᠳᠠᠯ ᠢ ᠠᠭᠤᠳᠠᠯᠤᠨ ᠡᠮᠬᠢᠳᠬᠡᠵᠦ᠂ ᠳᠤᠮᠳᠠᠳᠤ ᠶᠢᠨ ᠰᠣᠶᠣᠯ ᠤᠨ ᠠᠭᠤᠯᠤᠭᠳᠠᠬᠤᠨ ᠲᠠᠢ᠂ ᠥᠪᠥᠷ | ᠮᠣᠩᠭᠤᠯ ᠤᠨ ᠣᠨᠴᠠᠯᠢᠭ ᠢ ᠲᠤᠰᠬᠠᠭᠰᠠᠨ᠂ ᠣᠳᠣ ᠦᠶ᠎ᠡ ᠶᠢᠨ ᠪᠣᠯᠪᠠᠰᠤᠨ ᠢ ᠠᠭᠤᠰᠤᠯᠴᠠᠭᠤᠯᠤᠭᠰᠠᠨ᠂ ᠣᠯᠠᠨ | ᠲᠦᠮᠡᠨ ᠤ ᠦᠵᠡᠵᠦ ᠰᠣᠨᠣᠰᠬᠤ ᠳᠤᠷᠠᠲᠠᠶ ᠪᠦᠲᠦᠭᠡᠯ ᠢ ᠡᠭᠦᠳᠦᠨ ᠭᠠᠷᠭᠠᠨ᠎ᠠ᠃ ᠣᠯᠠᠨ ᠲᠦᠮᠡᠨᠴᠢ ᠵᠠᠭᠤᠴᠢᠯᠠᠭᠤᠷ᠂ | ᠰᠢᠨ᠎ᠡ ᠪᠠᠷ ᠪᠣᠢ ᠪᠣᠯᠣᠭᠰᠠᠨ ᠵᠠᠭᠤᠴᠢᠯᠠᠭᠤᠷ ᠨᠢ ᠠᠴᠢᠶᠠᠯᠠᠪᠤᠷᠢ ᠪᠣᠯᠤᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠰᠢᠨ᠎ᠡ | ᠮᠡᠷᠭᠡᠵᠢᠯ ᠢ ᠭᠦᠢᠴᠡᠳ ᠠᠰᠢᠭᠯᠠᠨ᠂ ᠠᠳᠠᠯᠢ ᠪᠤᠰᠤ ᠡᠲᠡᠭᠡᠳ ᠪᠣᠯᠤᠨ ᠬᠦᠯᠢᠶᠡᠨ ᠠᠪᠤᠭᠴᠢᠳ ᠤᠨ ᠣᠨᠴᠠᠯᠢᠭ ᠲᠤ | ᠴᠢᠭᠯᠡᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠮᠡᠳᠡᠭᠡᠯᠡᠯ ᠤᠨ ᠠᠵᠢᠯᠯᠠᠭ᠎ᠠ ᠶᠢ ᠣᠯᠠᠨ | ᠠᠷᠭ᠎ᠠ ᠵᠠᠮ ᠢᠶᠠᠷ ᠪᠦᠬᠦ ᠲᠠᠯ᠎ᠠ ᠪᠠᠷ ᠥᠷᠨᠢᠭᠦᠯᠦᠨ᠎ᠡ᠃ | ᠬᠤᠷᠢᠨ ᠬᠤᠶᠠᠳᠤᠭᠠᠷ ᠵᠦᠢᠯ ᠳᠤᠮᠳᠠᠳᠤ ᠤᠯᠤᠰ ᠤᠨ ᠤᠯᠠᠮᠵᠢᠯᠠᠯᠲᠤ ᠠᠶᠢᠯ ᠲᠣᠰᠬᠤᠨ ᠢ ᠬᠠᠮᠠᠭᠠᠯᠠᠬᠤ | ᠢᠨᠵᠧᠨᠧᠷᠢᠩ ᠢ ᠬᠡᠷᠡᠭᠵᠢᠭᠦᠯᠵᠦ᠂ ᠲᠡᠦᠬᠡ ᠰᠣᠶᠣᠯ ᠤᠨ ᠨᠡᠷᠡᠲᠦ ᠬᠤᠲᠠ ᠨᠡᠷᠡᠲᠦ ᠪᠠᠯᠭᠠᠰᠤ ᠨᠡᠷᠡᠲᠦ ᠲᠣᠰᠬᠤᠨ᠂ | ᠲᠡᠦᠬᠡ ᠰᠣᠶᠣᠯ ᠤᠨ ᠵᠡᠭᠡᠯᠢ ᠲᠣᠭᠤᠷᠢᠭ᠂ ᠨᠡᠷᠡᠲᠦ ᠬᠥᠮᠦᠰ ᠤᠨ ᠬᠠᠭᠤᠴᠢᠨ ᠰᠠᠭᠤᠴᠠ ᠶᠢᠨ ᠬᠠᠮᠠᠭᠠᠯᠠᠯᠲᠠ ᠶᠢ | ᠴᠢᠩᠭᠠᠳᠬᠠᠵᠤ᠂ ᠤᠯᠠᠮᠵᠢᠯᠠᠯᠲᠤ ᠠᠷᠠᠳ ᠤᠨ ᠣᠷᠣᠨ ᠰᠠᠭᠤᠴᠠ᠂ ᠲᠡᠤᠬᠡ ᠶᠢᠨ ᠪᠠᠷᠢᠯᠭ᠎ᠠ᠂ ᠲᠠᠷᠢᠶᠠᠯᠠᠩ ᠮᠠᠯ ᠠᠵᠤ | ᠠᠬᠤᠶ ᠶᠢᠨ ᠰᠣᠶᠣᠯ ᠤᠨ ᠥᠪ᠂ ᠠᠵᠤ ᠦᠢᠯᠡᠳᠪᠦᠷᠢ ᠶᠢᠨ ᠥᠪ᠂ ᠪᠠᠶᠢᠭᠠᠯᠢ ᠶᠢᠨ ᠥᠪ ᠤᠨ ᠬᠠᠮᠠᠭᠠᠯᠠᠯᠲᠠ ᠶᠢ | ᠰᠠᠶᠢᠲᠤᠷ ᠬᠢᠨ᠎ᠡ᠃ | ᠬᠤᠷᠢᠨ ᠭᠤᠷᠪᠠᠳᠤᠭᠠᠷ ᠵᠦᠢᠯ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠵᠤ | ᠬᠥᠭᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠵᠠᠩ | ᠳᠠᠳᠬᠠᠯ᠂ ᠤᠯᠠᠮᠵᠢᠯᠠᠯᠲᠤ ᠪᠠᠶᠠᠷ ᠳᠤᠷᠠᠰᠬᠠᠯ᠂ ᠤᠯᠠᠮᠵᠢᠯᠠᠯᠲᠤ ᠤᠷᠠᠯᠢᠭ᠂ ᠤᠯᠠᠮᠵᠢᠯᠠᠯᠲᠤ ᠭᠠᠷ ᠤᠷᠠᠯᠠᠯ ᠵᠡᠷᠭᠡ ᠶᠢ | ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠳᠡᠮᠵᠢᠵᠦ᠂ ᠪᠣᠳᠠᠰ ᠤᠨ ᠪᠤᠰᠤ ᠰᠣᠶᠣᠯ ᠤᠨ ᠥᠪ ᠢ ᠵᠠᠯᠭᠠᠮᠵᠢᠯᠠᠬᠤ | ᠳᠤᠮᠳᠠ ᠬᠥᠭᠵᠢᠭᠦᠯᠬᠦ᠂ ᠬᠥᠭᠵᠢᠭᠦᠯᠬᠦ ᠳᠤᠮᠳᠠ ᠵᠠᠯᠭᠠᠮᠵᠢᠯᠠᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ | ᠰᠣᠶᠣᠯ ᠢ ᠤᠯᠠᠮᠵᠢᠯᠠᠨ ᠬᠠᠮᠠᠭᠠᠯᠠᠬᠤ ᠪᠠ ᠰᠢᠨ᠎ᠡ ᠶᠢ ᠡᠭᠦᠳᠴᠦ ᠠᠭᠤᠰᠤᠯᠴᠠᠬᠤ ᠶᠢ ᠠᠬᠢᠭᠤᠯᠤᠨ᠎ᠠ᠃ | ᠬᠤᠷᠢᠨ ᠲᠦᠷᠪᠡᠳᠦᠭᠡᠷ ᠵᠦᠢᠯ ᠥᠪᠥᠷ ᠮᠣᠩᠭᠤᠯ ᠤᠨ ᠰᠢᠯᠢᠳᠡᠭ ᠤᠳᠬ᠎ᠠ ᠵᠣᠬᠢᠶᠠᠯ᠂ ᠳᠠᠭᠤᠤ ᠬᠥᠭᠵᠢᠮ᠂ | ᠪᠥᠵᠢᠭ᠂ ᠤᠷᠠᠨ ᠵᠢᠷᠤᠭ᠂ ᠤᠷᠠᠨ ᠪᠢᠴᠢᠯᠭᠡ᠂ ᠰᠢ ᠳᠠᠭᠤᠤᠷᠢᠯᠢᠬ᠂ ᠤᠯᠠᠮᠵᠢᠯᠠᠯᠲᠤ ᠵᠦᠴᠦᠭᠡ ᠵᠡᠷᠭᠡ ᠶᠢ | ᠠᠭᠤᠳᠠᠯᠤᠨ ᠡᠮᠬᠢᠯᠡᠵᠦ᠂ ᠲᠡᠤᠬᠡ ᠶᠢᠨ ᠳᠤᠷᠠᠰᠬᠠᠯᠲᠤ ᠵᠦᠢᠯᠡᠰ ᠰᠤᠳᠤᠷ ᠪᠢᠴᠢᠭ ᠢ ᠬᠠᠮᠠᠭᠠᠯᠠᠬᠤ᠂ ᠰᠤᠳᠤᠯᠬᠤ᠂ | ᠠᠰᠢᠭᠯᠠᠬᠤ ᠶᠢ ᠴᠢᠩᠭᠠᠳᠬᠠᠵᠤ᠂ ᠲᠡᠭᠦᠨ ᠳᠤ ᠠᠭᠤᠯᠤᠭᠳᠠᠵᠤ ᠪᠦᠬᠦᠢ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠵᠡᠯ ᠰᠠᠨᠠᠭᠠᠨ ᠤ ᠠᠭᠤᠯᠤᠭᠳᠠᠬᠤᠨ ᠢ ᠪᠠᠳᠠᠷᠠᠭᠤᠯᠵᠦ᠂ ᠦᠨᠳᠦᠰᠦᠲᠡᠨ ᠨᠦᠭᠦᠳ ᠤᠨ | ᠰᠣᠩᠭᠤᠳᠠᠭ ᠲᠤᠯᠭᠤᠷ ᠪᠢᠴᠢᠭ ᠢ ᠬᠠᠷᠢᠯᠴᠠᠨ ᠣᠷᠴᠢᠭᠤᠯᠵᠤ ᠬᠡᠪᠯᠡᠭᠦᠯᠬᠦ ᠠᠵᠢᠯ ᠢ ᠰᠠᠶᠢᠲᠤᠷ ᠬᠢᠨ᠎ᠡ᠃ | ᠬᠤᠷᠢᠨ ᠲᠠᠪᠤᠳᠤᠭᠠᠷ ᠵᠦᠢᠯ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢ | ᠬᠥᠭᠵᠢᠭᠦᠯᠵᠦ᠂ ᠨᠠᠭᠠᠳᠤᠮ ᠵᠡᠷᠭᠡ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠨ᠎ᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠥᠷᠪᠡᠨ ᠵᠢᠯ ᠳᠤ ᠨᠢᠭᠡ ᠬᠤᠭᠤᠴᠠᠭᠠᠨ ᠤ | ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠵᠦ᠂ ᠠᠶᠢᠮᠠᠭ ᠤᠨ | ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠳᠠᠲᠤ ᠪᠠᠶᠢᠳᠠᠯ ᠢᠶᠠᠨ ᠦᠨᠳᠦᠰᠦᠯᠡᠨ | ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠪᠣᠯᠤᠨ ᠤᠷᠤᠯᠳᠤᠭᠠᠨ ᠢ ᠲᠣᠭᠲᠠᠮᠠᠯ | ᠬᠤᠭᠤᠴᠠᠭ᠎ᠠ ᠲᠠᠢ ᠪᠠᠷ ᠡᠷᠬᠢᠯᠡᠬᠦ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠥᠪᠥᠷ ᠮᠣᠩᠭᠤᠯ ᠤᠨ ᠡᠯᠪᠡᠭ ᠪᠠᠶᠠᠯᠢᠭ ᠲᠡᠦᠬᠡ ᠰᠣᠶᠣᠯ ᠤᠨ ᠡᠬᠢ ᠪᠠᠶᠠᠯᠢᠭ᠂ ᠥᠪᠡᠷᠮᠢᠴᠡ ᠣᠨᠴᠠᠯᠢᠭ ᠲᠠᠢ | ᠦᠨᠳᠦᠰᠦᠲᠡᠨ ᠤ ᠵᠠᠩ ᠳᠠᠳᠬᠠᠯ ᠢ ᠭᠦᠢᠴᠡᠳ ᠠᠰᠢᠭᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠦᠯᠢᠭᠡᠷ ᠢ ᠰᠠᠶᠢᠲᠤᠷ ᠶᠠᠷᠢᠵᠤ᠂ ᠰᠣᠳᠣᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠵᠢᠭᠤᠯᠴᠢᠯᠠᠯ ᠤᠨ ᠵᠠᠮ | ᠱᠤᠭᠤᠮ ᠢ ᠴᠣᠭᠴᠠᠯᠠᠨ᠎ᠠ᠃ | ᠭᠤᠷᠪᠠᠳᠤᠭᠠᠷ ᠪᠦᠯᠦᠭ ᠦᠨᠳᠦᠰᠦᠲᠡᠨ ᠨᠦᠭᠦᠳ ᠤᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ | | ᠬᠤᠷᠢᠨ ᠲᠤᠯᠤᠳᠤᠭᠠᠷ ᠵᠦᠢᠯ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠶᠢᠨ ᠲᠣᠭᠤᠷᠢᠨ ᠳᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠠᠮᠢ ᠠᠬᠤᠶ ᠶᠢ | ᠤᠷᠢᠳ ᠢᠶᠠᠷ ᠪᠤᠳᠤᠯᠬᠢᠯᠠᠭᠰᠠᠨ ᠪᠣᠬᠢᠷᠲᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠠᠬᠤᠶ ᠶᠢᠨ | ᠲᠣᠬᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠳᠤ | ᠣᠶᠢᠯᠡᠴᠢᠯᠡᠵᠦ᠂ ᠵᠠᠰᠠᠯᠲᠠ ᠶᠢᠨ ᠲᠣᠬᠲᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠵᠤ᠂ ᠨᠡᠩ ᠴᠢᠨᠠᠷ ᠰᠠᠶᠢᠲᠠᠶ᠂ ᠨᠡᠩ ᠦᠷ᠎ᠡ ᠪᠦᠲᠦᠮᠵᠢᠲᠡᠶ᠂ ᠨᠡᠩ ᠡᠷᠬᠡ ᠲᠡᠭᠰᠢ᠂ ᠨᠡᠩ | ᠦᠷᠭᠦᠯᠵᠢᠯᠡᠬᠦ᠋ᠢᠴᠡ᠂ ᠨᠡᠩ ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠦᠨ᠎ᠡ᠃ | ᠬᠤᠷᠢᠨ ᠨᠠᠢᠮᠠᠳᠤᠭᠠᠷ ᠵᠦᠢᠯ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ | ᠭᠦᠨᠵᠡᠭᠡᠶ ᠠᠭᠤᠰᠤᠯᠴᠠᠵᠤ᠂ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ | ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠬᠠᠳᠤᠨ ᠭᠤᠤᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠨᠠᠶᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ ᠾᠧᠪᠸᠢ ᠯᠦᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ | ᠴᠢᠩᠭᠠᠳᠬᠠᠵᠤ᠂ ᠣᠷᠣᠰ ᠮᠣᠩᠭᠤᠯ ᠲᠠᠢ ᠨᠡᠪᠲᠡᠷᠡᠯᠴᠡᠬᠦ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ | ᠡᠬᠢ ᠪᠠᠶᠠᠯᠢᠭ ᠤᠨ ᠴᠢᠬᠤᠯᠠ ᠬᠦᠴᠦᠨ ᠵᠦᠢᠯ ᠤᠨ ᠲᠣᠬᠢᠷᠠᠭᠤᠯᠤᠯᠲᠠ ᠪᠠ ᠦᠢᠯᠡᠳᠪᠦᠷᠢᠯᠡᠯ ᠤᠨ ᠬᠦᠴᠦᠨ ᠤ ᠣᠷᠣᠨ | ᠵᠠᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠡᠭᠦᠨ᠂ ᠳᠤᠮᠳᠠ᠂ | ᠪᠠᠷᠠᠭᠤᠨ ᠬᠡᠰᠡᠭ ᠤᠨ ᠭᠠᠵᠠᠷ ᠣᠷᠣᠨ ᠤ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠵᠦᠷᠢᠶᠡᠴᠢᠯᠡᠭᠰᠡᠨ | ᠵᠣᠬᠢᠴᠠᠩᠭᠤᠶ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠨᠢᠭᠡᠳᠦᠯᠲᠡᠶ ᠲᠥᠯᠥᠪᠵᠢᠭᠦᠯᠦᠨ | ᠠᠬᠢᠭᠤᠯᠤᠨ᠎ᠠ᠃ | ᠬᠤᠷᠢ ᠶᠢᠰᠦᠳᠦᠭᠡᠷ ᠵᠦᠢᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ | ᠭᠤᠭᠴᠤᠭ᠎ᠠ ᠳᠠᠬᠢ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠢ | ᠲᠦᠷᠭᠡᠳᠬᠡᠨ ᠬᠥᠭᠵᠢᠭᠦᠯᠵᠦ᠂ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ | ᠠᠬᠤᠶ ᠶᠢᠨ ᠴᠢᠨᠠᠷ ᠰᠠᠶᠢᠲᠠᠶ ᠥᠨᠳᠥᠷ ᠪᠦᠲᠦᠮᠵᠢᠲᠡᠶ᠂ ᠬᠥᠳᠡᠭᠡ ᠲᠣᠰᠬᠤᠨ ᠤ ᠠᠵᠢᠯᠯᠠᠵᠦ ᠠᠮᠢᠳᠤᠷᠠᠬᠤ ᠳᠤ | ᠲᠣᠬᠢᠷᠠᠮᠵᠢᠲᠠᠶ᠂ ᠮᠠᠯᠴᠢᠨ ᠲᠠᠷᠢᠶᠠᠴᠢᠨ ᠤ ᠪᠠᠶᠠᠨ ᠴᠢᠨᠡᠭᠡᠯᠢᠭ ᠪᠣᠯᠬᠤ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ | ᠣᠷᠣᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡ ᠶᠢ | ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠪᠠ | ᠵᠠᠮ ᠬᠠᠷᠢᠯᠴᠠᠭ᠎ᠠ ᠨᠡᠪᠲᠡᠷᠡᠬᠦ ᠲᠥᠪᠰᠢᠨ ᠢ ᠳᠡᠭᠡᠭᠰᠢᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ | ᠭᠦᠢᠯᠭᠡᠭᠡᠨ ᠤ ᠲᠣᠬᠲᠠᠯᠴᠠᠭ᠎ᠠ ᠶᠢ ᠪᠦᠷᠢᠨᠰᠢᠬᠦᠯᠵᠦ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ | ᠵᠠᠰᠠᠬᠤ ᠶᠢ ᠠᠬᠢᠭᠤᠯᠤᠨ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠭᠠᠵᠠᠷ ᠣᠷᠣᠨ ᠤ | ᠪᠠᠶᠢᠳᠠᠯ ᠳᠤ ᠨᠢ ᠳᠣᠭᠢᠷᠠᠭᠤᠯᠤᠨ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ᠂ ᠠᠮᠢᠳᠤᠷᠠᠯ ᠤᠨ | ᠬᠤᠭ ᠨᠣᠪᠰᠢ ᠶᠢ ᠰᠢᠢᠳᠪᠦᠷᠢᠯᠡᠬᠦ ᠪᠠ ᠪᠣᠬᠢᠷ ᠤᠰᠤᠨ ᠤ ᠵᠠᠰᠠᠯᠲᠠ ᠶᠢ ᠠᠬᠢᠭᠤᠯᠵᠤ᠂ ᠣᠷᠣᠰᠢᠨ ᠰᠠᠭᠤᠬᠤ ᠣᠷᠴᠢᠨ | ᠲᠣᠭᠤᠷᠢᠨ ᠢ ᠰᠠᠶᠢᠵᠢᠷᠠᠭᠤᠯᠵᠤ᠂ ᠠᠮᠤᠷ ᠠᠮᠤᠭᠤᠯᠠᠩ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠥᠳᠡᠭᠡ | ᠲᠣᠰᠬᠤᠨ ᠤ ᠴᠢᠳᠠᠮᠠᠭᠠᠶ ᠵᠠᠰᠠᠯᠲᠠ ᠶᠢᠨ ᠲᠥᠪᠰᠢᠨ ᠢ ᠳᠡᠭᠡᠭᠰᠢᠯᠡᠭᠦᠯᠦᠨ᠎ᠡ᠃ | ᠭᠤᠴᠢᠳᠤᠭᠠᠷ ᠵᠦᠢᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠦᠯᠳᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ | ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠲᠣᠣᠷ᠎ᠠ ᠣᠷᠣᠯᠭ᠎ᠠ ᠲᠠᠢ ᠬᠥᠮᠦᠨ | ᠠᠮᠠ ᠪᠠ ᠬᠠᠷᠠᠬᠠᠨ ᠬᠥᠭᠵᠢᠭᠡᠳᠦᠢ ᠭᠠᠵᠠᠷ ᠣᠷᠣᠨ ᠢ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ | ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠨᠵᠢᠯᠡᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ | ᠪᠦᠷᠢᠨᠰᠢᠭᠦᠯᠦᠨ᠎ᠡ᠃ ᠰᠢᠶᠠᠨ ᠤ ᠬᠡᠪᠴᠢᠶᠡᠨ ᠤ ᠠᠵᠤ ᠠᠬᠤᠶ ᠶᠢ ᠬᠥᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠬᠥᠳᠡᠭᠡ | ᠲᠣᠰᠬᠤᠨ ᠤ ᠠᠵᠤ ᠠᠬᠤᠶ ᠶᠢᠨ ᠡᠵᠡᠩᠨᠡᠯᠲᠡ ᠶᠢᠨ ᠪᠠᠶᠢᠳᠠᠯ ᠢ ᠪᠠᠶᠠᠯᠢᠬᠵᠢᠭᠤᠯᠵᠤ᠂ ᠬᠥᠭᠵᠢᠯᠲᠡ ᠶᠢᠨ ᠳᠣᠲᠣᠭᠠᠳᠤ | ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠣᠷᠣᠯᠭ᠎ᠠ ᠪᠠᠨ ᠣᠷᠳᠣ ᠬᠤᠭᠤᠴᠠᠭ᠎ᠠ ᠪᠠᠷ ᠲᠣᠭᠲᠠᠭᠤᠨ ᠢᠶᠠᠷ ᠨᠡᠮᠡᠭᠳᠡᠭᠦᠯᠬᠦ ᠶᠢ ᠦᠨᠡᠨ ᠬᠦ ᠪᠠᠲᠤᠯᠠᠵᠤ᠂ | ᠶᠠᠳᠠᠭᠤ ᠠᠴᠠ ᠠᠩᠭᠢᠵᠢᠷᠠᠭᠤᠯᠤᠭᠰᠠᠨ ᠭᠠᠵᠠᠷ ᠣᠷᠣᠨ ᠤ ᠪᠥᠬᠦ ᠲᠠᠯ᠎ᠠ ᠪᠠᠷ ᠭᠦᠭᠵᠢᠨ ᠮᠠᠨᠳᠤᠵᠦ᠂ ᠬᠠᠮᠳᠤ ᠪᠠᠷ | ᠴᠢᠨᠡᠭᠡᠯᠢᠭᠵᠢᠬᠦ ᠶᠢ ᠠᠬᠢᠭᠤᠯᠤᠨ᠎ᠠ᠃ | ᠭᠤᠴᠢᠨ ᠨᠢᠭᠡᠳᠦᠭᠡᠷ ᠵᠦᠢᠯ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢᠶᠠᠨ ᠪᠠᠶᠠᠵᠢᠭᠤᠯᠬᠤ᠂ ᠬᠢᠯᠢ ᠬᠢᠵᠠᠭᠠᠷ ᠣᠷᠣᠨ ᠢ | ᠲᠣᠭᠲᠠᠪᠤᠷᠢᠵᠢᠭᠤᠯᠤᠨ ᠪᠠᠬᠢᠵᠢᠭᠦᠯᠬᠦ ᠶᠢ ᠠᠬᠢᠭᠤᠯᠵᠤ᠂ ᠡᠳ᠋ ᠤᠨ ᠵᠠᠰᠠᠭ᠂ ᠭᠠᠶᠢᠯᠢ ᠲᠠᠲᠠᠪᠤᠷᠢ᠂ ᠢᠲᠡᠭᠡᠮᠵᠢᠲᠦ | ᠵᠢᠭᠡᠯᠡᠯᠭᠡ᠂ ᠭᠠᠵᠠᠷ ᠰᠢᠷᠣᠢ ᠬᠡᠷᠡᠭᠯᠡᠬᠦ ᠵᠡᠷᠭᠡ ᠲᠥᠷᠥ ᠶᠢᠨ ᠪᠣᠳᠣᠯᠭ᠎ᠠ ᠶᠢ ᠭᠦᠢᠴᠡᠳ ᠠᠰᠢᠭᠯᠠᠨ᠂ ᠭᠠᠵᠠᠷ ᠣᠷᠣᠨ | ᠪᠠ ᠦᠨᠳᠦᠰᠦᠲᠡᠨ ᠤ ᠣᠨᠴᠠᠯᠢᠭ ᠲᠠᠢ ᠠᠵᠤ ᠦᠢᠯᠡᠰ᠂ ᠦᠢᠯᠡᠳᠪᠦᠷᠢᠯᠡᠵᠦ ᠡᠳ᠋ᠰᠢᠭᠦᠯᠬᠦ ᠠᠷᠠᠯᠵᠢᠶᠠᠨ ᠤ ᠠᠵᠤ | ᠠᠬᠤᠶᠢᠯᠠᠯ᠂ ᠵᠢᠭᠤᠯᠴᠢᠯᠠᠯ ᠤᠨ ᠦᠢᠯᠡᠰ ᠤᠨ ᠬᠥᠭᠵᠢᠨ ᠪᠤᠵᠠᠭᠠᠶᠢᠷᠠᠬᠤ ᠶᠢ ᠳᠡᠮᠵᠢᠵᠦ᠂ ᠣᠷᠣᠨ ᠨᠤᠲᠤᠭ ᠪᠣᠯᠤᠨ | ᠦᠨᠳᠦᠰᠦᠲᠡᠨ ᠤ ᠣᠨᠴᠠᠯᠢᠭ ᠲᠠᠢ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠲᠠᠢ ᠲᠦᠷᠦᠯ ᠲᠡᠮᠳᠡᠭ ᠢ | ᠪᠤᠶᠢᠵᠢᠭᠤᠯᠤᠨ ᠪᠤᠶ ᠪᠣᠯᠭᠠᠨ᠎ᠠ᠃ ᠬᠢᠯᠢ ᠬᠢᠵᠠᠭᠠᠷ ᠣᠷᠣᠨ ᠤ ᠬᠥᠭᠵᠢᠯᠲᠡ ᠶᠢ ᠠᠬᠢᠭᠤᠯᠬᠤ ᠢᠨᠵᠧᠨᠧᠷᠢᠩ ᠢ | ᠬᠡᠷᠡᠭᠵᠢᠭᠦᠯᠵᠦ᠂ ᠬᠢᠯᠢ ᠶᠢᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠯᠢ | ᠬᠢᠵᠠᠭᠠᠷ ᠢᠶᠠᠨ ᠰᠠᠬᠢᠵᠤ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠢᠯᠢ ᠳᠠᠭᠠᠤ ᠬᠤᠲᠠ ᠪᠠᠯᠭᠠᠰᠤ ᠶᠢᠨ ᠢᠵᠢ | ᠪᠦᠷᠢᠳᠦᠭᠰᠡᠨ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠪᠣᠯᠤᠨ ᠠᠵᠤ | ᠦᠢᠯᠡᠰ ᠤᠨ ᠲᠠᠪᠴᠠᠩ ᠤᠨ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ | ᠭᠤᠴᠢᠨ ᠬᠤᠶᠠᠳᠤᠭᠠᠷ ᠵᠦᠢᠯ ᠠᠵᠤ ᠠᠬᠤᠶ ᠶᠢᠨ ᠨᠥᠬᠦᠪᠥᠷᠢ ᠥᠭᠬᠦ᠂ ᠣᠷᠴᠢᠨ ᠠᠬᠤᠶ ᠶᠢ | ᠰᠢᠯᠢᠳᠡᠭᠵᠢᠭᠦᠯᠬᠦ᠂ ᠡᠬᠢ ᠪᠠᠶᠠᠯᠢᠭ ᠤᠨ ᠬᠠᠷᠠᠭᠠᠯᠵᠠᠯ ᠦᠵᠡᠭᠦᠯᠬᠦ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠬᠥᠮᠦᠨ | ᠠᠮᠠ ᠴᠥᠭᠡᠪᠲᠦᠷ ᠦᠨᠳᠦᠰᠦᠲᠡᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠵᠦ᠂ | ᠬᠥᠮᠦᠨ ᠠᠮᠠ ᠴᠥᠭᠡᠪᠲᠦᠷ ᠦᠨᠳᠦᠰᠦᠲᠡᠨ ᠤ ᠣᠨᠴᠠᠯᠢᠭ ᠲᠠᠢ ᠲᠣᠰᠬᠤᠨ ᠪᠠᠯᠭᠠᠰᠤ ᠶᠢ ᠬᠠᠮᠠᠭᠠᠯᠠᠨ ᠬᠥᠭᠵᠢᠭᠦᠯᠵᠦ᠂ | ᠬᠥᠮᠦᠨ ᠠᠮᠠ ᠴᠥᠭᠡᠪᠲᠦᠷ ᠦᠨᠳᠦᠰᠦᠲᠡᠨ ᠤ ᠤᠯᠠᠮᠵᠢᠯᠠᠯᠲᠤ ᠠᠵᠤ ᠦᠢᠯᠡᠰ ᠢ ᠬᠠᠮᠠᠭᠠᠯᠠᠨ ᠣᠯᠠᠮᠵᠢᠯᠠᠨ᠎ᠠ᠃ | ᠭᠤᠴᠢᠨ ᠭᠤᠷᠪᠠᠳᠤᠭᠠᠷ ᠵᠦᠢᠯ ᠤᠯᠤᠰ ᠤᠨ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ᠂ ᠵᠠᠮ | ᠬᠠᠷᠢᠯᠴᠠᠭ᠎ᠠ ᠤᠰᠤᠨ ᠠᠰᠢᠭᠯᠠᠯᠲᠠ ᠵᠡᠷᠭᠡ ᠴᠢᠬᠤᠯᠠ ᠶᠡᠭᠡ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠳᠤ | ᠢᠳᠡᠪᠬᠢᠲᠡᠶ ᠣᠷᠣᠯᠴᠠᠵᠤ᠂ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ ᠢᠶᠠᠷ ᠭᠤᠤᠯ ᠴᠣᠭᠴᠠ ᠪᠣᠯᠭᠠᠭᠰᠠᠨ | ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠲᠦᠷᠭᠡᠭᠡᠨ ᠪᠦᠷᠢᠯᠳᠦᠭᠦᠯᠵᠦ᠂ | ᠰᠠᠭᠤᠷᠢ ᠲᠥᠬᠦᠭᠡᠷᠦᠮᠵᠢ ᠶᠢᠨ ᠬᠠᠷᠢᠯᠴᠠᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠤᠨ᠎ᠠ᠃ ᠬᠤᠲᠠ ᠬᠥᠳᠡᠭᠡ ᠶᠢ | ᠬᠠᠮᠤᠷᠤᠭᠰᠠᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠣᠬᠲᠠᠯᠴᠠᠭ᠎ᠠ ᠶᠢ ᠪᠦᠷᠢᠨᠰᠢᠭᠦᠯᠵᠦ᠂ ᠣᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠲᠡᠩᠴᠡᠭᠦᠷᠢᠯᠡᠬᠦ ᠶᠢ ᠠᠬᠢᠭᠤᠯᠵᠤ᠂ ᠬᠡᠷᠡᠭᠯᠡᠬᠦ ᠪᠣᠯᠤᠮᠵᠢᠲᠦ ᠴᠢᠨᠠᠷ᠂ | ᠬᠦᠷᠦᠯᠴᠡᠬᠦ᠋ᠢᠴᠡ ᠴᠢᠨᠠᠷ ᠢ ᠠᠬᠢᠭᠤᠯᠤᠨ᠎ᠠ᠃ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠲᠣᠬᠲᠠᠯᠴᠠᠭ᠎ᠠ ᠶᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠬᠡᠷᠡᠭᠵᠢᠭᠦᠯᠵᠦ᠂ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠢᠨᠵᠧᠨᠧᠷᠢᠩ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠦᠷᠭᠡᠳᠭᠡᠵᠤ᠂ | ᠳᠣᠷᠣᠭᠰᠢ ᠪᠠᠭᠤᠯᠭᠠᠬᠤ ᠢᠨᠵᠧᠨᠧᠷᠢᠩ ᠢ ᠰᠢᠨ᠎ᠡ ᠶᠢ ᠡᠭᠦᠳᠦᠨ ᠬᠡᠷᠡᠭᠵᠢᠭᠦᠯᠵᠦ᠂ ᠬᠤᠲᠠ ᠬᠥᠳᠡᠭᠡ ᠶᠢᠨ ᠨᠡᠶᠢᠭᠡᠮ | ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ᠂ ᠨᠠᠰᠤᠵᠢᠯ ᠤᠨ ᠦᠢᠯᠡᠴᠢᠯᠡᠭᠡᠨ ᠤ | ᠲᠥᠬᠦᠭᠡᠷᠦᠮᠵᠢ ᠪᠣᠯᠤᠨ ᠬᠡᠤᠬᠡᠳ ᠤᠨ ᠠᠰᠠᠷᠠᠮᠵᠢ ᠶᠢᠨ ᠲᠥᠬᠦᠭᠡᠷᠦᠮᠵᠢ ᠶᠢ ᠨᠢᠭᠡᠳᠦᠯᠲᠡᠶ ᠲᠥᠯᠥᠪᠵᠢᠭᠦᠯᠦᠨ | ᠪᠥᠲᠥᠭᠡᠨ ᠪᠠᠶᠢᠭᠤᠯᠤᠨ᠎ᠠ᠃ ᠦᠨᠳᠦᠰᠦᠲᠡᠨ ᠤ ᠤᠯᠠᠮᠵᠢᠯᠠᠯᠲᠤ ᠡᠮ ᠡᠮᠨᠡᠯᠭᠡ ᠶᠢᠨ ᠡᠬᠢ ᠪᠠᠶᠠᠯᠢᠭ ᠢ ᠬᠠᠮᠠᠭᠠᠯᠠᠬᠤ ᠪᠠ | ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠦᠨᠳᠦᠰᠦᠲᠡᠨ ᠤ ᠡᠮ ᠡᠮᠨᠡᠯᠭᠡ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠣᠬᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠰᠢᠨ᠎ᠡ ᠶᠢ ᠡᠭᠦᠳᠦᠨ ᠬᠦᠭᠵᠢᠬᠦ ᠪᠠ ᠳᠡᠯᠭᠡᠷᠡᠭᠦᠯᠦᠨ ᠬᠡᠷᠡᠭᠯᠡᠬᠦ ᠶᠢ ᠳᠡᠮᠵᠢᠨ᠎ᠡ᠃ | ᠭᠤᠴᠢᠨ ᠲᠦᠷᠪᠡᠳᠦᠭᠡᠷ ᠵᠦᠢᠯ ᠠᠵᠢᠯ ᠣᠯᠭᠤᠬᠤ ᠴᠢᠳᠠᠪᠤᠷᠢ ᠶᠢ ᠶᠡᠭᠡ ᠪᠠᠷ ᠪᠤᠶᠢᠵᠢᠭᠤᠯᠤᠨ | ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠠᠵᠢᠯ ᠣᠯᠭᠤᠯᠳᠠ ᠶᠢ ᠣᠯᠠᠨ ᠠᠷᠭ᠎ᠠ ᠵᠠᠮ ᠢᠶᠠᠷ ᠠᠬᠢᠭᠤᠯᠵᠤ᠂ ᠮᠡᠷᠭᠡᠵᠢᠯ | ᠴᠢᠳᠠᠪᠤᠷᠢ ᠶᠢᠨ ᠪᠤᠯᠪᠠᠰᠤᠷᠠᠯ ᠢᠶᠠᠷ ᠳᠠᠮᠵᠢᠭᠤᠯᠤᠨ ᠦᠨᠳᠦᠰᠦᠲᠡᠨ ᠨᠦᠭᠦᠳ ᠤᠨ ᠣᠯᠠᠨ ᠲᠦᠮᠡᠨ ᠢᠯᠠᠩᠭᠤᠶ᠎ᠠ | ᠮᠠᠯᠴᠢᠳ ᠲᠠᠷᠢᠶᠠᠴᠢᠳ ᠤᠨ ᠠᠵᠢᠯ ᠣᠯᠭᠤᠯᠳᠠ ᠶᠢᠨ ᠮᠡᠷᠭᠡᠵᠢᠯ ᠤᠨ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠠᠵᠤ | ᠠᠬᠤᠶᠢᠯᠠᠯ ᠤᠨ ᠲᠤᠬᠠᠢ ᠶᠢᠨ ᠭᠠᠵᠠᠷ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠠᠵᠢᠯ ᠣᠯᠭᠤᠬᠤ ᠶᠢ | ᠵᠣᠷᠢᠬᠵᠢᠭᠤᠯᠤᠨ᠎ᠠ᠃ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤᠷᠠᠨ ᠠᠳᠠᠯ ᠦᠢᠯᠡᠰ ᠪᠤᠰᠬᠠᠬᠤ ᠶᠢ | ᠵᠣᠷᠢᠬᠵᠢᠭᠤᠯᠤᠨ᠎ᠠ᠃ ᠨᠥᠬᠦᠴᠡᠯ ᠪᠦᠷᠢᠯᠳᠦᠭᠦᠯᠵᠦ ᠪᠠᠶᠢᠭᠠᠳ ᠡᠯ᠎ᠡ ᠦᠨᠳᠦᠰᠦᠲᠡᠨ ᠤ ᠶᠡᠭᠡ ᠲᠡᠭᠡᠲᠦ ᠰᠤᠷᠭᠠᠭᠤᠯᠢ᠂ | ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠳᠠ ᠶᠢᠨ ᠨᠣᠷᠮ᠎ᠠ ᠶᠢ | ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠷᠬᠡ ᠲᠡᠭᠰᠢ ᠪᠠᠷ ᠠᠵᠢᠯ ᠣᠯᠬᠤ᠂ ᠭᠦᠢᠴᠡᠳ | ᠠᠵᠢᠯ ᠣᠯᠬᠤ ᠶᠢ ᠠᠬᠢᠭᠤᠯᠤᠨ᠎ᠠ᠃ | ᠭᠤᠴᠢᠨ ᠲᠠᠪᠤᠳᠤᠭᠠᠷ ᠵᠦᠢᠯ ᠬᠥᠬᠡ ᠠᠭᠤᠯᠠ ᠬᠥᠬᠡᠮᠳᠦᠭ ᠤᠰᠤ ᠪᠣᠯ ᠳᠠᠷᠤᠢ ᠠᠯᠲᠠ ᠮᠥᠩᠭᠦᠨ | ᠠᠭᠤᠯᠠ ᠮᠥᠨ ᠭᠡᠬᠦ ᠤᠶᠢᠯᠠᠭᠠᠬᠳᠠᠬᠤᠨ ᠢ ᠪᠠᠲᠤ ᠪᠣᠶ ᠪᠣᠯᠭᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ | ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠪᠠᠷ ᠵᠠᠰᠠᠬᠤ ᠶᠢ ᠨᠢᠭᠡᠳᠦᠯᠲᠡᠶ | ᠲᠥᠯᠥᠪᠵᠢᠭᠦᠯᠦᠨ ᠠᠬᠢᠭᠤᠯᠵᠤ᠂ ᠨᠤᠲᠤᠭ ᠪᠡᠯᠴᠢᠭᠡᠷ᠂ ᠣᠶ ᠰᠢᠭᠤᠶ ᠶᠢᠨ ᠠᠮᠢ ᠠᠬᠤᠶ ᠶᠢᠨ ᠰᠢᠰᠲ᠋ᠧᠮ ᠤᠨ | ᠬᠠᠮᠠᠭᠠᠯᠠᠯᠲᠠ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠶᠠᠨᠳᠠᠭᠠᠨ ᠰᠡᠷᠭᠦᠬᠦ ᠪᠠᠷ ᠭᠤᠤᠯ ᠪᠣᠯᠭᠠᠬᠤ | ᠴᠢᠭᠯᠡᠯᠲᠡ ᠶᠢ ᠪᠠᠷᠢᠮᠲᠠᠯᠠᠵᠤ᠂ ᠠᠮᠢ ᠠᠬᠤᠶ ᠶᠢᠨ ᠰᠢᠰᠲ᠋ᠧᠮ ᠤᠨ ᠳᠣᠲᠣᠭᠠᠳᠤ ᠶᠢᠨ ᠵᠢᠮ᠎ᠡ ᠬᠠᠤᠯᠢ ᠪᠠ ᠵᠢᠮ᠎ᠡ | ᠶᠣᠰᠣ ᠶᠢ ᠵᠢᠷᠤᠮᠯᠠᠵᠤ᠂ ᠴᠢᠬᠤᠯᠠ ᠶᠡᠭᠡ ᠠᠮᠢ ᠠᠬᠤᠶ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠬᠡᠷᠡᠭᠵᠢᠭᠦᠯᠵᠦ᠂ ᠣᠯᠠᠨ ᠡᠰᠢᠵᠢᠭᠰᠡᠨ ᠠᠮᠢ ᠠᠬᠤᠶ ᠶᠢᠨ ᠨᠥᠬᠦᠪᠥᠷᠢ | ᠦᠭᠬᠦ ᠲᠣᠭᠲᠠᠴᠠ ᠶᠢ ᠪᠠᠶᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠬᠠᠮᠤᠭ ᠤᠨ | ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠲᠤᠷᠰᠢᠯᠲᠠ ᠶᠢᠨ | ᠣᠷᠣᠨ ᠢ ᠢᠳᠡᠪᠬᠢᠲᠡᠶ ᠪᠠᠷ ᠡᠭᠦᠳᠦᠨ ᠪᠠᠶᠢᠭᠤᠯᠤᠨ᠎ᠠ᠃ ᠤᠯᠤᠰ ᠤᠨ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ | ᠳᠦᠷᠢᠮ ᠢ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠡᠬᠢ ᠪᠠᠶᠠᠯᠢᠭ ᠪᠣᠯᠤᠨ ᠪᠠᠶᠢᠭᠠᠯᠢ ᠶᠢᠨ ᠡᠬᠢ ᠪᠠᠶᠠᠯᠢᠭ ᠢ ᠵᠦᠢ | ᠵᠣᠬᠢᠰᠲᠠᠶ ᠨᠡᠭᠡᠭᠡᠨ ᠠᠰᠢᠭᠯᠠᠵᠤ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠠᠬᠢᠭᠤᠯᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠡᠩ ᠢᠯᠡᠭᠦᠦ ᠠᠰᠢᠭ ᠬᠦᠷᠲᠡᠭᠡᠨ᠎ᠡ᠃ | ᠲᠦᠷᠪᠡᠳᠦᠭᠡᠷ ᠪᠦᠯᠦᠭ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠭᠤᠴᠢᠨ ᠵᠢᠷᠭᠤᠳᠤᠭᠠᠷ ᠵᠦᠢᠯ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠳᠤ᠂ | ᠡᠩ ᠤᠨ ᠦᠶ᠎ᠡ ᠶᠢ ᠴᠢᠬᠤᠯᠠᠴᠢᠯᠠᠬᠤ᠂ ᠰᠡᠳᠬᠢᠯ ᠢᠶᠠᠨ ᠰᠣᠯᠢᠯᠴᠠᠬᠤ ᠶᠢ ᠴᠢᠬᠤᠯᠠᠴᠢᠯᠠᠬᠤ᠂ ᠦᠢᠯᠡ ᠠᠵᠢᠯᠯᠠᠭ᠎ᠠ ᠶᠢ | ᠴᠢᠬᠤᠯᠠᠴᠢᠯᠠᠬᠤ᠂ ᠦᠨᠳᠦᠰᠦᠨ ᠱᠠᠲᠦ ᠶᠢ ᠴᠢᠬᠤᠯᠠᠴᠢᠯᠠᠬᠤ ᠣᠶᠢᠯᠠᠭᠠᠭᠳᠠᠬᠤᠨ ᠢ ᠪᠠᠷᠢᠮᠲᠠᠯᠠᠵᠤ᠂ ᠰᠤᠶᠤᠯ | ᠢᠷᠭᠡᠨᠰᠢᠯᠡᠬᠦ᠂ ᠪᠣᠳᠠᠲᠤ ᠴᠣᠬᠴᠠᠵᠢᠭᠤᠯᠬᠤ᠂ ᠤᠯᠠᠨ ᠲᠦᠮᠡᠨᠴᠢᠯᠡᠬᠦ ᠶᠡᠷᠦᠩᠬᠡᠢ ᠱᠠᠭᠠᠷᠳᠠᠯᠭ᠎ᠠ ᠶᠣᠰᠣᠭᠠᠷ᠂ ᠡᠭᠦᠳᠦᠨ | ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠳᠦᠰᠦᠲᠡᠨ ᠨᠦᠭᠦᠳ ᠤᠨ ᠤᠯᠠᠨ ᠲᠦᠮᠡᠨ ᠤ | ᠰᠡᠳᠬᠢᠯ ᠵᠢᠷᠦᠬᠡᠨ ᠳᠤ ᠬᠠᠳᠠᠩᠰᠢᠭᠤᠯᠤᠨ᠎ᠠ᠃ | ᠭᠤᠴᠢᠨ ᠲᠤᠯᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠥᠯᠥᠪᠵᠢᠭᠦᠯᠭᠡ | ᠲᠣᠭᠲᠠᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ | ᠰᠤᠮᠤ ᠰᠢᠶᠠᠩ ᠪᠠᠯᠭᠠᠰᠤᠨ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠴᠡᠷᠢᠭ ᠠᠩᠭᠢ ᠳᠤ ᠣᠷᠣᠭᠤᠯᠬᠤ᠂ | ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠣᠷᠣᠭᠤᠯᠬᠤ᠂ ᠲᠤᠤᠷ ᠰᠦᠯᠵᠢᠶᠡᠨ ᠳᠤ ᠣᠷᠣᠭᠤᠯᠬᠤ ᠶᠢ | ᠠᠬᠢᠭᠤᠯᠬᠤ ᠬᠡᠷᠡᠭᠲᠡᠶ᠃ | ᠭᠤᠴᠢᠨ ᠨᠠᠢᠮᠠᠳᠤᠭᠠᠷ ᠵᠦᠢᠯ ᠲᠦᠷᠦ ᠶᠢᠨ ᠪᠠᠶᠢᠭᠤᠯᠭ᠎ᠠ ᠨᠠᠮ ᠤᠨ ᠦᠨᠳᠦᠰᠦᠲᠡᠨ ᠤ ᠲᠦᠷᠦ ᠶᠢᠨ | ᠪᠤᠳᠤᠯᠭ᠎ᠠ ᠪᠠ ᠦᠨᠳᠦᠰᠦᠨ ᠬᠠᠤᠯᠢ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠬᠦ | ᠬᠦᠴᠦᠨ ᠢᠶᠠᠨ ᠳᠡᠭᠡᠭᠰᠢᠯᠡᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠴᠢᠳᠠᠪᠤᠷᠢ ᠪᠠᠨ | ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ | ᠳᠤᠮᠳᠠ ᠳᠣᠣᠷᠠᠬᠢ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ ︵ᠨᠢᠭᠡ︶ ᠤᠯᠤᠰ ᠲᠦᠷᠦ ᠶᠢᠨ | ᠵᠣᠭᠰᠣᠯᠲᠠ ᠪᠠᠨ ᠪᠠᠲᠤᠳᠬᠠᠵᠤ᠂ ᠦᠨᠳᠦᠰᠦᠲᠡᠨ ᠤ ᠠᠵᠢᠯ ᠢ ᠶᠡᠭᠡ ᠲᠠᠯ᠎ᠠ ᠠᠴᠠ ᠲᠥᠯᠥᠪᠵᠢᠭᠦᠯᠦᠨ ᠠᠬᠢᠭᠤᠯᠵᠤ᠂ | ᠲᠦᠷᠦ ᠶᠢᠨ ᠪᠤᠳᠤᠯᠭ᠎ᠠ ᠲᠣᠭᠲᠠᠭᠠᠬᠤ ᠪᠤᠶᠤ ᠠᠵᠢᠯ ᠥᠷᠨᠢᠭᠦᠯᠬᠦ ᠳᠤ ᠪᠠᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠡᠯᠧᠮᠧᠨ᠋ᠲ ᠢ ᠭᠦᠢᠴᠡᠳ ᠪᠣᠳᠣᠯᠬᠢᠯᠠᠵᠤ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ | ᠪᠦᠬᠦ ᠲᠠᠯ᠎ᠠ ᠪᠠᠷ ᠵᠥᠪ ᠤᠨᠤᠪᠴᠢᠳᠠᠢ ᠲᠤᠭᠤᠰᠢᠯᠠᠭᠤᠯᠤᠨ ᠬᠡᠷᠡᠭᠵᠢᠭᠦᠯᠬᠦ ᠶᠢ ᠦᠨᠡᠨ ᠬᠦ ᠪᠠᠳᠤᠯᠠᠬᠤ︔ ︵ᠬᠤᠶᠠᠷ︶ | ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠦᠷᠭᠡᠳᠬᠡᠨ᠂ ᠰᠠᠭᠤᠷᠢ ᠲᠥᠬᠦᠭᠡᠷᠦᠮᠵᠢ ᠪᠣᠯᠤᠨ ᠠᠮᠢᠳᠤᠷᠠᠯ ᠤᠨ | ᠨᠥᠬᠦᠴᠡᠯ ᠢ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠪᠦᠬᠦ ᠤᠯᠤᠰ ᠯᠤᠭ᠎ᠠ ᠨᠡᠶᠢᠭᠡᠮ ᠵᠢᠷᠤᠮ ᠤᠨ | ᠣᠳᠣᠬᠢᠴᠢᠯᠠᠯᠲᠠ ᠶᠢ ᠢᠵᠢᠯ ᠠᠯᠬᠤᠮ ᠢᠶᠠᠷ ᠪᠡᠶᠡᠯᠡᠭᠦᠯᠬᠦ ᠶᠢ ᠠᠬᠢᠭᠤᠯᠬᠤ︔ ︵ᠭᠤᠷᠪᠠ︶ ᠠᠵᠢᠯ ᠤᠨ | ᠲᠣᠭᠲᠠᠴᠠ ᠶᠢᠨ ᠰᠢᠨ᠎ᠡ ᠶᠢ ᠡᠭᠦᠳᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠵᠣᠬᠢᠶᠠᠨ | ᠪᠠᠶᠢᠭᠤᠯᠤᠨ ᠤᠯᠠᠨ ᠶᠠᠩᠵᠤ ᠶᠢᠨ ᠲᠥᠷᠥᠯ ᠬᠡᠯᠪᠡᠷᠢ ᠪᠦᠬᠦᠢ ᠭᠤᠣᠯ ᠰᠡᠳᠦᠪᠲᠦ ᠬᠥᠮᠦᠵᠢᠯ ᠪᠠ ᠨᠡᠶᠢᠭᠡᠮ ᠤᠨ | ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠰᠣᠶᠣᠯ ᠤᠨ ᠠᠭᠤᠰᠤᠯᠴᠠᠨ | ᠬᠥᠭᠵᠢᠬᠦ ᠪᠠ ᠡᠭᠦᠳᠦᠯᠲᠡ ᠲᠠᠢ ᠪᠠᠶᠢᠬᠤ ᠶᠢ ᠲᠦᠯᠬᠢᠨ ᠠᠬᠢᠭᠤᠯᠬᠤ᠃ ᠲᠦᠷᠦ ᠶᠢᠨ ᠪᠠᠶᠢᠭᠤᠯᠭ᠎ᠠ ᠶᠢᠨ ᠠᠵᠢᠯᠲᠠᠨ | ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠲᠤ ᠵᠢᠱᠢᠶᠡᠴᠢ ᠳᠠᠭᠠᠭᠤᠯᠤᠭᠴᠢ ᠦᠢᠯᠡᠳᠦᠯ ᠢᠶᠠᠨ ᠪᠠᠳᠠᠷᠠᠭᠤᠯᠬᠤ ᠬᠡᠷᠡᠭᠳᠠᠢ᠃ | ᠭᠤᠴᠢ ᠶᠢᠰᠦᠳᠦᠭᠡᠷ ᠵᠦᠢᠯ ᠡᠯ᠎ᠡ ᠲᠥᠷᠥᠯ ᠤᠨ ᠠᠵᠤ ᠠᠬᠤᠶᠢᠯᠠᠯ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ ᠶᠢ ᠠᠵᠤ ᠠᠬᠤᠶᠢᠯᠠᠯ ᠤᠨ ᠬᠠᠮᠢᠶᠠᠷᠤᠯᠲᠠ ᠪᠠ ᠠᠵᠤ ᠠᠬᠤᠶᠢᠯᠠᠯ ᠤᠨ ᠰᠣᠶᠣᠯ ᠤᠨ | ᠪᠠᠶᠢᠭᠤᠯᠤᠯᠲᠠ ᠳᠤ ᠪᠠᠨ ᠠᠭᠤᠰᠤᠯᠴᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠠᠵᠤ | ᠠᠬᠤᠶᠢᠯᠠᠯ ᠢ ᠡᠭᠦᠳᠦᠨ ᠪᠠᠶᠢᠭᠤᠯᠬᠤ ᠠᠵᠢᠯ ᠢ ᠦᠷᠨᠢᠭᠦᠯᠵᠦ᠂ ᠳᠣᠣᠷᠠᠬᠢ ᠨᠡᠶᠢᠭᠡᠮ ᠤᠨ ᠬᠠᠷᠢᠭᠤᠴᠠᠯᠭ᠎ᠠ | ᠭᠦᠢᠴᠡᠳᠬᠡᠬᠦ ᠶᠢ ᠲᠡᠮᠵᠢᠨ᠎ᠡ᠄ ︵ᠨᠢᠭᠡ︶ ᠦᠨᠳᠦᠰᠦᠲᠡᠨ ᠨᠦᠭᠦᠳ ᠤᠨ ᠣᠯᠠᠨ ᠲᠦᠮᠡᠨ ᠢ ᠢᠳᠡᠪᠬᠢᠲᠡᠶ ᠪᠠᠷ | ᠬᠦᠯᠢᠶᠡᠨ ᠠᠪᠴᠤ ᠠᠵᠢᠯ ᠣᠯᠭᠤᠵᠦ᠂ ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠤ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠬᠤ︔ ︵ᠬᠤᠶᠠᠷ︶ ᠠᠵᠤ ᠦᠢᠯᠡᠰ ᠢ ᠲᠣᠬᠢᠷᠠᠭᠤᠯᠬᠤ᠂ ᠨᠡᠶᠢᠭᠡᠮ ᠤᠨ ᠦᠢᠯᠡᠴᠢᠯᠡᠭᠡ ᠶᠢ | ᠥᠷᠨᠢᠭᠦᠯᠬᠦ ᠳᠤ ᠪᠠᠨ ᠲᠤᠬᠠᠢ ᠶᠢᠨ ᠭᠠᠵᠠᠷ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠰᠢᠭ ᠲᠤᠰᠠ ᠶᠢ | ᠭᠦᠢᠴᠡᠳ ᠪᠣᠳᠣᠯᠬᠢᠯᠠᠬᠤ ᠬᠡᠷᠡᠭᠲᠡᠢ︔ ︵ᠭᠤᠷᠪᠠ︶ ᠶᠠᠳᠠᠭᠤ ᠶᠢ ᠲᠡᠳᠬᠦᠨ ᠬᠦᠴᠢᠷᠳᠡᠯᠲᠡᠶ ᠶᠢ ᠲᠤᠰᠠᠯᠠᠬᠤ᠂ ᠡᠳ᠋ | ᠮᠥᠩᠭᠦ ᠪᠠᠷ ᠰᠤᠷᠤᠯᠭ᠎ᠠ ᠶᠢ ᠲᠡᠳᠬᠦᠬᠦ᠂ ᠬᠥᠭᠦᠷᠭᠡ ᠪᠠᠶᠢᠭᠤᠯᠤᠨ ᠵᠠᠮ ᠵᠠᠰᠠᠬᠤ ᠵᠡᠷᠭᠡ ᠨᠡᠶᠢᠭᠡᠮ ᠨᠡᠶᠢᠲᠡ ᠶᠢᠨ | ᠠᠰᠠᠷᠠᠮᠵᠢ ᠶᠢᠨ ᠠᠵᠢᠯᠯᠠᠭ᠎ᠠ ᠶᠢ ᠥᠷᠨᠢᠭᠦᠯᠵᠦ᠂ ᠠᠷᠠᠳ ᠤᠨ ᠠᠮᠢᠳᠤᠷᠠᠯ ᠤᠨ ᠠᠰᠠᠭᠤᠳᠠᠯ ᠢ ᠬᠠᠪᠰᠤᠷᠤᠨ | ᠰᠢᠢᠳᠪᠦᠷᠢᠯᠡᠵᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠤᠨ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠃ | ᠲᠦᠴᠢᠳᠦᠭᠡᠷ ᠵᠦᠢᠯ ᠨᠡᠶᠢᠭᠡᠮ ᠲᠣᠭᠤᠷᠢᠭ ᠤᠨ ᠬᠠᠷᠢᠯᠴᠠᠨ ᠰᠢᠬᠢᠳᠭᠡᠭᠦ ᠮᠠᠶ᠋ᠢᠭ ᠤᠨ ᠨᠡᠶᠢᠭᠡᠮ ᠤᠨ | ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠬᠤ ᠶᠢ ᠠᠬᠢᠭᠤᠯᠵᠤ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ | ᠲᠣᠬᠲᠠᠯᠴᠠᠭ᠎ᠠ ᠶᠢᠨ ᠴᠢᠬᠤᠯᠠ ᠠᠭᠤᠯᠭ᠎ᠠ ᠪᠣᠯᠭᠠᠵᠤ᠂ ᠳᠤᠤᠷᠠᠬᠢ ᠠᠵᠢᠯ ᠢ ᠦᠷᠨᠢᠭᠦᠯᠬᠦ ᠬᠡᠷᠡᠭᠲᠡᠢ᠄ ︵ᠨᠢᠭᠡ︶ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠳᠤ ᠪᠠᠷ ᠣᠷᠣᠰᠢᠨ ᠰᠠᠭᠤᠬᠤ᠂ ᠬᠠᠮᠳᠤ ᠪᠠᠷ ᠰᠤᠷᠤᠯᠴᠠᠬᠤ᠂ | ᠬᠠᠮᠳᠤ ᠪᠠᠷ ᠠᠵᠢᠯᠯᠠᠬᠤ᠂ ᠬᠠᠮᠳᠤ ᠪᠠᠷ ᠵᠢᠷᠭᠠᠬᠤ᠂ ᠬᠠᠮᠳᠤ ᠪᠠᠷ ᠡᠳ᠋ᠯᠡᠬᠦ ᠨᠡᠶᠢᠭᠡᠮ ᠲᠣᠭᠤᠷᠢᠭ ᠤᠨ ᠣᠷᠴᠢᠨ | ᠲᠣᠭᠤᠷᠢᠨ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ᠂ ᠡᠶ᠎ᠡ ᠵᠤᠬᠢᠴᠠᠯ ᠲᠠᠢ ᠬᠠᠮᠳᠤ ᠪᠠᠷ ᠣᠷᠣᠰᠢᠨ ᠰᠠᠭᠤᠬᠤ ᠶᠢ ᠢᠳᠡᠪᠬᠢᠲᠡᠢ ᠬᠥᠲᠥᠯᠥᠨ | ᠵᠢᠯᠤᠭᠤᠳᠬᠤ︔ ︵ᠬᠤᠶᠠᠷ︶ ᠦᠨᠳᠦᠰᠦᠲᠡᠨ ᠨᠦᠭᠦᠳ ᠤᠨ ᠨᠡᠭᠦᠳᠡᠯ ᠬᠥᠮᠦᠨ ᠠᠮᠠ ᠶᠢᠨ ᠦᠢᠯᠡᠴᠢᠯᠡᠭᠡᠨ ᠤ | ᠠᠵᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠨᠡᠭᠦᠳᠡᠯ ᠬᠥᠮᠦᠨ ᠠᠮᠠ ᠶᠢᠨ ᠬᠤᠲᠠ ᠳᠤ ᠨᠠᠩ ᠰᠠᠶᠢᠨ | ᠠᠭᠤᠰᠤᠯᠴᠠᠬᠤ ᠶᠢ ᠠᠬᠢᠭᠤᠯᠬᠤ︔ ︵ᠭᠤᠷᠪᠠ︶ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ | ᠲᠦᠮᠡᠨ ᠤ ᠣᠷᠣᠨ ᠰᠠᠭᠤᠴᠠ᠂ ᠡᠪᠡᠳᠴᠢᠨ ᠦᠵᠡᠭᠦᠯᠬᠦ᠂ ᠰᠤᠷᠭᠠᠭᠤᠯᠢ ᠳᠤ ᠣᠷᠣᠬᠤ ᠵᠡᠷᠭᠡ ᠲᠠᠯ᠎ᠠ ᠪᠠᠷ ᠣᠷᠣᠰᠢᠵᠤ | ᠪᠠᠶᠢᠭ᠎ᠠ ᠬᠦᠴᠢᠷᠳᠡᠯ ᠢ ᠬᠠᠪᠰᠤᠷᠤᠨ ᠰᠢᠢᠳᠪᠦᠷᠢᠯᠡᠵᠦ᠂ ᠬᠠᠤᠯᠢ ᠪᠠᠷ ᠵᠠᠰᠠᠬᠤ ᠤᠬᠠᠭᠤᠯᠭ᠎ᠠ ᠬᠢᠬᠦ᠂ ᠠᠵᠢᠯ | ᠣᠯᠭᠤᠬᠤ ᠶᠢ ᠵᠢᠯᠣᠭᠤᠳᠬᠤ᠂ ᠵᠥᠷᠢᠴᠡᠯ ᠢ ᠠᠷᠢᠯᠭᠠᠬᠤ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠡᠷᠭᠡ | ᠦᠢᠯᠡᠴᠢᠯᠡᠭᠡ ᠶᠢ ᠴᠢᠩᠭᠠᠳᠬᠠᠬᠤ︔ ︵ᠳᠥᠷᠪᠡ︶ ᠬᠡᠪ ᠵᠠᠩᠰᠢᠯ ᠢ ᠥᠭᠡᠷᠡᠴᠢᠯᠡᠬᠦ ᠶᠢ ᠰᠠᠨᠠᠭᠠᠴᠢᠯᠠᠨ᠂ ᠪᠣᠯᠪᠠᠰᠤᠨ | ᠰᠢᠨ᠎ᠡ ᠬᠡᠪ ᠰᠤᠷᠲᠠᠯ ᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠵᠠᠩ ᠳᠠᠳᠬᠠᠯ ᠢᠶᠠᠨ | ᠬᠠᠷᠢᠯᠴᠠᠨ ᠬᠦᠨᠳᠦᠳᠬᠡᠬᠦ ᠶᠢ ᠬᠥᠲᠥᠯᠥᠨ ᠵᠢᠯᠣᠭᠤᠳᠴᠤ᠂ ᠬᠥᠷᠰᠢ ᠰᠠᠭᠠᠬᠠᠯᠲᠠ ᠪᠠᠷ ᠢᠶᠠᠨ ᠪᠦᠯᠬᠦᠮᠳᠡᠯ ᠲᠠᠢ᠂ ᠭᠡᠷ | ᠪᠦᠯᠢ ᠪᠠᠷ ᠢᠶᠠᠨ ᠡᠶ᠎ᠡ ᠨᠠᠶᠢᠷᠲᠠᠢ ᠪᠠᠶᠢᠬᠤ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠶ ᠶᠢ ᠢᠳᠡᠪᠬᠢᠲᠡᠶ | ᠪᠦᠷᠢᠯᠳᠦᠭᠦᠯᠬᠦ᠃ | ᠲᠦᠴᠢᠨ ᠨᠢᠭᠡᠳᠦᠭᠡᠷ ᠵᠦᠢᠯ ᠰᠤᠮᠤ ᠰᠢᠶᠠᠩ ᠪᠠᠯᠭᠠᠰᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠦᠷᠢᠨᠰᠢᠭᠦᠯᠵᠦ᠂ ᠡᠭᠦᠳᠦᠨ | ᠪᠠᠶᠢᠭᠤᠯᠬᠤ ᠠᠵᠢᠯ ᠤᠨ ᠨᠠᠮ ᠵᠠᠰᠠᠭ ᠤᠨ ᠤᠳᠤᠷᠢᠳᠬᠤ ᠪᠠᠭ ᠪᠠ ᠤᠳᠤᠷᠢᠳᠬᠤ ᠺᠠᠳ᠋ᠷ ᠤᠨ ᠠᠵᠢᠯ ᠤᠨ | ᠠᠮᠵᠢᠯᠲᠠ ᠶᠢ ᠬᠢᠨᠠᠨ ᠰᠢᠯᠭᠠᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠳᠤᠤᠷᠠᠬᠢ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ ︵ᠨᠢᠭᠡ︶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠠᠭᠤᠰᠤᠯᠴᠠᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠠᠵᠤ ᠦᠢᠯᠡᠰ ᠨᠢ ᠦᠷᠨᠢᠨ ᠭᠦᠭᠵᠢᠭᠰᠡᠨ᠂ ᠠᠮᠢ ᠠᠬᠤᠶ ᠨᠢ ᠣᠷᠣᠰᠢᠨ ᠰᠠᠭᠤᠷᠢᠰᠢᠬᠤ ᠳᠤ | ᠲᠣᠬᠢᠷᠠᠮᠵᠢᠲᠠᠶ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠨᠢ ᠦᠷ᠎ᠡ ᠪᠦᠲᠦᠮᠵᠢᠲᠡᠶ᠂ ᠠᠮᠢᠳᠤᠷᠠᠯ ᠪᠠᠶᠠᠨ | ᠴᠢᠨᠡᠭᠡᠯᠢᠭ ᠪᠠᠶᠢᠬᠤ ᠶᠢ ᠪᠡᠶᠡᠯᠡᠭᠦᠯᠬᠦ ᠶᠢ ᠠᠬᠢᠭᠤᠯᠬᠤ︔ ︵ᠬᠤᠶᠠᠷ︶ ᠬᠠᠷᠢᠶ᠎ᠠ ᠣᠷᠣᠨ ᠤ ᠪᠠᠨ ᠳᠣᠲᠣᠷᠠᠬᠢ | ᠬᠦᠭᠵᠢᠯᠲᠡ ᠨᠢ ᠬᠠᠷᠢᠴᠠᠩᠭᠤᠢ ᠬᠤᠴᠣᠷᠣᠩᠭᠤᠢ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ | ᠭᠠᠴᠠᠭ᠎ᠠ ᠲᠣᠰᠬᠤᠨ ᠢ ᠳᠡᠮᠵᠢᠬᠦ ᠡᠷᠴᠢᠮ ᠢᠶᠠᠨ ᠨᠡᠮᠡᠭᠳᠡᠭᠦᠯᠵᠦ᠂ ᠳᠠᠪᠠᠭᠤᠯᠢᠭ ᠣᠨᠴᠠᠯᠢᠭ ᠲᠠᠢ ᠠᠵᠤ ᠦᠢᠯᠡᠰ ᠢ | ᠶᠡᠭᠡ ᠪᠠᠷ ᠬᠥᠭᠵᠢᠭᠦᠯᠬᠦ︔ ︵ᠭᠤᠷᠪᠠ︶ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠣᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠯᠡᠬᠦ ᠶᠢ ᠠᠬᠢᠭᠤᠯᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠵᠢᠯ ᠣᠯᠭᠤᠯᠳᠠ᠂ ᠰᠤᠷᠭᠠᠨ ᠬᠥᠮᠦᠵᠢᠯ᠂ ᠡᠮ ᠡᠮᠨᠡᠯᠭᠡ᠂ | ᠣᠷᠣᠨ ᠰᠠᠭᠤᠴᠠ᠂ ᠨᠠᠰᠤᠵᠢᠯ᠂ ᠨᠡᠶᠢᠭᠡᠮ ᠤᠨ ᠪᠠᠲᠤᠯᠠᠭ᠎ᠠ ᠵᠡᠷᠭᠡ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠬᠤ︔ ︵ | ᠳᠥᠷᠪᠡ︶ ᠬᠠᠷᠢᠶ᠎ᠠ ᠣᠷᠣᠨ ᠤ ᠪᠠᠨ ᠲᠤᠳᠤᠷᠠᠭᠢ ᠰᠠᠭᠤᠭᠠᠯᠢ ᠠᠷᠠᠳ ᠪᠣᠯᠤᠨ ᠨᠡᠭᠦᠳᠡᠯ ᠬᠥᠮᠦᠨ ᠠᠮᠠ ᠶᠢᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠬᠠᠮᠲᠤ ᠪᠠᠷ ᠰᠤᠷᠤᠯᠴᠠᠵᠤ ᠬᠠᠮᠲᠤ ᠪᠠᠷ ᠠᠵᠢᠯᠯᠠᠬᠤ᠂ ᠬᠠᠮᠲᠤ ᠪᠠᠷ ᠬᠥᠭᠵᠢᠬᠦ ᠶᠢ ᠠᠬᠢᠭᠤᠯᠬᠤ︔ ︵ᠲᠠᠪᠤ | ︶ ᠵᠢᠭᠤᠷᠠᠯᠳᠤᠭᠠᠨ ᠢ ᠳᠠᠷᠠᠭᠠᠯᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠢᠳᠡᠪᠬᠢᠲᠡᠶ ᠥᠷᠨᠢᠭᠦᠯᠵᠦ᠂ ᠡᠯ᠎ᠡ | ᠵᠦᠢᠯ ᠤᠨ ᠵᠥᠷᠢᠴᠡᠯ ᠵᠢᠭᠤᠷᠠᠯᠳᠤᠭᠠᠨ ᠢ ᠤᠷᠢᠳᠴᠢᠯᠠᠨ ᠰᠡᠷᠭᠡᠶᠢᠯᠡᠬᠦ ᠪᠠ ᠬᠠᠤᠯᠢ ᠶᠣᠰᠣᠭᠠᠷ ᠲᠣᠬᠢᠷᠠᠮᠵᠢᠲᠠᠢ | ᠰᠢᠢᠳᠪᠦᠷᠢᠯᠡᠬᠦ᠃ | ᠲᠦᠴᠢᠨ ᠬᠤᠶᠠᠳᠤᠭᠠᠷ ᠵᠦᠢᠯ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠤᠭᠤᠳ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠷᠲᠤ ᠬᠤᠭᠤᠴᠠᠭᠠᠨ ᠤ | ᠪᠦᠳᠦᠮᠵᠢᠲᠠᠢ ᠲᠣᠭᠲᠠᠴᠠ ᠶᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠪᠦᠬᠦ | ᠲᠠᠯ᠎ᠠ ᠪᠠᠷ ᠴᠢᠩᠭᠠᠳᠬᠠᠵᠤ᠂ ᠳᠤᠤᠷᠠᠬᠢ ᠠᠵᠢᠯ ᠤᠳ ᠢ ᠥᠷᠨᠢᠭᠦᠯᠬᠦ ᠬᠡᠷᠡᠭᠳᠠᠢ᠄ ︵ᠨᠢᠭᠡ︶ ᠬᠢᠴᠢᠶᠡᠯ ᠤᠨ | ᠲᠠᠩᠬᠢᠮ ᠤᠨ ᠵᠢᠭᠠᠨ ᠰᠤᠷᠭᠠᠯᠲᠠ᠂ ᠨᠡᠶᠢᠭᠡᠮ ᠤᠨ ᠦᠢᠯᠡᠳᠦᠯᠭᠡ᠂ ᠬᠡᠷ ᠪᠦᠯᠢ ᠶᠢᠨ ᠬᠥᠮᠦᠵᠢᠯ ᠢ ᠨᠢᠭᠡ | ᠴᠣᠭᠴᠠᠵᠢᠭᠤᠯᠤᠭᠰᠠᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠲᠠᠪᠴᠠᠩ ᠢ ᠪᠠᠶᠢᠭᠤᠯᠵᠤ᠂ ᠳᠤᠮᠳᠠᠳᠤ | ᠤᠯᠤᠰ ᠤᠨ ᠬᠤᠪᠢᠰᠬᠠᠯ ᠤᠨ ᠲᠡᠤᠬᠡ ᠶᠢᠨ ᠬᠥᠮᠦᠵᠢᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠬᠥᠮᠦᠵᠢᠯ᠂ ᠳᠤᠮᠳᠠᠳᠤ ᠶᠢᠨ ᠵᠡᠭᠦᠳᠦ ᠶᠢᠨ ᠬᠥᠮᠦᠵᠢᠯ ᠢ ᠭᠦᠨᠵᠡᠭᠡᠶ ᠦᠷᠨᠢᠭᠦᠯᠬᠦ︔ ︵ᠬᠤᠶᠠᠷ︶ | ᠦᠨᠳᠦᠰᠦᠲᠡᠨ ᠨᠦᠭᠦᠳ ᠤᠨ ᠰᠤᠷᠤᠭᠴᠢᠳ ᠬᠠᠮᠲᠤ ᠪᠠᠷ ᠣᠷᠣᠯᠴᠠᠭᠰᠠᠨ ᠰᠣᠶᠣᠯ ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠡᠳᠦᠷ ᠲᠤᠲᠤᠮ ᠤᠨ | ᠰᠤᠷᠤᠯᠴᠠᠯᠭ᠎ᠠ ᠠᠮᠢᠳᠤᠷᠠᠯ ᠳᠤ ᠠᠭᠤᠰᠤᠯᠴᠠᠭᠤᠯᠬᠤ ᠶᠢ ᠠᠬᠢᠭᠤᠯᠬᠤ︔ ︵ᠭᠤᠷᠪᠠ︶ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠦᠵᠢᠯ ᠤᠨ ᠨᠢᠭᠡᠳᠦᠯᠲᠡᠶ ᠵᠢᠷᠤᠮᠵᠢᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠬᠢᠴᠢᠶᠡᠯ ᠤᠨ | ᠪᠠᠶᠢᠷᠢᠯᠠᠭᠤᠯᠤᠯᠳᠠ ᠶᠢ ᠵᠢᠷᠤᠮᠵᠢᠭᠤᠯᠤᠨ᠂ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠪᠠᠭᠰᠢ | ᠠᠵᠢᠯᠲᠠᠨ ᠤ ᠬᠥᠮᠦᠵᠢᠯ ᠪᠣᠯᠪᠠᠰᠤᠷᠠᠭᠤᠯᠤᠯ ᠤᠨ ᠬᠡᠪᠴᠢᠶᠡᠨ ᠳᠤ ᠣᠷᠤᠭᠤᠯᠬᠤ︔ ︵ᠳᠥᠷᠪᠡ︶ ᠶᠡᠭᠡ ᠳᠡᠭᠡᠲᠦ | ᠰᠤᠷᠭᠠᠭᠤᠯᠢ ᠨᠤᠭᠤᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠡᠦᠬᠡ᠂ ᠳᠤᠮᠳᠠᠳᠤ ᠶᠢᠨ | ᠦᠨᠳᠦᠰᠦᠲᠡᠨ ᠤ ᠣᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠤᠨ ᠰᠤᠳᠤᠯᠭᠠᠨ ᠢ ᠴᠢᠩᠭᠠᠳᠬᠠᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠵᠢᠭᠠᠨ ᠰᠤᠳᠤᠯᠬᠤ ᠠᠵᠢᠯᠯᠠᠭ᠎ᠠ ᠪᠠ ᠰᠤᠳᠤᠯᠭᠠᠨ ᠤ | ᠰᠡᠳᠦᠪ ᠤᠨ ᠰᠤᠳᠤᠯᠤᠯ ᠢ ᠥᠷᠨᠢᠭᠦᠯᠬᠦ᠃ | ᠲᠦᠴᠢᠨ ᠭᠤᠷᠪᠠᠳᠤᠭᠠᠷ ᠵᠦᠢᠯ ᠴᠡᠷᠢᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ | ᠤᠯᠠᠮᠵᠢᠯᠠᠯ ᠢ ᠪᠠᠳᠠᠷᠠᠭᠤᠯᠵᠤ᠂ ᠴᠡᠷᠢᠭ ᠠᠩᠭᠢ ᠣᠷᠣᠨ ᠨᠤᠲᠤᠭ ᠴᠡᠷᠢᠭ ᠠᠷᠠᠳ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶᠡᠴᠢ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠬᠢᠯᠢ ᠶᠢᠨ ᠬᠠᠮᠠᠭᠠᠯᠠᠯᠲᠠ ᠶᠢᠨ | ᠬᠠᠷᠠᠭᠤᠯ ᠤᠨ ᠭᠠᠵᠠᠷ ᠵᠡᠷᠭᠡ ᠰᠠᠭᠤᠭ᠎ᠠ ᠴᠡᠷᠢᠭ ᠠᠩᠭᠢ ᠲᠠᠢ ᠬᠤᠯᠪᠤᠭᠠᠯᠠᠨ ᠦᠨᠳᠦᠰᠦᠲᠡᠨ ᠤ ᠪᠦᠯᠬᠦᠮᠳᠡᠯ ᠤᠨ | ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠠ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ | ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠠᠵᠢᠯᠯᠠᠭ᠎ᠠ ᠶᠢ ᠥᠷᠨᠢᠭᠦᠯᠦᠨ᠎ᠡ᠃ | ᠤᠯᠤᠰ ᠢᠶᠠᠨ ᠬᠠᠶᠢᠷᠠᠯᠠᠵᠤ ᠬᠢᠯᠢ ᠪᠠᠨ ᠰᠠᠬᠢᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠢᠯᠢ ᠶᠢᠨ ᠠᠷᠠᠳ ᠤᠨ | ᠬᠢᠯᠢ ᠪᠠᠨ ᠰᠠᠬᠢᠵᠤ ᠬᠢᠯᠢ ᠪᠠᠨ ᠬᠠᠮᠠᠭᠠᠯᠠᠬᠤ ᠲᠦᠷᠢᠮ ᠢ ᠲᠡᠭᠦᠯᠳᠡᠷᠵᠢᠭᠦᠯᠵᠦ᠂ ᠬᠢᠯᠢ ᠬᠠᠮᠠᠭᠠᠯᠠᠭᠴᠢ ᠶᠢᠨ | ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠬᠢᠯᠢ ᠶᠢᠨ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ | ᠰᠠᠶᠢᠵᠢᠷᠠᠭᠤᠯᠵᠤ᠂ ᠬᠢᠯᠢ ᠬᠢᠵᠠᠭᠠᠷ ᠢ ᠰᠠᠬᠢᠵᠤ ᠪᠠᠬᠢᠵᠢᠭᠦᠯᠬᠦ ᠦᠨᠳᠦᠰᠦᠲᠡᠨ ᠤ ᠪᠦᠯᠬᠦᠮᠳᠡᠯ ᠤᠨ ᠰᠠᠭᠤᠷᠢ ᠶᠢ | ᠪᠠᠬᠢᠵᠢᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢ ᠬᠠᠮᠲᠤ ᠪᠠᠷ ᠰᠠᠬᠢᠨ ᠬᠠᠮᠠᠭᠠᠯᠠᠨ᠎ᠠ᠃ | ᠲᠦᠴᠢᠨ ᠲᠦᠷᠪᠡᠳᠦᠭᠡᠷ ᠵᠦᠢᠯ ᠱᠠᠰᠢᠨ ᠰᠤᠷᠲᠠᠬᠤᠨ ᠤ ᠪᠦᠯᠬᠦᠮ᠂ ᠱᠠᠰᠢᠨ ᠰᠤᠷᠲᠠᠬᠤᠨ ᠤ ᠠᠵᠢᠯᠯᠠᠭᠠᠨ ᠤ | ᠲᠠᠯᠠᠪᠤᠷ᠂ ᠱᠠᠰᠢᠨ ᠰᠤᠷᠲᠠᠬᠤᠨ ᠤ ᠰᠤᠷᠭᠠᠭᠤᠯᠢ ᠨᠢ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ | ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ | ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠢᠳᠡᠪᠬᠢᠲᠡᠢ ᠠᠬᠢᠭᠤᠯᠬᠤ | ᠬᠡᠷᠡᠭᠲᠡᠢ᠄ ︵ᠨᠢᠭᠡ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠨᠡᠶᠢᠭᠡᠮ | ᠵᠢᠷᠤᠮᠲᠤ ᠪᠠᠶᠢᠭᠤᠯᠤᠯ ᠢ ᠬᠦᠷᠢᠶᠡᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ | ᠵᠠᠮᠨᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ᠂ ᠡᠬᠡ ᠤᠯᠤᠰ ᠤᠨ ᠨᠢᠭᠡᠳᠦᠯ᠂ ᠱᠠᠰᠢᠨ ᠰᠤᠷᠲᠠᠬᠤᠨ ᠤ | ᠡᠶ᠎ᠡ ᠵᠣᠬᠢᠴᠠᠯ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ︔ ︵ᠬᠤᠶᠠᠷ︶ ᠤᠯᠤᠰ ᠢᠶᠠᠨ ᠬᠠᠶᠢᠷᠠᠯᠠᠵᠤ | ᠱᠠᠰᠢᠨ ᠢᠶᠠᠨ ᠬᠠᠶᠢᠷᠠᠯᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠬᠠᠤᠯᠢ ᠲᠣᠭᠲᠠᠭᠠᠯ ᠢ | ᠵᠢᠷᠤᠮᠯᠠᠵᠦ᠂ ᠱᠠᠰᠢᠨ ᠰᠤᠷᠲᠠᠬᠤᠨ ᠢ ᠢᠳᠡᠪᠬᠢᠲᠡᠢ ᠬᠦᠲᠦᠯᠦᠨ ᠵᠢᠯᠣᠭᠤᠳᠴᠤ ᠪᠠᠶᠢᠭᠠᠳ ᠨᠡᠶᠢᠭᠡᠮ ᠵᠢᠷᠤᠮᠲᠤ | ᠨᠡᠶᠢᠭᠡᠮ ᠯᠦᠭᠡ ᠵᠣᠬᠢᠴᠠᠯᠳᠤᠭᠤᠯᠬᠤ︔ ︵ᠭᠤᠷᠪᠠ︶ ᠱᠠᠰᠢᠨ ᠤ ᠨᠣᠮᠯᠠᠯ ᠱᠠᠰᠢᠨ ᠤ ᠲᠦᠷᠢᠮ ᠳᠠᠬᠢ ᠨᠡᠶᠢᠭᠡᠮ ᠤᠨ | ᠡᠶ᠎ᠡ ᠵᠣᠬᠢᠴᠠᠯ᠂ ᠴᠠᠭ ᠦᠶ᠎ᠡ ᠶᠢᠨ ᠲᠠᠪᠰᠢᠯᠳᠠ᠂ ᠡᠷᠡᠭᠦᠯ ᠰᠠᠷᠠᠭᠤᠯ ᠪᠣᠯᠪᠠᠰᠤᠨ ᠳᠤ ᠠᠰᠢᠭᠲᠠᠢ ᠠᠭᠤᠯᠭ᠎ᠠ ᠶᠢ | ᠠᠭᠤᠳᠠᠯᠵᠤ᠂ ᠨᠡᠶᠢᠭᠡᠮ ᠵᠢᠷᠤᠮ ᠤᠨ ᠭᠤᠣᠯᠯᠠᠬᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠱᠠᠰᠢᠨ ᠤ | ᠨᠣᠮᠯᠠᠯ ᠱᠠᠰᠢᠨ ᠤ ᠲᠦᠷᠢᠮ ᠳᠤ ᠤᠳᠤ ᠦᠶ᠎ᠡ ᠶᠢᠨ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ | ᠱᠠᠭᠠᠷᠳᠠᠯᠭ᠎ᠠ ᠳᠤ ᠨᠡᠶᠢᠴᠡᠭᠰᠡᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠨᠡᠶᠢᠴᠡᠭᠰᠡᠨ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠱᠠᠭᠠᠷᠳᠠᠯᠭ᠎ᠠ ᠳᠤ ᠨᠡᠶᠢᠴᠡᠭᠰᠡᠨ ᠲᠠᠶᠢᠯᠪᠤᠷᠢᠯᠠᠯᠲᠠ ᠬᠢᠬᠦ︔ ︵ | ᠳᠥᠷᠪᠡ︶ ᠱᠠᠰᠢᠨ ᠰᠤᠷᠲᠠᠬᠤᠨ ᠤ ᠠᠵᠢᠯᠲᠠᠨ ᠪᠠ ᠱᠠᠰᠢᠨ ᠰᠢᠲᠦᠳᠡᠭ ᠣᠯᠠᠨ ᠲᠦᠮᠡᠨ ᠤ ᠤᠯᠤᠰ ᠢᠶᠠᠨ | ᠬᠠᠶᠢᠷᠠᠯᠠᠬᠤ ᠦᠵᠡᠯ ᠤᠨ ᠬᠥᠮᠦᠵᠢᠯ᠂ ᠬᠠᠤᠯᠢ ᠪᠠᠷ ᠵᠠᠰᠠᠬᠤ ᠬᠥᠮᠦᠵᠢᠯ᠂ ᠤᠯᠤᠰ ᠤᠨ ᠪᠠᠶᠢᠳᠠᠯ ᠤᠨ ᠬᠥᠮᠦᠵᠢᠯ ᠪᠠ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠴᠢᠩᠭᠠᠳᠬᠠᠵᠤ᠂ ᠤᠯᠤᠰ ᠤᠨ ᠤᠬᠠᠮᠰᠠᠷ᠂ ᠠᠷᠠᠳ | ᠢᠷᠭᠡᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠬᠤ᠃ | ᠲᠦᠴᠢᠨ ᠲᠠᠪᠤᠳᠤᠭᠠᠷ ᠵᠦᠢᠯ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ | ᠬᠥᠮᠦᠵᠢᠯ ᠤᠨ ᠰᠦᠯᠵᠢᠶᠡᠨ ᠤ ᠣᠷᠣᠨ ᠵᠠᠢ ᠶᠢ ᠥᠷᠭᠡᠳᠬᠡᠵᠦ᠂ ᠰᠦᠯᠵᠢᠶᠡᠨ ᠳᠡᠭᠡᠷᠡᠬᠢ ᠦᠨᠳᠦᠰᠦᠲᠡᠨ ᠨᠦᠭᠦᠳ ᠤᠨ | ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠰᠠᠶᠢᠲᠤᠷ ᠪᠦᠳᠦᠭᠡᠨ ᠪᠠᠶᠢᠭᠤᠯᠬᠤ ᠬᠡᠷᠡᠭᠲᠡᠢ᠄ ︵ᠨᠢᠭᠡ︶ | ᠪᠦᠯᠬᠦᠮᠳᠡᠭᠦᠯᠬᠦ ᠲᠣᠭᠲᠠᠭᠤᠨ ᠪᠠᠶᠢᠯᠭᠠᠬᠤ ᠡᠷᠴᠢ ᠵᠣᠷᠢᠭ ᠢ ᠬᠥᠪᠴᠢᠯᠡᠬᠦ᠂ ᠵᠥᠪ ᠲᠠᠯ᠎ᠠ ᠠᠴᠠ ᠤᠬᠠᠭᠤᠯᠬᠤ ᠪᠠᠷ | ᠭᠤᠤᠯ ᠪᠣᠯᠭᠠᠬᠤ ᠶᠢ ᠪᠠᠷᠢᠮᠲᠠᠯᠠᠵᠤ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠰᠠᠭᠤᠷᠢᠨ ᠭᠠᠵᠠᠷ ᠢ | ᠬᠥᠭᠵᠢᠭᠦᠯᠦᠨ ᠪᠤᠵᠠᠭᠠᠶᠢᠷᠠᠭᠤᠯᠵᠤ᠂ ︽ᠢᠨᠲ᠋ᠧᠷ ᠰᠦᠯᠵᠢᠶ᠎ᠡ + ᠦᠨᠳᠦᠰᠦᠲᠡᠨ ᠤ ᠪᠦᠯᠬᠦᠮᠳᠡᠯ︾ ᠤᠨ | ᠠᠵᠢᠯᠯᠠᠭ᠎ᠠ ᠶᠢ ᠠᠬᠢᠭᠤᠯᠵᠦ᠂ ᠰᠦᠯᠵᠢᠶᠡᠨ ᠤ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠬᠠᠮ ᠵᠠᠭᠤᠴᠢᠯᠠᠭᠤᠷ ᠤᠨ ᠣᠬᠠᠭᠤᠯᠭ᠎ᠠ᠂ | ᠬᠠᠮ ᠡᠵᠡᠩᠨᠡᠯᠳᠡ ᠶᠢᠨ ᠪᠠᠶᠢᠳᠠᠯ ᠤᠨ ᠳᠠᠮᠵᠢᠭᠤᠯᠭ᠎ᠠ᠂ ᠪᠥᠬᠦ ᠲᠠᠪᠴᠠᠩ ᠢ ᠬᠠᠮᠤᠷᠤᠭᠰᠠᠨ ᠰᠦᠯᠵᠢᠶᠡᠨ ᠤ | ᠤᠬᠠᠭᠤᠯᠭ᠎ᠠ ᠶᠢᠨ ᠠᠵᠢᠯ ᠤᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ︔ ︵ᠬᠤᠶᠠᠷ︶ ᠭᠤᠤᠯ ᠪᠣᠯᠬᠤ ᠰᠢᠨ᠎ᠡ | ᠵᠠᠭᠤᠴᠢᠯᠠᠭᠤᠷ ᠤᠨ ᠲᠠᠪᠴᠠᠩ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠰᠬᠠᠶ ᠪᠤᠯᠤᠩ᠂ ᠲᠤᠰᠬᠠᠶ | ᠰᠡᠳᠦᠪ ᠭᠠᠷᠭᠠᠵᠤ᠂ ᠴᠢᠨᠠᠷ ᠰᠠᠶᠢᠲᠠᠶ ᠠᠭᠤᠯᠭ᠎ᠠ ᠨᠡᠶᠢᠳᠡᠯᠡᠬᠦ ᠲᠣᠭᠲᠠᠴᠠ ᠶᠢ ᠪᠠᠶᠢᠭᠤᠯᠵᠦ᠂ ᠰᠠᠭᠤᠷᠢᠨ ᠭᠠᠵᠠᠷ ᠤᠨ | ᠳᠠᠪᠠᠭᠤᠯᠢᠭ᠂ ᠳᠠᠮᠵᠢᠭᠤᠯᠤᠨ ᠲᠠᠷᠬᠠᠭᠠᠬᠤ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠨᠥᠯᠥᠭᠡᠯᠡᠬᠦ | ᠬᠦᠴᠦᠨ ᠢᠶᠠᠷ ᠶᠡᠭᠡ᠂ ᠪᠦᠷᠬᠦᠭᠦᠯᠬᠦ ᠬᠡᠪᠴᠢᠶ᠎ᠡ ᠪᠠᠷ ᠥᠷᠭᠡᠨ ᠡᠷᠬᠡ ᠰᠦᠷᠲᠦ ᠬᠠᠮ ᠵᠠᠭᠤᠴᠢᠯᠠᠭᠤᠷ ᠤᠨ ᠪᠦᠲᠦᠭᠡᠯ ᠢ | ᠡᠭᠦᠳᠦᠨ ᠭᠠᠷᠭᠠᠵᠤ᠂ ᠣᠯᠠᠨ ᠲᠦᠮᠡᠨ ᠢ ᠨᠡᠩ ᠰᠠᠶᠢᠳᠤᠷ ᠨᠢᠭᠲᠠᠷᠠᠭᠤᠯᠵᠤ᠂ ᠣᠯᠠᠨ ᠲᠦᠮᠡᠨ ᠢ ᠨᠡᠩ ᠰᠠᠶᠢᠳᠤᠷ | ᠬᠥᠲᠥᠯᠥᠨ ᠵᠢᠯᠣᠭᠤᠳᠬᠤ ᠬᠡᠷᠡᠭᠲᠡᠶ︔ ︵ᠭᠤᠷᠪᠠ︶ ᠢᠨᠲ᠋ᠧᠷ ᠰᠦᠯᠵᠢᠶᠡᠨ ᠤ ᠵᠠᠭᠤᠴᠢᠯᠠᠭᠤᠷ᠂ ᠢᠨᠲ᠋ᠧᠷ | ᠰᠦᠯᠵᠢᠶᠡᠨ ᠤ ᠠᠵᠤ ᠠᠬᠤᠶᠢᠯᠠᠯ᠂ ᠰᠦᠯᠵᠢᠶᠡᠨ ᠢᠷᠭᠡᠳ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠬᠦ ᠶᠢ ᠵᠣᠷᠢᠬᠵᠢᠭᠤᠯᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠶᠠᠷᠢᠶ᠎ᠠ ᠬᠡᠯᠡᠯᠴᠡᠭᠡᠨ ᠤ ᠣᠷᠴᠢᠨ ᠠᠬᠤᠢ ᠶᠢ ᠪᠦᠷᠢᠯᠳᠦᠭᠦᠯᠵᠦ | ᠦᠭᠬᠦ︔ ︵ᠳᠥᠷᠪᠡ︶ ᠪᠠᠶᠢᠭᠤᠯᠭ᠎ᠠ᠂ ᠠᠵᠤ ᠠᠬᠤᠶᠢᠯᠠᠯ᠂ ᠰᠤᠷᠭᠠᠭᠤᠯᠢ᠂ ᠨᠡᠶᠢᠭᠡᠮ ᠲᠣᠭᠤᠷᠢᠭ ᠨᠢ ᠰᠦᠯᠵᠢᠶᠡᠨ ᠤ | ᠡᠬᠢ ᠪᠠᠶᠠᠯᠢᠭ ᠢ ᠭᠦᠢᠴᠡᠳ ᠠᠰᠢᠭᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠦᠯᠵᠢᠶᠡᠨ ᠳᠡᠭᠡᠷᠡᠬᠢ | ᠶᠠᠷᠢᠶᠠᠨ ᠤ ᠲᠠᠪᠴᠠᠩ ᠢ ᠪᠠᠶᠢᠭᠤᠯᠵᠤ᠂ ᠰᠦᠯᠵᠢᠶᠡᠨ ᠤ ᠲᠠᠪᠴᠠᠩ ᠢᠶᠠᠷ ᠳᠠᠮᠵᠢᠭᠤᠯᠤᠨ ᠨᠠᠮ ᠤᠨ ᠦᠨᠳᠦᠰᠦᠲᠡᠨ ᠤ | ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡ ᠠᠵᠢᠯᠯᠠᠭ᠎ᠠ ᠶᠢ ᠤᠬᠠᠭᠤᠯᠬᠤ︔ | ︵ᠲᠠᠪᠤ︶ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠨ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ | ᠪᠠᠶᠢᠳᠠᠯ ᠢ ᠬᠥᠳᠤᠯᠤᠨ ᠵᠢᠯᠣᠭᠤᠳᠬᠤ ᠲᠣᠭᠲᠠᠴᠠ ᠶᠢ ᠪᠦᠷᠢᠨᠰᠢᠭᠦᠯᠵᠦ᠂ ᠰᠦᠯᠵᠢᠶᠡᠨ ᠤ ᠲᠠᠪᠴᠠᠩ ᠳᠤ ᠢᠯᠡᠷᠡᠭᠰᠡᠨ | ᠦᠨᠳᠦᠰᠦᠲᠡᠨ ᠤ ᠪᠦᠯᠬᠦᠮᠳᠡᠯ ᠢ ᠡᠪᠳᠡᠭᠰᠡᠨ᠂ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠳᠤ ᠠᠰᠢᠭ ᠦᠭᠡᠢ ᠵᠢᠴᠢ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠨᠥᠯᠥᠭᠡᠯᠡᠬᠦ ᠦᠭᠡ ᠶᠠᠷᠢᠶ᠎ᠠ ᠶᠢ ᠴᠠᠭ ᠲᠤᠬᠠᠢ ᠳᠤ ᠨᠢ ᠢᠯᠡᠷᠡᠭᠦᠯᠬᠦ ᠪᠠ | ᠬᠤᠷᠢᠭᠯᠠᠵᠤ᠂ ᠡᠯ᠎ᠡ ᠵᠦᠢᠯ ᠤᠨ ᠪᠤᠷᠤᠭᠤ ᠦᠵᠡᠯᠲᠡ ᠲᠠᠨᠢᠯᠳᠠ ᠶᠢ ᠲᠤᠭ ᠲᠡᠮᠳᠡᠭ ᠲᠣᠳᠣᠷᠬᠠᠢ ᠪᠠᠷ ᠡᠰᠡᠷᠭᠦᠴᠡᠨ | ᠬᠤᠷᠢᠬᠯᠠᠬᠤ᠃ | ᠲᠦᠴᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠨᠢᠭᠡᠴᠢ ᠶᠢᠨ | ᠪᠠᠶᠢᠭᠤᠯᠤᠯᠲᠠ ᠶᠢ ᠶᠡᠷᠦᠩᠬᠡᠶᠢᠯᠡᠨ ᠰᠢᠯᠭᠠᠵᠤ ᠦᠨᠡᠯᠡᠬᠦ ᠵᠢᠭᠠᠯᠳᠠ ᠲᠤᠭ᠎ᠠ ᠶᠢ ᠲᠣᠭᠲᠠᠭᠠᠵᠤ᠂ ᠬᠢᠨᠠᠨ ᠰᠢᠯᠭᠠᠵᠤ | ᠦᠨᠡᠯᠡᠬᠦ ᠲᠣᠬᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠠᠶᠢᠮᠠᠭ ᠤᠨ ᠵᠠᠬᠢᠷᠭ᠎ᠠ᠂ ᠲᠣᠭᠤᠷᠢᠭ ᠲᠠᠢ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠱᠢᠶ᠎ᠡ ᠦᠵᠡᠭᠦᠯᠬᠦ ᠣᠷᠣᠨ᠂ ᠵᠢᠱᠢᠶ᠎ᠡ ᠦᠵᠡᠭᠦᠯᠬᠦ | ᠨᠢᠭᠡᠴᠢ ᠶᠢᠨ ᠪᠠᠶᠢᠭᠤᠯᠤᠯᠲᠠ ᠶᠢ ᠶᠡᠷᠦᠩᠬᠡᠶᠢᠯᠡᠨ ᠰᠢᠯᠭᠠᠵᠤ ᠦᠨᠡᠯᠡᠬᠦ ᠵᠢᠭᠠᠯᠳᠠ ᠲᠤᠭ᠎ᠠ ᠶᠢ ᠦᠨᠳᠦᠰᠦᠯᠡᠨ᠂ ᠪᠣᠳᠠᠲᠠᠶ | ᠠᠷᠭ᠎ᠠ ᠬᠡᠮᠵᠢᠶ᠎ᠡ ᠶᠢ ᠲᠤᠬᠳᠠᠭᠠᠬᠤ ᠬᠡᠷᠡᠭᠲᠡᠢ᠃ | ᠲᠦᠴᠢᠨ ᠲᠤᠯᠤᠳᠤᠭᠠᠷ ᠵᠦᠢᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠶᠢ | ᠬᠥᠮᠦᠵᠢᠭᠦᠯᠦᠨ ᠪᠣᠶ ᠪᠣᠯᠭᠠᠬᠤ ᠠᠵᠢᠯ ᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ | ᠬᠠᠮᠲᠤ ᠪᠠ ᠵᠢᠱᠢᠶᠡᠴᠢ ᠬᠤᠪᠢ ᠬᠥᠮᠦᠨ ᠢ ᠰᠢᠯᠭᠠᠷᠠᠭᠤᠯᠤᠨ ᠬᠥᠬᠢᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠲᠠᠪᠤᠨ ᠵᠢᠯ ᠳᠤ ᠨᠢᠭᠡ ᠤᠳᠠᠭ᠎ᠠ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠵᠤ᠂ | ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ | ᠰᠠᠶᠢᠰᠢᠶᠠᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠢ ᠠᠬᠢᠭᠤᠯᠬᠤ ᠳᠤᠮᠳᠠ ᠢᠯᠡᠷᠭᠡᠢ ᠠᠮᠵᠢᠯᠲᠠ ᠭᠠᠷᠭᠠᠭᠰᠠᠨ ᠪᠠ ᠲᠣᠪᠤᠶᠢᠮ᠎ᠠ ᠬᠤᠪᠢ ᠨᠡᠮᠡᠷᠢ | ᠦᠵᠡᠭᠦᠯᠦᠭᠰᠡᠨ ᠵᠢᠱᠢᠶᠡᠴᠢ ᠬᠠᠮᠲᠤ ᠪᠣᠯᠤᠨ ᠵᠢᠱᠢᠶᠡᠴᠢ ᠬᠤᠪᠢ ᠬᠥᠮᠦᠨ ᠢ ᠬᠥᠬᠢᠭᠦᠯᠦᠨ ᠱᠠᠩᠨᠠᠬᠤ ᠬᠡᠷᠡᠭᠲᠡᠶ᠃ | ᠲᠦᠴᠢᠨ ᠨᠠᠢᠮᠠᠳᠤᠭᠠᠷ ᠵᠦᠢᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ | ᠭᠦᠨᠵᠡᠭᠡᠶᠢᠷᠡᠭᠦᠯᠵᠦ᠂ ᠵᠢᠯ ᠪᠦᠷᠢ ᠶᠢᠨ 5 ᠳ᠋ᠤᠭᠠᠷ ᠰᠠᠷ᠎ᠠ ᠶᠢ ᠪᠦᠬᠦ ᠣᠷᠣᠨ ᠤ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠪᠣᠯᠭᠠᠵᠤ᠂ 5 ᠳ᠋ᠤᠭᠠᠷ ᠰᠠᠷ᠎ᠠ ᠶᠢᠨ ᠬᠠᠮᠤᠭ ᠤᠨ ᠰᠡᠭᠦᠯᠴᠢ ᠶᠢᠨ ᠨᠢᠭᠡ | ᠭᠠᠷᠠᠭ ᠢ ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ ᠪᠣᠯᠭᠠᠨ᠎ᠠ︔ ᠵᠢᠯ ᠪᠦᠷᠢ ᠶᠢᠨ 9 ᠳ᠋ᠤᠭᠡᠷ | ᠰᠠᠷ᠎ᠠ ᠶᠢ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠣᠯᠭᠠᠨ᠎ᠠ᠃ | ᠲᠠᠪᠤᠳᠤᠭᠠᠷ ᠪᠦᠯᠦᠭ ᠨᠡᠶᠢᠭᠡᠮ ᠤᠨ ᠬᠠᠮᠵᠢᠯᠴᠠᠭ᠎ᠠ ᠶᠢ ᠴᠢᠩᠭᠠᠳᠬᠬᠤ | ᠲᠦᠴᠢ ᠶᠢᠰᠦᠳᠦᠭᠡᠷ ᠵᠦᠢᠯ ᠦᠨᠳᠦᠰᠦᠲᠡᠨ ᠨᠦᠭᠦᠳ ᠤᠨ ᠣᠯᠠᠨ ᠲᠦᠮᠡᠨ ᠬᠠᠷᠢᠯᠴᠠᠨ ᠣᠶᠢᠯᠠᠭᠠᠯᠴᠠᠵᠦ᠂ | ᠬᠠᠷᠢᠯᠴᠠᠨ ᠬᠦᠨᠳᠦᠳᠬᠡᠵᠦ᠂ ᠬᠠᠷᠢᠯᠴᠠᠨ ᠪᠠᠭᠲᠠᠭᠠᠵᠤ᠂ ᠬᠠᠷᠢᠯᠴᠠᠨ ᠰᠣᠯᠢᠯᠴᠠᠵᠤ᠂ ᠬᠠᠷᠢᠯᠴᠠᠨ ᠰᠤᠷᠤᠯᠴᠠᠵᠤ᠂ | ᠬᠠᠷᠢᠯᠴᠠᠨ ᠬᠠᠪᠰᠤᠷᠤᠯᠴᠠᠵᠦ᠂ ᠡᠶ᠎ᠡ ᠵᠣᠬᠢᠴᠠᠯ ᠲᠠᠢ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠪᠠ | ᠠᠮᠢᠳᠤᠷᠠᠯ ᠤᠨ ᠤᠷᠴᠢᠨ ᠠᠬᠤᠢ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠡᠷᠡᠭᠲᠡᠶ᠃ | ᠲᠠᠪᠢᠳᠤᠭᠠᠷ ᠵᠦᠢᠯ ᠡᠯ᠎ᠡ ᠱᠠᠲᠤᠨ ᠤ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠣᠯᠠᠨ | ᠲᠦᠮᠡᠨ ᠤ ᠠᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ | ᠪᠦᠲᠦᠭᠡᠯᠴᠢ ᠪᠠᠷ ᠥᠷᠨᠢᠭᠦᠯᠵᠦ᠂ ᠪᠦᠬᠦ ᠨᠡᠶᠢᠭᠡᠮ ᠢᠶᠠᠷ ᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠬᠠᠮᠲᠤ ᠪᠠᠷ ᠠᠬᠢᠭᠤᠯᠬᠤ ᠤᠷᠴᠢᠨ ᠠᠬᠤᠢ ᠶᠢ ᠪᠣᠢ ᠪᠣᠯᠭᠠᠬᠤ ᠬᠡᠷᠡᠭᠲᠡᠢ᠃ ᠠᠵᠢᠯᠴᠢᠨ ᠤ ᠡᠪᠯᠡᠯ ᠨᠢ | ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ | ᠦᠢᠯᠡᠳᠦᠯ ᠢᠶᠠᠨ ᠪᠠᠳᠠᠷᠠᠭᠤᠯᠵᠤ᠂ ᠠᠵᠢᠯᠲᠠᠨ ᠠᠵᠢᠯᠴᠢᠨ ᠤᠯᠠᠨ ᠲᠦᠮᠡᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠬᠦ ᠬᠡᠷᠡᠭᠲᠡᠶ᠃ ᠡᠪ ᠬᠠᠮᠲᠤ | ᠵᠠᠯᠠᠭᠤᠴᠤᠳ ᠤᠨ ᠡᠪᠯᠡᠯ ᠨᠢ ᠵᠠᠯᠠᠭᠤᠴᠤᠳ ᠪᠠᠭᠠᠴᠤᠳ ᠢ ᠬᠦᠳᠦᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ | ᠂ ᠵᠠᠯᠠᠭᠤᠴᠤᠳ ᠲᠠᠢ ᠪᠦᠯᠬᠦᠮᠳᠡᠨ᠂ ᠵᠠᠯᠠᠭᠤᠴᠤᠳ ᠢ ᠨᠢᠭᠲᠠᠷᠠᠭᠤᠯᠵᠤ᠂ ᠵᠠᠯᠠᠭᠤᠴᠤᠳ ᠢ ᠳᠠᠭᠠᠭᠤᠯᠤᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤ ᠢᠳᠡᠪᠬᠢᠲᠡᠢ ᠣᠷᠣᠯᠴᠠᠭᠤᠯᠵᠤ᠂ ᠵᠠᠯᠠᠭᠤᠴᠤᠳ | ᠪᠠᠭᠠᠴᠤᠳ ᠤᠨ ᠳᠤᠮᠳᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠳᠦᠯᠭᠡ ᠶᠢᠨ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠬᠦ ᠬᠡᠷᠡᠭᠲᠡᠢ᠃ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠨᠡᠶᠢᠭᠡᠮ ᠤᠨ ᠠᠮᠢᠳᠤᠷᠠᠯ ᠪᠠ | ᠭᠡᠷ ᠪᠦᠯᠢ ᠶᠢᠨ ᠠᠮᠢᠳᠤᠷᠠᠯ ᠳᠠᠬᠢ ᠡᠮᠡᠭᠲᠡᠶᠢᠴᠦᠳ ᠤᠨ ᠥᠪᠡᠷᠮᠢᠴᠡ ᠦᠢᠯᠡᠳᠦᠯ ᠢ ᠪᠠᠳᠠᠷᠠᠭᠤᠯᠵᠤ᠂ | ᠦᠨᠳᠦᠰᠦᠲᠡᠨ ᠨᠦᠭᠦᠳ ᠤᠨ ᠡᠮᠡᠭᠲᠡᠶᠢᠴᠦᠳ ᠢ ᠬᠦᠮᠦᠵᠢᠭᠦᠯᠦᠨ ᠬᠦᠲᠦᠯᠦᠨ ᠵᠢᠯᠣᠭᠤᠳᠴᠤ ᠪᠠᠶᠢᠭᠠᠳ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠢᠳᠡᠪᠬᠢᠲᠡᠢ ᠠᠵᠢᠯᠯᠠᠭᠤᠯᠬᠤ ᠬᠡᠷᠡᠭᠲᠡᠢ᠃ | ᠲᠠᠪᠢᠨ ᠨᠢᠭᠡᠳᠦᠭᠡᠷ ᠵᠦᠢᠯ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ | ᠵᠥᠪᠯᠡᠯ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠭᠤᠯᠭ᠎ᠠ ᠶᠢ ᠲᠣᠰᠬᠤᠨ ᠤ ᠲᠦᠷᠢᠮ ᠠᠷᠠᠳ ᠤᠨ ᠭᠡᠷ᠎ᠡ | ᠂ ᠰᠠᠭᠤᠭᠠᠯᠢ ᠠᠷᠠᠳ ᠤᠨ ᠨᠡᠶᠢᠲᠡ ᠶᠢᠨ ᠭᠡᠷ᠎ᠡ ᠳᠤ ᠣᠷᠣᠭᠤᠯᠬᠤ ᠶᠢ ᠵᠣᠷᠢᠬᠵᠢᠭᠤᠯᠤᠨ᠎ᠠ᠃ | ᠲᠠᠪᠢᠨ ᠬᠤᠶᠠᠳᠤᠭᠠᠷ ᠵᠦᠢᠯ ᠭᠡᠷ ᠪᠦᠯᠢ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠤᠮᠳᠠ | ᠢᠳᠡᠪᠬᠢᠲᠠᠢ ᠦᠢᠯᠡᠳᠦᠯ ᠢᠶᠠᠨ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭ᠎ᠠ ᠶᠢ | ᠭᠡᠷ ᠤᠨ ᠰᠤᠷᠭᠠᠯ᠂ ᠭᠡᠷ ᠤᠨ ᠰᠤᠷᠲᠠᠯ ᠳᠤ ᠠᠭᠤᠰᠬᠠᠨ ᠣᠷᠣᠭᠤᠯᠵᠤ᠂ ᠭᠡᠷ ᠪᠦᠯᠢ ᠶᠢᠨ ᠪᠦᠷᠢᠯᠳᠦᠬᠦᠨ ᠤ | ᠬᠤᠭᠤᠷᠣᠨᠳᠣ ᠪᠠᠨ ᠬᠠᠷᠢᠯᠴᠠᠨ ᠬᠦᠨᠳᠦᠳᠬᠡᠵᠦ᠂ ᠬᠠᠷᠢᠯᠴᠠᠨ ᠨᠥᠯᠥᠭᠡᠯᠡᠵᠦ᠂ ᠬᠠᠷᠢᠯᠴᠠᠨ ᠬᠥᠮᠦᠵᠢᠭᠦᠯᠵᠦ᠂ | ᠬᠠᠷᠢᠯᠴᠠᠨ ᠠᠬᠢᠭᠤᠯᠬᠤ ᠬᠡᠷᠡᠭᠲᠡᠶ᠃ | ᠲᠠᠪᠢᠨ ᠭᠤᠷᠪᠠᠳᠤᠭᠠᠷ ᠵᠦᠢᠯ ᠨᠣᠮ ᠤᠨ ᠰᠠᠩ᠂ ᠮᠦᠽᠧᠶ᠂ ᠦᠵᠡᠰᠬᠦᠯᠡᠩ ᠤᠨ ᠣᠷᠳᠣᠨ᠂ ᠰᠣᠶᠣᠯ ᠤᠨ | ᠣᠷᠳᠣᠨ᠂ ᠤᠷᠠᠨ ᠵᠢᠷᠤᠭ ᠤᠨ ᠣᠷᠳᠣᠨ᠂ ᠳᠤᠷᠠᠰᠬᠠᠯ ᠤᠨ ᠣᠷᠳᠣᠨ᠂ ᠪᠠᠭᠠᠴᠤᠳ ᠤᠨ ᠣᠷᠳᠣᠨ ᠵᠡᠷᠭᠡ ᠣᠯᠠᠨ | ᠨᠡᠶᠢᠲᠡ ᠶᠢᠨ ᠰᠣᠶᠣᠯ ᠤᠨ ᠲᠠᠯᠠᠪᠤᠷ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠲᠤᠰᠬᠠᠬᠤ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠤᠬᠠᠭᠤᠯᠭ᠎ᠠ ᠬᠥᠮᠦᠵᠢᠯ ᠤᠨ ᠠᠵᠢᠯ ᠢ | ᠰᠠᠶᠢᠲᠤᠷ ᠬᠢᠬᠦ ᠬᠡᠷᠡᠭᠲᠡᠶ᠃ ᠴᠡᠴᠡᠷᠯᠢᠭ᠂ ᠠᠭᠤᠳᠠᠮ ᠲᠠᠯᠠᠪᠠᠢ᠂ ᠨᠢᠰᠬᠡᠯ ᠤᠨ ᠪᠠᠭᠤᠳᠠᠯ᠂ ᠲᠡᠷᠭᠡᠨ ᠦᠷᠳᠡᠭᠡ᠂ | ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠲᠤᠰᠬᠠᠬᠤ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠤᠬᠠᠭᠤᠯᠭ᠎ᠠ | ᠬᠥᠮᠦᠵᠢᠯ ᠤᠨ ᠠᠭᠤᠯᠭ᠎ᠠ ᠶᠢ ᠳᠡᠯᠭᠡᠨ ᠦᠵᠡᠭᠦᠯᠬᠦ ᠬᠡᠷᠡᠭᠲᠡᠢ᠃ | ᠲᠠᠪᠢᠨ ᠲᠦᠷᠪᠡᠳᠦᠭᠡᠷ ᠵᠦᠢᠯ ᠨᠣᠮ ᠪᠢᠴᠢᠭ᠂ ᠰᠣᠨᠢᠨ ᠰᠡᠳᠬᠦᠯ᠂ ᠳᠠᠭᠤ ᠳᠦᠷᠰᠦ ᠰᠢᠩᠭᠡᠭᠡᠯᠲᠡ ᠶᠢᠨ | ᠪᠦᠲᠦᠭᠡᠭᠳᠡᠭᠦᠨ᠂ ᠺᠢᠨᠣ᠋ ᠲᠧᠯᠸᠢᠰ᠂ ᠰᠦᠯᠵᠢᠶ᠎ᠡ ᠵᠡᠷᠭᠡ ᠠᠴᠢᠶᠠᠯᠠᠪᠤᠷᠢ ᠵᠢᠴᠢ ᠣᠷᠣᠨ ᠪᠦᠰᠡ ᠶᠢᠨ ᠨᠡᠷᠡᠶᠢᠳᠦᠯ᠂ | ᠠᠵᠤ ᠠᠬᠤᠶᠢᠯᠠᠯ ᠤᠨ ᠨᠡᠷᠡᠶᠢᠳᠦᠯ᠂ ᠲᠦᠷᠦᠯ ᠲᠡᠮᠳᠡᠭ ᠲᠠᠸᠠᠷ ᠤᠨ ᠲᠡᠮᠳᠡᠭ᠂ ᠵᠠᠷ ᠮᠡᠳᠡᠭᠡ ᠵᠡᠷᠭᠡ ᠲᠠᠯ᠎ᠠ ᠳᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠦᠭᠡᠶᠢᠰᠬᠡᠬᠦ᠂ ᠦᠨᠳᠦᠰᠦᠲᠡᠨ ᠤ ᠵᠠᠩ ᠳᠠᠳᠬᠠᠯ ᠢ | ᠭᠤᠳᠤᠭᠠᠬᠤ᠂ ᠦᠨᠳᠦᠰᠦᠲᠡᠨ ᠤ ᠨᠡᠷ᠎ᠡ ᠬᠦᠨᠳᠦ ᠶᠢ ᠬᠤᠬᠢᠷᠠᠭᠤᠯᠬᠤ᠂ ᠦᠨᠳᠦᠰᠦᠲᠡᠨ ᠤ ᠬᠠᠶᠢᠷ᠎ᠠ ᠰᠡᠳᠬᠢᠯᠭᠡ ᠶᠢ | ᠭᠤᠮᠤᠳᠠᠭᠠᠬᠤ ᠵᠡᠷᠭᠡ ᠦᠨᠳᠦᠰᠦᠲᠡᠨ ᠤ ᠪᠦᠯᠬᠦᠮᠳᠡᠯ ᠢ ᠨᠥᠯᠥᠭᠡᠯᠡᠬᠦ ᠠᠭᠤᠯᠭ᠎ᠠ ᠢᠯᠡᠷᠡᠬᠦ ᠶᠢ ᠴᠠᠭᠠᠵᠠᠯᠠᠨ᠎ᠠ᠃ | ᠲᠠᠪᠢᠨ ᠲᠠᠪᠤᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠦᠨᠳᠦᠰᠦᠲᠡᠨ ᠤ | ᠪᠦᠯᠬᠦᠮᠳᠡᠯ ᠳᠤ ᠠᠰᠢᠭ ᠦᠭᠡᠢ ᠦᠭᠡ ᠶᠠᠷᠢᠶ᠎ᠠ ᠶᠢ ᠲᠠᠷᠬᠠᠭᠠᠵᠤ ᠪᠣᠯᠬᠤ ᠦᠭᠡᠢ︔ ᠦᠨᠳᠦᠰᠦᠲᠡᠨ ᠤ ᠪᠦᠯᠬᠦᠮᠳᠡᠯ ᠳᠤ | ᠠᠰᠢᠭ ᠦᠭᠡᠢ ᠮᠡᠳᠡᠭᠡ ᠵᠠᠩᠭᠢ ᠶᠢ ᠴᠤᠭᠯᠠᠭᠤᠯᠵᠤ᠂ ᠦᠢᠯᠡᠳᠴᠦ᠂ ᠬᠠᠩᠭᠠᠵᠤ ᠳᠠᠮᠵᠢᠭᠤᠯᠵᠦ ᠪᠣᠯᠬᠤ ᠦᠭᠡᠢ︔ | ᠦᠨᠳᠦᠰᠦᠲᠡᠨ ᠤ ᠪᠦᠯᠬᠦᠮᠳᠡᠯ ᠢ ᠡᠪᠳᠡᠬᠦ᠂ ᠦᠨᠳᠦᠰᠦᠲᠡᠨ ᠤ ᠦᠰᠢᠶ᠎ᠡ ᠬᠤᠷᠣᠰᠤᠯ ᠪᠠ ᠦᠨᠳᠦᠰᠦᠲᠡᠨ ᠤ | ᠭᠠᠳᠠᠭᠤᠷᠴᠢᠯᠠᠯ ᠢ ᠥᠳᠥᠭᠡᠬᠦ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ᠃ | ᠲᠠᠪᠢᠨ ᠵᠢᠷᠭᠤᠳᠤᠭᠠᠷ ᠵᠦᠢᠯ ᠨᠡᠪᠴᠢᠯᠲᠡ ᠨᠤᠷᠠᠭᠠᠯᠲᠠ ᠡᠪᠳᠡᠯᠡᠭᠡ ᠬᠢᠬᠦ ᠦᠢᠯᠡ ᠠᠵᠢᠯᠯᠠᠭ᠎ᠠ᠂ ᠬᠦᠴᠦᠷᠬᠡᠭᠯᠡᠯ | ᠰᠦᠷᠳᠡᠭᠦᠯᠦᠯ ᠤᠨ ᠦᠢᠯᠡ ᠠᠵᠢᠯᠯᠠᠭ᠎ᠠ᠂ ᠦᠨᠳᠦᠰᠦᠲᠡᠨ ᠢ ᠬᠠᠭᠠᠴᠠᠭᠤᠯᠬᠤ ᠦᠢᠯᠡ ᠠᠵᠢᠯᠯᠠᠭ᠎ᠠ᠂ ᠱᠠᠰᠢᠨ | ᠰᠤᠷᠲᠠᠬᠤᠨ ᠤ ᠬᠡᠲᠦᠷᠡᠮᠡᠬᠡᠶ ᠦᠢᠯᠡ ᠠᠵᠢᠯᠯᠠᠭ᠎ᠠ ᠶᠢ ᠰᠡᠷᠭᠡᠶᠢᠯᠡᠨ ᠲᠡᠭᠦᠨ ᠳᠤ ᠴᠣᠬᠢᠯᠲᠠ ᠥᠭᠴᠦ᠂ ᠤᠯᠤᠰ ᠤᠨ | ᠨᠢᠭᠡᠳᠦᠯ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠨ᠎ᠠ᠃ | ᠵᠢᠷᠭᠤᠳᠤᠭᠠᠷ ᠪᠦᠯᠦᠭ ᠪᠠᠲᠤᠯᠠᠬᠤ ᠪᠠ ᠬᠢᠨᠠᠯᠲᠠ ᠲᠠᠯᠪᠢᠬᠤ | ᠲᠠᠪᠢᠨ ᠲᠤᠯᠤᠳᠤᠭᠠᠷ ᠵᠦᠢᠯ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠳᠤ | ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠪᠣᠯᠤᠨ ᠣᠨ ᠤ ᠬᠠᠷᠠᠯᠲᠠᠲᠤ ᠬᠠᠷᠢᠭᠤᠴᠠᠯᠭ᠎ᠠ ᠶᠢᠨ ᠬᠢᠨᠠᠨ | ᠰᠢᠯᠭᠠᠬᠤ ᠳᠦᠷᠢᠮ ᠢ ᠬᠡᠷᠡᠭᠵᠢᠭᠦᠯᠵᠦ᠂ ᠲᠡᠭᠦᠨ ᠢ ᠠᠮᠵᠢᠯᠲᠠ ᠪᠦᠲᠦᠮᠵᠢ ᠶᠢ ᠨᠢ ᠬᠢᠨᠠᠨ ᠰᠢᠯᠭᠠᠬᠤ | ᠲᠣᠬᠲᠠᠯᠴᠠᠭ᠎ᠠ ᠳᠤ ᠣᠷᠣᠭᠤᠯᠬᠤ ᠬᠡᠷᠡᠭᠲᠡᠶ᠃ | ᠲᠠᠪᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠤᠯᠤᠰ ᠠᠷᠠᠳ ᠤᠨ ᠠᠵᠤ ᠠᠬᠤᠶ ᠪᠣᠯᠤᠨ | ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ ᠳᠤ ᠪᠠᠨ ᠣᠷᠣᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠤᠷᠲᠤ ᠬᠤᠭᠤᠴᠠᠭᠠᠨ ᠤ ᠪᠦᠳᠦᠮᠵᠢᠲᠠᠢ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠴᠢᠬᠤᠯᠠ ᠶᠡᠭᠡ | ᠵᠦᠢᠯᠡᠰ ᠢ ᠨᠢᠭᠡᠳᠦᠯᠲᠡᠶ ᠲᠦᠯᠦᠪᠵᠢᠭᠦᠯᠦᠨ ᠵᠣᠬᠢᠴᠠᠭᠤᠯᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠳᠤ ᠬᠡᠷᠡᠭᠰᠡᠬᠦ | ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠪᠠᠨ ᠣᠷᠣᠭᠤᠯᠬᠤ ᠬᠡᠷᠡᠭᠲᠡᠶ᠃ | ᠲᠠᠪᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ | ᠳᠣᠲᠣᠷᠠᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠠᠵᠢᠯ ᠢ ᠵᠣᠬᠢᠶᠠᠨ ᠪᠠᠶᠢᠭᠤᠯᠬᠤ᠂ | ᠵᠣᠬᠢᠴᠠᠭᠤᠯᠬᠤ᠂ ᠵᠢᠯᠣᠭᠤᠳᠬᠤ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰ | ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠣᠰᠣᠭᠠᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ | ᠬᠤᠯᠪᠤᠬᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠤᠰ ᠬᠠᠷᠢᠶ᠎ᠠ ᠣᠷᠣᠨ ᠤ ᠪᠠᠨ ᠳᠣᠲᠣᠷᠠᠬᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠠᠵᠢᠯ ᠢ ᠬᠠᠤᠯᠢ ᠶᠣᠰᠣᠭᠠᠷ ᠰᠠᠶᠢᠲᠤᠷ ᠬᠢᠬᠦ ᠬᠡᠷᠡᠭᠲᠡᠶ᠃ | | ᠵᠢᠷᠠᠳᠤᠭᠠᠷ ᠵᠦᠢᠯ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠠᠤᠯᠢ ᠴᠠᠭᠠᠵᠠ ᠶᠢ | ᠲᠦᠭᠡᠮᠡᠯᠵᠢᠭᠦᠯᠬᠦ ᠲᠥᠯᠥᠪᠵᠢᠭᠦᠯᠭᠡ ᠳᠤ ᠪᠠᠨ ᠣᠷᠣᠭᠤᠯᠵᠤ᠂ ᠲᠦᠷᠤ ᠶᠢᠨ ᠪᠠᠶᠢᠭᠤᠯᠭ᠎ᠠ ᠶᠢᠨ ᠠᠵᠢᠯᠳᠠᠨ ᠤ | ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠲᠦᠷᠢᠮ ᠢ ᠲᠡᠭᠦᠯᠳᠡᠷᠵᠢᠭᠦᠯᠦᠨ᠂ ᠠᠷᠠᠳ ᠢᠷᠭᠡᠨ ᠢ ᠬᠦᠳᠦᠯᠦᠨ | ᠵᠢᠯᠤᠭᠤᠳᠴᠦ ᠪᠠᠶᠢᠭᠠᠳ ᠬᠠᠤᠯᠢ ᠶᠢ ᠮᠡᠳᠡᠭᠦᠯᠵᠦ᠂ ᠬᠠᠤᠯᠢ ᠶᠢ ᠰᠠᠬᠢᠭᠤᠯᠬᠤ ᠬᠡᠷᠡᠭᠲᠡᠢ᠃ | ᠵᠢᠷᠠᠨ ᠨᠢᠭᠡᠳᠦᠭᠡᠷ ᠵᠦᠢᠯ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ | ᠪᠠᠶᠢᠴᠠᠭᠠᠬᠤ ᠪᠠᠶᠢᠭᠤᠯᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠤᠯᠤᠰ ᠤᠨ ᠠᠮᠤᠷ ᠲᠦᠪᠰᠢᠨ ᠤ | ᠪᠠᠶᠢᠭᠤᠯᠭ᠎ᠠ ᠦᠨᠳᠦᠰᠦᠲᠡᠨ ᠨᠦᠭᠦᠳ ᠤᠨ ᠠᠷᠠᠳ ᠢᠷᠭᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ | ᠪᠠᠲᠤᠯᠠᠵᠤ᠂ ᠦᠨᠳᠦᠰᠦᠲᠡᠨ ᠤ ᠪᠦᠯᠬᠦᠮᠳᠡᠯ ᠢ ᠡᠪᠳᠡᠭᠰᠡᠨ᠂ ᠨᠡᠶᠢᠭᠡᠮ ᠤᠨ ᠲᠣᠭᠲᠠᠭᠤᠨ ᠢ ᠡᠪᠳᠡᠭᠰᠡᠨ ᠬᠠᠤᠯᠢ ᠠᠴᠠ | ᠵᠥᠷᠢᠴᠡᠭᠰᠡᠨ ᠶᠠᠯᠠᠲᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠦᠢᠯᠡᠰ ᠲᠤ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ ᠬᠡᠷᠡᠭᠲᠡᠶ᠃ | ᠵᠢᠷᠠᠨ ᠬᠤᠶᠠᠳᠤᠭᠠᠷ ᠵᠦᠢᠯ ᠬᠠᠤᠯᠢ ᠲᠣᠭᠲᠠᠭᠠᠬᠤ ᠡᠷᠬᠡ ᠲᠠᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠵᠢᠴᠢ ᠲᠡᠭᠦᠨ ᠤ ᠪᠠᠶᠢᠡᠭᠭᠤ ᠶᠢᠨ ᠬᠤᠷᠢᠶ᠎ᠠ ᠬᠠᠤᠯᠢ ᠲᠣᠭᠲᠠᠭᠠᠬᠤ ᠡᠷᠬᠡ ᠶᠢᠨ ᠬᠢᠵᠠᠭᠠᠷ ᠢᠶᠠᠨ ᠦᠨᠳᠦᠰᠦᠯᠡᠨ | ᠦᠨᠳᠦᠰᠦᠲᠡᠨ ᠤ ᠠᠵᠢᠯ ᠤᠨ ᠬᠠᠤᠯᠢ ᠲᠣᠭᠳᠠᠭᠠᠯᠳᠠ ᠶᠢ ᠴᠢᠩᠭᠠᠳᠬᠠᠵᠤ᠂ ᠦᠨᠳᠦᠰᠦᠲᠡᠨ ᠤ ᠬᠡᠷᠡᠭ ᠶᠠᠪᠤᠳᠠᠯ ᠢ | ᠬᠠᠤᠯᠢ ᠶᠣᠰᠣᠭᠠᠷ ᠵᠠᠰᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠤᠨ ᠰᠤᠮᠤ ᠰᠢᠶᠠᠩ | ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ | ᠬᠠᠤᠯᠢ ᠶᠣᠰᠣᠭᠠᠷ ᠬᠡᠷᠡᠭᠵᠢᠭᠦᠯᠵᠦ᠂ ᠵᠥᠪ ᠣᠨᠣᠪᠴᠢᠲᠠᠶ ᠬᠢᠨᠠᠯᠲᠠ ᠲᠠᠯᠪᠢᠬᠤ᠂ ᠪᠦᠲᠦᠮᠵᠢᠲᠡᠶ ᠬᠢᠨᠠᠯᠲᠠ | ᠲᠠᠯᠪᠢᠬᠤ ᠶᠢ ᠪᠠᠷᠢᠮᠲᠠᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠤᠯᠪᠣᠭᠳᠠᠯ ᠪᠥᠬᠦᠶ ᠬᠠᠤᠯᠢ ᠴᠠᠭᠠᠵᠠ | ᠬᠠᠤᠯᠢ ᠲᠣᠭᠲᠠᠭᠠᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠬᠦ᠂ ᠠᠳᠠᠯᠢ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠶᠢ ᠰᠣᠨᠣᠰᠬᠤ᠂ ᠲᠤᠰᠬᠠᠶ ᠰᠡᠳᠤᠪ ᠢᠶᠠᠷ ᠯᠠᠪᠯᠠᠨ | ᠠᠰᠠᠭᠤᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠳᠤ | ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢᠳ ᠦᠨᠳᠦᠰᠦᠨ ᠬᠠᠤᠯᠢ ᠬᠠᠤᠯᠢ ᠴᠠᠭᠠᠵᠠ ᠬᠠᠤᠯᠢ ᠲᠣᠭᠲᠠᠭᠠᠯ ᠢ ᠲᠦᠷᠦᠭᠦᠯᠡᠨ | ᠵᠢᠷᠤᠮᠯᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠬᠦᠷᠢᠶᠡᠯᠡᠵᠦ ᠬᠡᠷᠡᠭᠵᠢᠭᠦᠯᠦᠨ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠲᠦᠷᠦᠭᠦᠯᠡᠨ ᠰᠠᠶᠢᠲᠤᠷ ᠬᠢᠵᠦ᠂ ᠪᠥᠬᠦ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ | ᠬᠡᠷᠡᠭᠲᠡᠶ᠃ | ᠵᠢᠷᠠᠨ ᠭᠤᠷᠪᠠᠳᠤᠭᠠᠷ ᠵᠦᠢᠯ ᠦᠨᠳᠦᠰᠦᠲᠡᠨ ᠨᠦᠭᠦᠳ ᠤᠨ ᠺᠠᠳ᠋ᠷ ᠪᠠ ᠡᠯ᠎ᠡ ᠲᠦᠷᠦᠯ ᠤᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ | ᠡᠵᠡᠮᠰᠢᠭᠰᠡᠨ᠂ ᠦᠨᠳᠦᠰᠦᠲᠡᠨ ᠤ ᠠᠵᠢᠯ ᠢ ᠰᠠᠶᠢᠨ ᠮᠡᠳᠡᠬᠦ᠂ ᠦᠨᠳᠦᠰᠦᠲᠡᠨ ᠤ ᠪᠦᠯᠬᠦᠮᠳᠡᠯ ᠢ ᠦᠢᠯᠡᠳᠦᠯᠭᠡᠵᠢᠭᠦᠯᠬᠦ | ᠺᠠᠳ᠋ᠷ ᠢ ᠬᠥᠮᠦᠵᠢᠭᠦᠯᠬᠦ᠂ ᠰᠢᠯᠢᠨ ᠳᠡᠪᠰᠢᠭᠦᠯᠬᠦ ᠪᠠ ᠲᠣᠮᠢᠯᠠᠨ ᠬᠡᠷᠡᠭᠯᠡᠨ᠎ᠡ᠃ ᠦᠨᠳᠦᠰᠦᠲᠡᠨ ᠨᠦᠭᠦᠳ ᠤᠨ ᠡᠯ᠎ᠡ | ᠲᠦᠷᠦᠯ ᠤᠨ ᠬᠤᠣᠰ ᠬᠡᠯᠡᠨ ᠤ ᠴᠢᠳᠠᠪᠤᠷᠢᠲᠠᠨ ᠢᠯᠠᠩᠭᠤᠶ᠎ᠠ ᠬᠤᠣᠰ ᠬᠡᠯᠡᠨ ᠤ ᠪᠠᠭᠰᠢ᠂ ᠬᠤᠣᠰ ᠬᠡᠯᠡᠨ ᠤ ᠰᠢᠭᠦᠭᠦ | ᠲᠤᠰᠢᠶᠠᠯᠳᠠᠨ᠂ ᠬᠤᠣᠰ ᠬᠡᠯᠡᠨ ᠤ ᠪᠠᠶᠢᠴᠠᠭᠠᠬᠤ ᠲᠤᠰᠢᠶᠠᠯᠳᠠᠨ ᠢ ᠬᠥᠮᠦᠵᠢᠭᠦᠯᠬᠦ ᠪᠠ ᠰᠣᠩᠭᠤᠨ ᠳᠡᠪᠰᠢᠭᠦᠯᠬᠦ | ᠡᠷᠴᠢᠮ ᠢᠶᠠᠨ ᠴᠢᠩᠭᠠᠷᠠᠭᠤᠯᠤᠨ᠎ᠠ᠃ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ | ᠠᠵᠢᠯᠲᠠᠨ ᠡᠯᠰᠡᠨ ᠬᠡᠷᠡᠭᠯᠡᠬᠦ᠂ ᠤᠷᠢᠨ ᠬᠡᠷᠡᠭᠯᠡᠬᠦ ᠳᠤ ᠪᠠᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠶ᠃ | ᠵᠢᠷᠠᠨ ᠲᠦᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠦᠨᠳᠦᠰᠦᠲᠡᠨ ᠤ ᠡᠯᠧᠮᠧᠨ᠋ᠲ ᠲᠠᠢ | ᠬᠤᠯᠪᠣᠭᠳᠠᠬᠤ ᠬᠦᠨᠳᠦ ᠶᠡᠭᠡ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠦᠨᠳᠦᠰᠦᠲᠡᠨ ᠤ ᠪᠦᠯᠬᠦᠮᠳᠡᠯ ᠢ | ᠨᠥᠯᠥᠭᠡᠯᠡᠬᠦ ᠡᠯ᠎ᠡ ᠵᠦᠢᠯ ᠤᠨ ᠵᠥᠷᠢᠴᠡᠯ ᠪᠠ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠬᠡᠷᠡᠭᠲᠡᠶ᠃ | ᠵᠢᠷᠠᠨ ᠲᠠᠪᠤᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠦᠨᠳᠦᠰᠦᠲᠡᠨ ᠤ | ᠪᠦᠯᠬᠦᠮᠳᠡᠯ ᠢ ᠡᠪᠳᠡᠭᠰᠡᠨ ᠬᠠᠤᠯᠢ ᠠᠴᠠ ᠵᠥᠷᠢᠴᠡᠭᠰᠡᠨ ᠤᠶᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠪᠠ | ᠢᠯᠡᠴᠢᠯᠡᠨ ᠮᠡᠳᠡᠭᠦᠯᠬᠦ ᠡᠷᠬᠡ ᠲᠠᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢᠯᠡᠴᠢᠯᠡᠨ ᠮᠡᠳᠡᠭᠦᠯᠦᠯᠲᠡ ᠶᠢ | ᠣᠯᠣᠭᠰᠠᠨ ᠤ ᠳᠠᠷᠠᠭ᠎ᠠ ᠴᠠᠭ ᠲᠤᠬᠠᠢ ᠳᠤ ᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ | ᠲᠤᠯᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠵᠢᠷᠠᠨ ᠵᠢᠷᠭᠤᠳᠤᠭᠠᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠳᠡ ᠰᠢᠢᠳᠬᠡᠨ ᠲᠣᠷᠭᠠᠬᠤ | ᠲᠣᠭᠲᠠᠭᠠᠯ ᠭᠠᠷᠭᠠᠭᠰᠠᠨ ᠪᠣᠯ ᠲᠡᠷᠡ ᠲᠣᠭᠲᠠᠭᠠᠯ ᠢ ᠨᠢ ᠳᠠᠭᠠᠨ᠎ᠠ᠃ | ᠵᠢᠷᠠᠨ ᠲᠤᠯᠤᠳᠤᠭᠠᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠵᠦ᠂ ᠲᠣᠣᠷᠠᠬᠢ ᠪᠠᠶᠢᠳᠠᠯ ᠤᠨ | ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠦᠨᠳᠦᠰᠦᠲᠡᠨ ᠤ ᠬᠡᠷᠡᠭ ᠡᠷᠬᠢᠯᠡᠬᠦ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ | ᠨᠢᠭᠡᠴᠢ ᠲᠠᠢ ᠬᠠᠮᠲᠤᠷᠠᠨ ᠰᠢᠭᠦᠮᠵᠢᠯᠡᠨ ᠰᠤᠷᠭᠠᠵᠤ᠂ ᠵᠠᠷᠯᠢᠭᠳᠠᠨ ᠵᠠᠯᠠᠷᠠᠭᠤᠯᠤᠨ᠎ᠠ︔ ᠠᠮᠤᠷ ᠢ ᠬᠠᠮᠠᠭᠠᠯᠠᠬᠤ | ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠤᠯᠵᠤ ᠪᠦᠷᠢᠯᠳᠦᠭᠰᠡᠨ ᠪᠠᠶᠢᠪᠠᠯ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠬᠡᠨ ᠲᠣᠷᠭᠠᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ | ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ ︵ᠨᠢᠭᠡ︶ ᠨᠣᠮ ᠪᠢᠴᠢᠭ᠂ ᠰᠣᠨᠢᠨ ᠰᠡᠳᠬᠦᠯ᠂ | ᠲᠠᠭᠤ ᠳᠦᠷᠰᠦ ᠰᠢᠩᠭᠡᠭᠡᠯᠲᠡ ᠶᠢᠨ ᠪᠦᠲᠦᠭᠡᠭᠳᠡᠭᠦᠨ᠂ ᠺᠢᠨᠣ᠋ ᠲᠧᠯᠸᠢᠰ᠂ ᠰᠦᠯᠵᠢᠶ᠎ᠡ ᠵᠡᠷᠭᠡ ᠠᠴᠢᠶᠠᠯᠠᠪᠤᠷᠢ ᠵᠢᠴᠢ | ᠣᠷᠣᠨ ᠪᠦᠰᠡ ᠶᠢᠨ ᠨᠡᠷᠡᠶᠢᠳᠦᠯ᠂ ᠠᠵᠤ ᠠᠬᠤᠶᠢᠯᠠᠯ ᠤᠨ ᠨᠡᠷᠡᠶᠢᠳᠦᠯ᠂ ᠲᠦᠷᠦᠯ ᠲᠡᠮᠳᠡᠭ ᠲᠠᠸᠠᠷ ᠤᠨ ᠲᠡᠮᠳᠡᠭ᠂ | ᠵᠠᠷ ᠮᠡᠳᠡᠭᠡ ᠵᠡᠷᠭᠡ ᠲᠠᠯ᠎ᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠦᠭᠡᠶᠢᠰᠬᠡᠭᠰᠡᠨ᠂ | ᠦᠨᠳᠦᠰᠦᠲᠡᠨ ᠤ ᠵᠠᠩ ᠳᠠᠳᠬᠠᠯ ᠢ ᠭᠤᠳᠤᠭᠠᠭᠰᠠᠨ᠂ ᠦᠨᠳᠦᠰᠦᠲᠡᠨ ᠤ ᠨᠡᠷ᠎ᠡ ᠬᠦᠨᠳᠦ ᠶᠢ ᠬᠤᠬᠢᠷᠠᠭᠤᠯᠤᠭᠰᠠᠨ᠂ | ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠭᠤᠮᠤᠳᠠᠭᠠᠭᠰᠠᠨ ᠵᠡᠷᠭᠡ ᠠᠭᠤᠯᠭ᠎ᠠ ᠢᠯᠡᠷᠡᠭᠰᠡᠨ︔ ︵ᠬᠤᠶᠠᠷ︶ | ᠦᠨᠳᠦᠰᠦᠲᠡᠨ ᠤ ᠪᠦᠯᠬᠦᠮᠳᠡᠯ ᠳᠤ ᠠᠰᠢᠭ ᠦᠭᠡᠢ ᠦᠭᠡ ᠶᠠᠷᠢᠶ᠎ᠠ ᠶᠢ ᠲᠠᠷᠬᠠᠭᠠᠵᠤ᠂ ᠦᠨᠳᠦᠰᠦᠲᠡᠨ ᠤ | ᠪᠦᠯᠬᠦᠮᠳᠡᠯ ᠳᠤ ᠠᠰᠢᠭ ᠦᠭᠡᠢ ᠮᠡᠳᠡᠭᠡ ᠵᠠᠩᠭᠢ ᠶᠢ ᠴᠤᠭᠯᠠᠭᠤᠯᠵᠤ᠂ ᠦᠢᠯᠡᠳᠴᠦ᠂ ᠬᠠᠩᠭᠠᠵᠤ᠂ ᠳᠠᠮᠵᠢᠭᠤᠯᠵᠦ᠂ | ᠦᠨᠳᠦᠰᠦᠲᠡᠨ ᠤ ᠪᠦᠯᠬᠦᠮᠳᠡᠯ ᠢ ᠡᠪᠳᠡᠬᠦ᠂ ᠦᠨᠳᠦᠰᠦᠲᠡᠨ ᠤ ᠦᠰᠢᠶ᠎ᠡ ᠬᠤᠷᠣᠰᠤᠯ ᠪᠠ ᠦᠨᠳᠦᠰᠦᠲᠡᠨ ᠤ | ᠭᠠᠳᠠᠭᠤᠷᠴᠢᠯᠠᠯ ᠢ ᠦᠳᠦᠭᠡᠭᠰᠡᠨ ᠤᠶᠢᠯᠡ ᠠᠵᠢᠯᠯᠠᠭ᠎ᠠ ᠬᠢᠭᠰᠡᠨ︔ ︵ᠭᠤᠷᠪᠠ︶ ᠨᠡᠪᠴᠢᠯᠲᠡ ᠨᠤᠷᠠᠭᠠᠯᠲᠠ ᠡᠪᠳᠡᠯᠡᠭᠡ | ᠬᠢᠬᠦ ᠦᠢᠯᠡ ᠠᠵᠢᠯᠯᠠᠭ᠎ᠠ᠂ ᠬᠦᠴᠦᠷᠬᠡᠭᠯᠡᠯ ᠰᠦᠷᠳᠡᠭᠦᠯᠦᠯ ᠤᠨ ᠦᠢᠯᠡ ᠠᠵᠢᠯᠯᠠᠭ᠎ᠠ᠂ ᠦᠨᠳᠦᠰᠦᠲᠡᠨ ᠢ | ᠬᠠᠭᠠᠴᠠᠭᠤᠯᠬᠤ ᠦᠢᠯᠡ ᠠᠵᠢᠯᠯᠠᠭ᠎ᠠ᠂ ᠱᠠᠰᠢᠨ ᠰᠤᠷᠲᠠᠬᠤᠨ ᠤ ᠬᠡᠲᠦᠷᠡᠮᠡᠬᠡᠢ ᠦᠢᠯᠡ ᠠᠵᠢᠯᠯᠠᠭ᠎ᠠ ᠬᠢᠭᠰᠡᠨ᠃ | ᠵᠢᠷᠠᠨ ᠨᠠᠢᠮᠠᠳᠤᠭᠠᠷ ᠵᠦᠢᠯ ᠲᠦᠷᠦ ᠶᠢᠨ ᠪᠠᠶᠢᠭᠤᠯᠭ᠎ᠠ᠂ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠤᠲᠠ ᠬᠥᠳᠡᠭᠡ ᠶᠢᠨ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠪᠠ ᠪᠤᠰᠤᠳ ᠵᠣᠬᠢᠶᠠᠨ ᠪᠠᠶᠢᠭᠤᠯᠤᠯᠲᠠ ᠳᠤ ᠲᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ | ᠲᠡᠭᠦᠨ ᠤ ᠳᠡᠭᠡᠳᠦ ᠱᠠᠲᠤᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠢᠭᠦᠮᠵᠢᠯᠡᠨ ᠰᠤᠷᠭᠠᠵᠤ᠂ | ᠵᠠᠷᠯᠢᠭᠳᠠᠨ ᠵᠠᠯᠠᠷᠠᠭᠤᠯᠤᠭᠤᠯᠤᠨ᠎ᠠ᠂ ᠴᠡᠭᠴᠡᠯᠡᠨ ᠵᠠᠯᠠᠷᠠᠭᠤᠯᠬᠤ ᠬᠤᠭᠤᠴᠠᠭᠠᠨ ᠳᠤ ᠡᠯ᠎ᠡ ᠱᠠᠲᠤᠨ ᠤ ᠡᠯ᠎ᠡ | ᠲᠦᠷᠦᠯ ᠤᠨ ᠲᠡᠷᠢᠭᠦᠨ ᠤ ᠬᠠᠮᠲᠤ ᠶᠢᠨ ᠰᠢᠯᠭᠠᠷᠠᠭᠤᠯᠤᠯᠳᠠ ᠳᠤ ᠣᠷᠣᠯᠴᠠᠵᠤ ᠪᠣᠯᠬᠤ ᠦᠭᠡᠢ︔ ᠬᠤᠭᠤᠴᠠᠭ᠎ᠠ ᠨᠢ | ᠬᠡᠲᠦᠷᠡᠭᠡᠳ ᠵᠠᠯᠠᠷᠠᠭᠤᠯᠤᠬᠰᠠᠨ ᠦᠭᠡᠢ ᠪᠠᠶᠢᠪᠠᠯ ᠵᠠᠷᠯᠠᠨ ᠨᠡᠶᠢᠳᠡᠯᠡᠬᠦ ᠶᠢᠨ ᠬᠠᠮᠳᠤ ᠨᠢᠭᠡᠴᠢ ᠶᠢᠨ ᠭᠤᠣᠯ | ᠬᠠᠷᠢᠭᠤᠴᠠᠯᠭᠠᠲᠠᠨ᠂ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠤᠭᠴᠢ ᠪᠣᠯᠤᠨ ᠪᠤᠰᠤᠳ ᠰᠢᠭᠤᠳ | ᠬᠠᠷᠢᠭᠤᠴᠠᠯᠭ᠎ᠠ ᠲᠠᠢ ᠬᠦᠮᠦᠨ ᠠᠴᠠ ᠵᠣᠬᠢᠬᠤ ᠬᠠᠷᠢᠭᠤᠴᠠᠯᠭ᠎ᠠ ᠶᠢ ᠨᠡᠬᠡᠮᠵᠢᠯᠡᠨ᠎ᠡ᠄ ︵ᠨᠢᠭᠡ︶ ᠲᠣᠰ ᠳᠦᠷᠢᠮ ᠳᠤ | ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠭᠰᠡᠨ ᠦᠭᠡᠢ︔ ︵ᠬᠤᠶᠠᠷ︶ ᠠᠷᠠᠳ ᠢᠷᠭᠡᠨ᠂ | ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ | ᠬᠤᠬᠢᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠬᠦᠨᠳᠦ ᠨᠣᠴᠢᠲᠠᠢ ᠨᠥᠯᠥᠭᠡ | ᠦᠵᠡᠭᠦᠯᠦᠭᠰᠡᠨ︔ ︵ᠭᠤᠷᠪᠠ︶ ᠲᠤᠰ ᠨᠢᠭᠡᠴᠢ ᠶᠢᠨ ᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠨᠦᠯᠦᠭᠡᠯᠡᠵᠦ ᠪᠠᠶᠢᠭ᠎ᠠ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤ ᠨᠢ ᠰᠢᠢᠳᠪᠦᠷᠢᠯᠡᠵᠦ ᠠᠷᠢᠯᠭᠠᠬᠰᠠᠨ | ᠦᠭᠡᠢ ᠠᠴᠠ ᠪᠣᠯᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠨᠦᠯᠦᠭᠡᠯᠡᠭᠰᠡᠨ ᠣᠯᠠᠨ ᠨᠡᠶᠢᠳᠡ ᠶᠢᠨ ᠴᠢᠨᠠᠷᠲᠠᠢ | ᠬᠡᠷᠡᠭ ᠶᠠᠪᠤᠳᠠᠯ ᠭᠠᠷᠴᠦ ᠬᠦᠨᠳᠦ ᠨᠤᠴᠢᠲᠠᠢ ᠦᠷ᠎ᠡ ᠳ᠋ᠦᠩ ᠭᠠᠷᠭᠠᠭᠰᠠᠨ︔ ︵ᠳᠥᠷᠪᠡ︶ ᠲᠤᠰ ᠳᠦᠷᠢᠮ ᠤᠨ | ᠲᠣᠭᠲᠠᠭᠠᠯ ᠠᠴᠠ ᠵᠥᠷᠢᠴᠡᠭᠰᠡᠨ ᠪᠤᠰᠤᠳ ᠪᠠᠶᠢᠳᠠᠯ᠃ | ᠵᠢᠷᠠ ᠶᠢᠰᠦᠳᠦᠭᠡᠷ ᠵᠦᠢᠯ ᠲᠦᠷᠦ ᠶᠢᠨ ᠪᠠᠶᠢᠭᠤᠯᠭ᠎ᠠ ᠵᠢᠴᠢ ᠲᠡᠭᠦᠨ ᠤ ᠠᠵᠢᠯᠳᠠᠨ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢ ᠠᠬᠢᠭᠤᠯᠬᠤ ᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠤᠮᠳᠤᠭᠠᠶᠢᠯᠠᠵᠦ᠂ | ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ | ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠤᠭᠴᠢ ᠪᠠ ᠪᠤᠰᠤᠳ ᠰᠢᠭᠤᠳ | ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠶᠣᠰᠣᠭᠠᠷ ᠰᠢᠢᠳᠭᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ | ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠲᠠᠯᠠᠳᠤᠭᠠᠷ ᠵᠦᠢᠯ ᠲᠤᠰ ᠲᠦᠷᠢᠮ ᠢ 2021 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ | |