ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ | ︵2023 ᠣᠨ ᠤ 7 ᠰᠠᠷ᠎ᠠ ᠶᠢᠨ 5 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ | ᠪᠦᠬᠦᠳᠡ ᠬᠤᠷᠠᠯ ᠠᠴᠠ ᠪᠠᠲᠤᠯᠠᠪᠠ︶ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ | ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ | ᠪᠥᠲᠥᠭᠡᠨ ᠪᠠᠶᠢᠭᠤᠯᠤᠯᠲᠠ ᠳᠤ ᠰᠢᠨ᠎ᠡ ᠵᠠᠮ ᠨᠡᠭᠡᠭᠡᠬᠦ ᠶᠢᠨ ᠲᠥᠯᠥᠭᠡ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ ᠳᠤᠤᠷᠠᠬᠢ ᠮᠡᠲᠦ ᠲᠣᠭᠲᠠᠭᠠᠯ ᠭᠠᠷᠭᠠᠪᠠ᠃ | ᠨᠢᠭᠡ᠂ ᠨᠠᠮ ᠤᠨ ᠠᠴᠢ ᠡᠨᠡᠷᠢᠯ ᠳᠤ ᠲᠠᠯᠠᠷᠬᠠᠨ ᠨᠠᠮ ᠢᠶᠠᠨ ᠲᠠᠭᠠᠬᠤ᠂ ᠶᠡᠷᠦᠩᠬᠡᠢ ᠱᠦᠵᠢ ᠰᠢ ᠶᠢᠨ ᠫᠢᠩ ᠢ | ᠡᠷᠡᠰ ᠲᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠲᠠᠯ᠎ᠠ ᠪᠠᠷ ᠵᠢᠱᠢᠶᠡᠴᠢ ᠪᠤᠯᠬᠤ ᠬᠡᠷᠡᠭᠲᠡᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ | ᠬᠤᠪᠢ ᠳᠤ᠂ ᠵᠢᠱᠢᠶᠡᠴᠢ ᠨᠢ ᠨᠠᠮ ᠤᠨ ᠦᠭᠡ ᠶᠢ ᠰᠣᠨᠣᠰᠬᠤ ᠳᠤ ᠪᠠᠶᠢᠳᠠᠭ᠃ ᠡᠷᠬᠡᠪᠰᠢ ᠨᠠᠮ ᠢᠶᠠᠨ ᠳᠠᠭᠠᠬᠤ᠂ | ᠨᠠᠮ ᠤᠨ ᠲᠥᠪ ᠬᠤᠷᠢᠶ᠎ᠠ ᠪᠠᠨ ᠳᠠᠭᠠᠬᠤ ᠬᠤᠪᠢᠰᠬᠠᠯᠲᠤ ᠤᠳᠤᠮᠰᠢᠯ ᠢ ᠰᠠᠶᠢᠲᠤᠷ ᠵᠠᠯᠭᠠᠮᠵᠢᠯᠠᠵᠤ᠂ ᠥᠷᠭᠡᠨ ᠣᠯᠠᠨ | ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠬᠦᠮᠦᠵᠢᠭᠦᠯᠦᠨ ᠬᠥᠲᠥᠯᠦᠨ ᠵᠢᠯᠣᠭᠤᠳᠴᠤ ᠪᠠᠶᠢᠭᠠᠳ ︽ᠬᠤᠶᠠᠷ ᠢ | ᠲᠤᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠨᠠᠩ ᠭᠦᠨᠵᠡᠭᠡᠶ ᠣᠶᠢᠯᠠᠭᠠᠭᠤᠯᠵᠤ᠂ ᠨᠠᠩ | ᠤᠬᠠᠮᠰᠠᠷ ᠠᠴᠠ ᠪᠠᠨ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ | ︵ᠨᠢᠭᠡ︶ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ | ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ︽ᠬᠤᠶᠠᠷ ᠢ ᠬᠠᠮᠠᠭᠠᠯᠠᠬᠤ︾ ᠶᠢᠨ ᠲᠦᠷᠢᠮ | ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠲᠥᠪ | ᠬᠤᠷᠢᠶ᠎ᠠ ᠶᠢᠨ ᠵᠠᠷᠯᠢᠭ ᠢ ᠡᠷᠡᠰ ᠳᠠᠭᠠᠵᠤ᠂ ᠨᠠᠮ ᠤᠨ ᠲᠥᠪ ᠬᠤᠷᠢᠶ᠎ᠠ ᠶᠢᠨ ᠵᠢᠯᠣᠭᠤᠳᠣᠯᠭ᠎ᠠ ᠶᠢ ᠡᠷᠡᠰ ᠳᠠᠭᠠᠵᠤ᠂ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠳᠤᠮᠳᠠᠬᠢ ᠬᠡᠮᠵᠢᠶ᠎ᠡ᠂ ᠵᠥᠷᠢᠶ᠎ᠡ᠂ ᠬᠡᠯᠪᠠᠶᠢᠭᠦᠦ ᠶᠢ ᠡᠷᠡᠰ ᠵᠠᠯᠠᠷᠠᠭᠤᠯᠵᠤ᠂ ᠨᠠᠮ ᠤᠨ ᠲᠥᠪ | ᠬᠤᠷᠢᠶ᠎ᠠ ᠶᠢᠨ ᠰᠠᠨᠠᠭᠠᠴᠢᠯᠠᠭᠰᠠᠨ ᠢ ᠡᠷᠡᠰ ᠴᠤᠤᠷᠢᠶᠠᠲᠤᠨ ᠳᠠᠭᠠᠵᠤ᠂ ᠨᠠᠮ ᠤᠨ ᠲᠥᠪ ᠬᠤᠷᠢᠶ᠎ᠠ ᠶᠢᠨ | ᠲᠤᠭᠲᠠᠭᠠᠭᠰᠠᠨ ᠢ ᠡᠷᠡᠰ ᠵᠢᠷᠤᠮᠯᠠᠨ ᠭᠦᠢᠴᠡᠳᠬᠡᠵᠦ᠂ ᠨᠠᠮ ᠤᠨ ᠲᠥᠪ ᠬᠤᠷᠢᠶ᠎ᠠ ᠶᠢᠨ ᠴᠠᠭᠠᠵᠠᠯᠠᠭᠰᠠᠨ ᠢ ᠡᠷᠡᠰ ᠬᠢᠬᠦ | ᠥᠬᠡᠶ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠭᠢᠯ ᠢᠶᠠᠨ ᠨᠢᠭᠡᠳᠭᠡᠨ ᠰᠦᠭ | ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠰᠢ ᠶᠢᠨ ᠫᠢᠩ ᠤᠨ ᠰᠢᠨ᠋᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠨᠠᠮ ᠤᠨ | ᠭᠡᠰᠢᠭᠦᠨ ᠢ ᠪᠠᠶᠢᠩᠭᠤᠵᠢᠭᠤᠯᠤᠨ ᠵᠡᠪᠰᠡᠭᠯᠡᠬᠦ᠂ ᠤᠯᠠᠨ ᠲᠦᠮᠡᠨ ᠢ ᠬᠥᠮᠦᠵᠢᠭᠦᠯᠬᠦ ᠲᠦᠷᠢᠮ ᠲᠣᠭᠲᠠᠴᠠ ᠶᠢ | ᠪᠦᠷᠢᠨᠰᠢᠬᠦᠯᠬᠦ ᠬᠡᠷᠡᠭᠲᠡᠢ᠃ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠶᠣᠰᠣ ᠶᠢ | ᠮᠡᠳᠡᠬᠦ᠂ ᠶᠡᠭᠡ ᠲᠠᠯ᠎ᠠ ᠶᠢ ᠬᠠᠷᠠᠭᠠᠯᠵᠠᠬᠤ᠂ ᠬᠡᠪ ᠰᠤᠷᠲᠠᠯ ᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ | ᠂ ᠬᠠᠷᠢᠭᠤᠴᠠᠯᠭ᠎ᠠ ᠡᠭᠦᠷᠭᠡᠯᠡᠬᠦ ᠡᠷᠬᠢᠮ ᠨᠠᠨᠳᠢᠨ ᠵᠠᠩ ᠴᠢᠨᠠᠷ ᠢ ᠰᠠᠶᠢᠲᠤᠷ ᠤᠯᠠᠮᠵᠢᠯᠠᠵᠤ᠂ ᠨᠠᠮ ᠤᠨ ᠲᠥᠪ | ᠬᠤᠷᠢᠶ᠎ᠠ ᠠᠴᠠ ᠪᠠᠶᠢᠷᠢᠯᠠᠭᠤᠯᠤᠭᠰᠠᠨ ᠯᠠ ᠶᠤᠮ ᠪᠣᠯ᠂ ᠤᠯᠤᠰ ᠲᠤ ᠬᠡᠷᠡᠭᠴᠡᠭᠡ ᠲᠠᠢ ᠯᠡ ᠶᠤᠮ ᠪᠤᠯ ᠡᠷᠡᠰ ᠬᠢᠵᠦ᠂ | ᠳᠠᠷᠦ᠋ᠢᠬᠠᠨ ᠭᠦᠢᠴᠡᠳᠭᠡᠵᠦ᠂ ᠪᠣᠳᠠᠲᠠᠢ ᠠᠳᠬᠤᠵᠤ᠂ ᠠᠯᠢᠪᠠ ᠪᠦᠬᠦᠨ ᠶᠡᠭᠡ ᠲᠠᠯ᠎ᠠ ᠶᠢ ᠳᠠᠭᠠᠵᠤ᠂ ᠶᠡᠭᠡ ᠲᠠᠯ᠎ᠠ ᠳᠤ | ᠦᠢᠯᠡᠴᠢᠯᠡᠵᠦ᠂ ᠶᠡᠭᠡ ᠲᠠᠯ᠎ᠠ ᠶᠢ ᠬᠠᠮᠠᠭᠠᠯᠠᠬᠤ ᠬᠡᠷᠡᠭᠲᠡᠢ᠃ | ︵ᠬᠤᠶᠠᠷ︶ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ | ᠱᠠᠭᠠᠷᠳᠠᠯᠭ᠎ᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠭᠡᠰᠢᠭᠦᠨ᠂ | ᠺᠠᠳ᠋ᠷᠴᠤᠳ ᠢ ᠵᠣᠬᠢᠶᠠᠨ ᠪᠠᠶᠢᠭᠤᠯᠵᠤ ᠪᠠᠶᠢᠭᠠᠳ ᠵᠣᠷᠢᠭ ᠰᠠᠨᠠᠭᠠᠨ ᠤ ᠮᠥᠨ ᠴᠢᠨᠠᠷ ᠪᠠ ᠦᠢᠯᠡᠳᠦᠯᠭᠡ ᠶᠢᠨ | ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠣᠶᠢᠯᠠᠭᠠᠵᠤ᠂ ᠪᠥᠬᠦ ᠨᠡᠶᠢᠭᠡᠮ ᠳᠤ ᠬᠠᠨᠳᠤᠭᠤᠯᠤᠭᠰᠠᠨ | ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠥᠬᠦ ᠣᠷᠣᠨ ᠲᠠᠶᠠᠭᠠᠷ ᠢ ᠬᠥᠲᠥᠯᠦᠨ ᠵᠢᠯᠣᠭᠤᠳᠴᠤ ᠪᠠᠶᠢᠭᠠᠳ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠭᠦᠨ ᠵᠤᠵᠠᠭᠠᠨ ᠬᠠᠶᠢᠷ᠎ᠠ ᠰᠡᠳᠭᠢᠯᠭᠡ ᠶᠢ ᠭᠦᠨᠵᠡᠭᠡᠶ | ᠣᠶᠢᠯᠠᠭᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠵᠢᠷᠤᠭᠯᠠᠵᠤ ᠦᠭᠭᠦᠭᠰᠡᠨ | ᠬᠥᠭᠵᠢᠯᠲᠡ ᠶᠢᠨ ᠵᠢᠷᠤᠭ ᠲᠥᠯᠥᠪᠯᠡᠭᠡ᠂ ᠲᠣᠭᠲᠠᠭᠠᠭᠰᠠᠨ ᠠᠵᠢᠯᠯᠠᠭᠠᠨ ᠤ ᠬᠥᠲᠥᠯᠪᠦᠷᠢ ᠶᠢ ᠭᠦᠨᠵᠡᠭᠡᠶ | ᠣᠶᠢᠯᠠᠭᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠥᠬᠡᠶ | ᠤᠷᠤᠭᠰᠢᠯᠠᠭᠤᠯᠬᠤ ᠬᠡᠷᠡᠭᠲᠡᠢ᠃ ᠪᠦᠬᠦᠯᠢ ᠴᠣᠭᠴᠠ ᠪᠠᠷ ᠨᠢ ᠣᠶᠢᠯᠠᠭᠠᠨ ᠡᠵᠡᠮᠰᠢᠬᠦ᠂ ᠨᠢᠭᠡ ᠴᠣᠭᠴᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠮᠡᠳᠡᠬᠦ ᠬᠢᠬᠦ ᠶᠢ ᠨᠢᠭᠡᠳᠭᠡᠨ ᠵᠣᠬᠢᠶᠠᠨ ᠪᠠᠶᠢᠭᠤᠯᠵᠤ | ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠵᠤ᠂ ᠨᠢᠭᠡᠳ ᠨᠢᠭᠡ ᠪᠠᠷ | ᠪᠤᠲᠠᠲᠠᠢ ᠳᠤ ᠨᠠᠶᠢᠳᠠᠪᠤᠷᠢᠵᠢᠭᠤᠯᠵᠤ᠂ ᠶᠠᠪᠤᠳᠠᠯ ᠪᠣᠯᠭᠠᠨ ᠳᠤ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠤᠷᠢᠨ ᠪᠠᠶᠢᠴᠠᠭᠠᠯᠲᠠ᠂ ᠱᠠᠯᠠᠪᠳᠠᠭᠤᠯᠤᠨ | ᠪᠠᠶᠢᠴᠠᠭᠠᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠡᠭᠦᠷᠭᠡ ᠶᠢᠨ ᠬᠤᠪᠢᠶᠠᠷᠢᠯᠠᠯ᠂ ᠱᠠᠯᠠᠪᠳᠠᠭᠤᠯᠤᠨ | ᠨᠠᠶᠢᠳᠠᠪᠤᠷᠢᠵᠢᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ᠂ ᠪᠠᠶᠢᠴᠠᠭᠠᠵᠤ ᠵᠠᠷᠯᠠᠨ ᠮᠡᠳᠡᠭᠳᠡᠬᠦ᠂ ᠦᠷ᠎ᠡ | ᠪᠦᠲᠦᠮᠵᠢ ᠶᠢ ᠮᠥᠷᠳᠡᠨ ᠠᠰᠠᠭᠤᠬᠤ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠪᠥᠬᠦ ᠬᠡᠯᠬᠢᠶᠡᠨ ᠤ | ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠪᠠᠶᠢᠩᠭᠤ ᠪᠠᠷᠢᠮᠵᠢᠶᠠᠯᠠᠨ ᠬᠠᠷᠭᠤᠭᠤᠯᠵᠤ᠂ ᠬᠡᠯᠪᠠᠶᠢᠭᠦᠦ ᠪᠠᠨ ᠴᠠᠭ | ᠲᠤᠬᠠᠶ ᠳᠤᠨᠢ ᠵᠠᠯᠠᠷᠠᠭᠤᠯᠵᠤ᠂ ᠣᠪᠯᠠᠨ ᠠᠭᠠᠰᠢᠯᠠᠬᠤ᠂ ᠨᠥᠬᠦᠴᠡᠯ ᠲᠤᠷᠠᠳᠬᠤ᠂ ᠳᠤᠲᠠᠭᠤ ᠳᠣᠷᠭᠤᠨ ᠬᠢᠬᠦ᠂ | ᠰᠣᠩᠭᠤᠯᠲᠠ ᠬᠢᠬᠦ᠂ ᠵᠤᠬᠢᠴᠠᠭᠤᠯᠤᠨ ᠲᠤᠬᠢᠷᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠨ ᠵᠠᠰᠠᠬᠤ ᠬᠡᠷᠡᠭᠲᠡᠢ᠃ | ︵ᠭᠤᠷᠪᠠ︶ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠠᠮ ᠤᠨ ᠠᠴᠢ ᠡᠨᠡᠷᠢᠯ ᠳᠤ ᠨᠡᠩ ᠦᠨᠡᠨ | ᠰᠡᠳᠭᠢᠯ ᠠᠴᠠ ᠪᠠᠨ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠬᠥᠮᠦᠵᠢᠭᠦᠯᠦ᠋ᠨ | ᠬᠥᠲᠥᠯᠦᠨ ᠵᠢᠯᠤᠭᠤᠳᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠤ | ᠬᠦᠮᠦᠵᠢᠯ ᠲᠠᠢ ᠤᠶᠠᠯᠳᠤᠭᠤᠯᠤᠨ᠂ ︽ᠨᠠᠮ ᠤᠨ ᠠᠴᠢ ᠡᠨᠡᠷᠢᠯ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ | ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ | ᠨᠢᠭᠡᠨ ᠬᠠᠪᠰᠤᠷᠤᠨ ᠵᠢᠯᠣᠭᠤᠳᠬᠤ ᠨᠣᠮ᠂ ᠨᠢᠭᠡᠨ ᠬᠥᠭᠵᠢᠯᠲᠡ ᠶᠢᠨ ᠳᠠᠩᠰᠠ᠂ ᠨᠢᠭᠡᠨ ᠠᠷᠠᠳ ᠲᠤ ᠠᠰᠢᠭ | ᠬᠦᠷᠲᠡᠭᠡᠬᠦ ᠺᠠᠷᠲ᠂ ᠨᠢᠭᠡ ᠢᠵᠢ ᠰᠤᠷᠤᠭᠴᠢᠳ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠭᠠᠬᠤ ᠮᠠᠲ᠋ᠧᠷᠢᠶᠠᠯ᠂ | ᠨᠢᠭᠡᠨ ᠣᠳᠣᠬᠢᠴᠢᠯᠠᠭᠰᠠᠨ ᠬᠥᠭᠵᠢᠯᠲᠡ ᠶᠢᠨ ᠵᠢᠷᠤᠭ ᠲᠥᠰᠦᠪ᠂ ᠨᠢᠭᠡ ᠪᠦᠯᠦᠭ ᠬᠤᠪᠢᠰᠬᠠᠯᠲᠤ ᠤᠳᠬ᠎ᠠ | ᠤᠷᠠᠯᠢᠭ ᠤᠨ ᠰᠣᠳᠣᠨ ᠪᠦᠲᠦᠭᠡᠯ ᠵᠡᠷᠭᠡ ᠠᠴᠢᠶᠠᠯᠠᠪᠤᠷᠢ ᠶᠢ ᠰᠠᠶᠢᠳᠤᠷ ᠠᠰᠢᠭᠯᠠᠵᠤ᠂ ᠦᠷᠭᠡᠨ ᠤᠯᠠᠨ ᠺᠠᠳ᠋ᠷ ᠤᠯᠠᠨ | ᠲᠦᠮᠡᠨ ᠤ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ | ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ ᠦᠨᠳᠦᠰᠦᠲᠡᠨ ᠤ ᠣᠷᠣᠨ ᠪᠣᠯᠤᠨ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠭᠤᠳ | ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶ᠎ᠠ ᠶᠢᠨ | ᠳᠡᠮᠵᠢᠯᠭᠡ ᠳᠣᠣᠷ᠎ᠠ ᠬᠥᠭᠵᠢᠵᠦ ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠴᠢᠬᠤᠯᠠ | ᠶᠡᠭᠡ ᠬᠡᠯᠪᠠᠶᠢᠭᠦᠦ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠪᠠ᠂ ᠥᠪᠥᠷ ᠮᠣᠩᠭᠤᠯ | ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ ᠵᠢᠱᠢᠶᠡᠴᠢ ᠨᠢ ᠨᠠᠮ ᠤᠨ ᠦᠭᠡ ᠶᠢ | ᠰᠣᠨᠣᠰᠤᠭᠰᠠᠨ ᠳᠤ ᠪᠠᠶᠢᠳᠠᠭ ᠵᠡᠷᠭᠡ ︽ᠲᠠᠪᠤᠨ ᠪᠠᠳᠠᠭ ᠦᠭᠡ︾ ᠶᠢᠨ ᠦᠨᠡᠨ ᠶᠠᠪᠤᠳᠠᠯ ᠪᠠ ᠶᠤᠰᠤ ᠤᠴᠢᠷ ᠢ ᠪᠠᠲᠤ | ᠴᠡᠭᠡᠵᠢᠯᠡᠬᠦ ᠶᠢ ᠬᠦᠮᠦᠵᠢᠭᠦᠯᠵᠦ ᠬᠥᠲᠥᠯᠦᠨ ᠵᠢᠯᠤᠭᠤᠳᠬᠤ ᠬᠡᠷᠡᠭᠲᠡᠢ᠃ ᠣᠯᠠᠨ ᠲᠦᠮᠡᠨ ᠤ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤ ᠪᠥᠭᠡᠳ ᠪᠦᠲᠦᠮᠵᠢᠲᠡᠶ ᠥᠷᠨᠢᠭᠦᠯᠬᠦ ᠶᠢ ᠠᠬᠢᠭᠤᠯᠵᠤ᠂ ᠥᠪᠥᠷ | ᠮᠣᠩᠭᠤᠯ ᠣᠷᠣᠨ ᠳᠠᠬᠢ ᠨᠠᠮ ᠤᠨ ᠲᠡᠦᠬᠡ ᠶᠢᠨ ᠲᠤᠬᠠᠶ ᠰᠤᠳᠤᠯᠤᠯᠲᠠ ᠲᠠᠶᠢᠯᠪᠤᠷᠢᠯᠠᠯᠲᠠ ᠶᠢ ᠭᠦᠨᠵᠡᠭᠡᠶᠢᠷᠡᠭᠦᠯᠦᠨ᠂ | ᠡᠯ᠎ᠡ ᠠᠵᠢᠯ ᠲᠥᠷᠥᠯ ᠤᠨ ᠲᠡᠷᠢᠭᠦᠨ ᠤ ᠵᠢᠱᠢᠶᠡᠴᠢ ᠬᠥᠮᠦᠰ ᠤᠨ ᠨᠠᠮ ᠤᠨ ᠠᠴᠢ ᠡᠨᠡᠷᠢᠯ ᠳᠤ ᠲᠠᠯᠠᠷᠬᠠᠭᠰᠠᠨ ᠦᠢᠯᠡ | ᠠᠵᠢᠯᠯᠠᠭ᠎ᠠ ᠶᠢᠨ ᠮᠡᠳᠡᠭᠦᠯᠦᠯᠲᠡ ᠶᠢᠨ ᠬᠤᠷᠠᠯ ᠢ ᠡᠷᠬᠢᠯᠡᠵᠦ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ | ᠲᠥᠪ ᠬᠤᠷᠢᠶ᠎ᠠ ᠶᠢᠨ ᠥᠪᠥᠷ ᠮᠣᠩᠭᠤᠯ ᠳᠠᠬᠢ ᠬᠠᠯᠠᠮᠵᠢᠯᠠᠯ ᠪᠠ ᠳᠡᠮᠵᠢᠯᠭᠡ ᠶᠢ ᠶᠡᠬᠡᠪᠡᠷ ᠤᠬᠠᠭᠤᠯᠤᠨ᠂ ᠦᠨᠡᠨᠴᠢ | ᠰᠢᠳᠤᠷᠭᠤ ᠪᠠᠷ ᠬᠠᠮᠠᠭᠠᠯᠠᠵᠤ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠬᠤ ᠬᠠᠶᠢᠷ᠎ᠠ ᠰᠡᠳᠭᠢᠯᠭᠡ ᠶᠢᠨ | ᠰᠠᠭᠤᠷᠢ ᠪᠠ ᠬᠦᠴᠦᠨ ᠴᠢᠳᠠᠯ ᠤᠨ ᠡᠬᠢ ᠰᠤᠷᠪᠤᠯᠵᠢ ᠶᠢ ᠭᠦᠨ ᠦᠨᠳᠦᠰᠦᠯᠡᠭᠦᠯᠦᠨ ᠪᠤᠶᠢᠵᠢᠭᠤᠯᠵᠤ᠂ ᠥᠪᠥᠷ | ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠦᠨᠡᠨ ᠰᠡᠳᠭᠢᠯ ᠠᠴᠠ ᠪᠠᠨ ᠨᠠᠮ ᠳᠤ ᠲᠠᠯᠠᠷᠬᠠᠬᠤ᠂ | ᠨᠠᠮ ᠤᠨ ᠲᠥᠪ ᠬᠤᠷᠢᠶ᠎ᠠ ᠳᠤ ᠲᠠᠯᠠᠷᠬᠠᠬᠤ᠂ ᠶᠡᠷᠦᠩᠬᠡᠶ ᠱᠦᠵᠢ ᠰᠢ ᠶᠢᠨ ᠫᠢᠩ ᠳᠤ ᠲᠠᠯᠠᠷᠬᠠᠬᠤ ᠪᠣᠯᠭᠠᠬᠤ ᠬᠡᠷᠡᠭᠲᠡᠢ᠃ | | ᠬᠤᠶᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠡᠯ᠎ᠡ ᠦᠨᠳᠦᠰᠦᠲᠡᠨ ᠤ ᠤᠬᠠᠮᠰᠠᠷ᠂ | ᠳᠤᠮᠳᠠᠳᠤ ᠶᠢᠨ ᠰᠣᠶᠣᠯ ᠪᠠ ᠡᠯ᠎ᠡ ᠦᠨᠳᠦᠰᠦᠲᠡᠨ ᠤ ᠰᠣᠶᠣᠯ᠂ ᠪᠣᠳᠠᠰ ᠪᠠ ᠤᠶᠤᠨ ᠰᠠᠨᠠᠭᠠᠨ ᠤ ᠬᠠᠷᠢᠴᠠᠭ᠎ᠠ ᠶᠢ | ᠵᠥᠪ ᠡᠵᠡᠮᠳᠡᠵᠦ᠂ ᠡᠯ᠎ᠡ ᠵᠦᠢᠯ ᠤᠨ ᠠᠵᠢᠯ ᠢ ᠦᠨᠡᠨ ᠪᠣᠳᠠᠲᠠᠢ ᠬᠠᠶᠢᠷ᠎ᠠ ᠰᠡᠳᠬᠢᠯᠭᠡ ᠲᠠᠢ ᠦᠷ᠎ᠠ ᠪᠦᠲᠦᠮᠵᠢᠲᠡᠢ | ᠬᠢᠵᠦ᠂ ᠤᠳᠠᠭᠠᠨ ᠳᠠᠭᠠᠭᠠᠮᠠᠭᠠᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠣᠷᠣᠨ ᠢ ᠪᠦᠬᠦ ᠲᠠᠯ᠎ᠠ ᠪᠠᠷ ᠡᠭᠦᠳᠦᠨ ᠪᠠᠶᠢᠭᠤᠯᠬᠤ ᠬᠡᠷᠡᠭᠲᠡᠢ᠃ | | ︵ᠲᠦᠷᠪᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠭᠤᠤᠯ ᠰᠢᠵᠢᠮ ᠮᠥᠨ ᠪᠥᠭᠡᠳ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ | ᠠᠵᠢᠯ ᠤᠨ ᠭᠤᠤᠯ ᠰᠢᠵᠢᠮ ᠮᠥᠨ ᠭᠡᠳᠡᠭ ᠢ ᠢᠮᠠᠭᠲᠠ ᠪᠠᠲᠤ ᠴᠡᠭᠡᠵᠢᠯᠡᠵᠦ᠂ ᠠᠵᠤ ᠠᠬᠤᠶ ᠶᠢᠨ ᠪᠦᠲᠦᠭᠡᠨ | ᠪᠠᠶᠢᠭᠤᠯᠤᠯᠲᠠ᠂ ᠤᠯᠤᠰ ᠲᠦ᠋ᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ | ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠡᠷᠭᠡ ᠶᠢ ᠠᠬᠢᠭᠤᠯᠬᠤ ᠳᠤ ᠴᠥᠮ | ᠡᠨᠡ ᠬᠦ ᠭᠤᠤᠯ ᠰᠢᠵᠢᠮ ᠤᠨ ᠲᠤᠭᠤᠷᠢᠨ ᠳᠤ ᠥᠴᠦᠬᠡᠨ ᠴᠦ ᠰᠠᠯᠬᠤ ᠦᠭᠡᠢ ᠪᠠᠶᠢᠵᠤ᠂ ᠶᠠᠮᠠᠷ ᠴᠤ ᠠᠵᠢᠯ ᠬᠢᠬᠦ᠂ | ᠶᠠᠮᠠᠷᠪᠠ ᠤᠴᠢᠷ ᠶᠠᠪᠤᠳᠠᠯ ᠢ ᠬᠢᠬᠦ ᠳᠤ ᠴᠥᠮ ᠲᠡᠭᠦᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ ᠣᠯᠭᠤᠵᠤ᠂ ︽ᠭᠡᠳᠡᠰᠦᠨ ᠤ ᠶᠠᠪᠤᠳᠠᠯ︾ ᠢ | ᠬᠠᠮᠢᠶᠠᠷᠬᠤ ᠮᠥᠷᠲᠡᠭᠡᠨ ︽ᠦᠵᠡᠯ ᠰᠠᠨᠠᠭᠠᠨ ᠤ ᠠᠰᠠᠭᠤᠳᠠᠯ ᠢ ᠴᠦ ᠬᠠᠮᠢᠶᠠᠷᠴᠤ︾᠂ ᠨᠢᠳᠤᠨ ᠳᠤ ᠬᠠᠷᠠᠭᠳᠠᠵᠤ | ᠭᠠᠷ ᠲᠤ ᠪᠠᠷᠢᠭᠳᠠᠬᠤ ᠠᠵᠢᠯ ᠢ ᠬᠢᠬᠦ ᠮᠦᠷᠲᠡᠭᠡᠨ ᠪᠠᠰᠠ ᠶᠡᠭᠡ ᠬᠡᠮᠵᠢᠶᠡᠨ ᠤ ︽ᠵᠦᠭᠡᠯᠡᠨ ᠪᠤᠷᠤᠭᠠᠨ ᠲᠦᠮᠡᠨ | ᠪᠤᠳᠠᠰ ᠢ ᠤᠮᠳᠠᠯᠠᠬᠤ︾ ᠶᠠᠪᠤᠳᠠᠯ ᠢ ᠬᠢᠵᠦ᠂ ᠣᠳᠣᠬᠠᠨ ᠢ ᠠᠳᠬᠤᠬᠤ ᠮᠥᠷᠲᠡᠭᠡᠨ ᠠᠯᠤᠰ ᠢᠷᠡᠭᠡᠳᠦᠢ ᠶᠢ ᠴᠦ | ᠠᠳᠬᠤᠬᠤ ᠬᠡᠷᠡᠭᠲᠡᠢ᠃ ᠬᠠᠤᠯᠢ ᠲᠣᠭᠲᠠᠭᠠᠯ ᠲᠦᠷᠦ ᠶᠢᠨ ᠪᠤᠳᠤᠯᠭ᠎ᠠ ᠶᠢ ᠤᠷᠢᠳᠴᠢᠯᠠᠨ ᠬᠢᠨᠠᠨ ᠬᠠᠷᠭᠤᠭᠤᠯᠬᠤ᠂ | ᠲᠠᠩᠰᠠᠯᠠᠵᠤ ᠬᠢᠨᠠᠨ ᠪᠠᠶᠢᠴᠠᠭᠠᠬᠤ ᠠᠵᠢᠯ ᠤᠨ ᠲᠣᠭᠲᠠᠴᠠ ᠶᠢ ᠪᠦᠷᠢᠨᠰᠢᠬᠦᠯᠵᠤ᠂ ᠬᠠᠤᠯᠢ ᠲᠣᠭᠲᠠᠭᠠᠯ ᠲᠦᠷᠢᠮ | ᠲᠣᠭᠲᠠᠭᠠᠯ ᠢ ᠲᠣᠭᠲᠠᠭᠠᠵᠤ᠂ ᠲᠦᠷᠦ ᠶᠢᠨ ᠪᠤᠳᠤᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠳᠠᠭᠠᠨ | ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠦᠨᠳᠦᠰᠦᠨ ᠤᠷᠢᠲᠠᠯ ᠪᠣᠯᠭᠠᠵᠤ᠂ ᠴᠥᠮ ᠳᠤᠮᠳᠠᠳᠤ ᠶᠢᠨ ᠦᠨᠳᠦᠰᠦᠲᠡᠨ ᠤ ᠨᠡᠶᠢᠲᠡᠯᠢᠭ ᠴᠢᠨᠠᠷ ᠢ ᠴᠢᠩᠭᠠᠳᠬᠠᠬᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠳᠬᠠᠬᠤ ᠶᠢ ᠪᠣᠳᠣᠯᠬᠢᠯᠠᠬᠤ | ᠬᠡᠷᠡᠭᠲᠡᠢ᠃ | ︵ᠲᠠᠪᠤ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠤᠨᠤᠯ ᠤᠨ ᠰᠤᠳᠤᠯᠭᠠᠨ ᠪᠠ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠬᠦ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠣᠨᠣᠯ ᠤᠨ ᠰᠤᠳᠤᠯᠭᠠᠨ ᠤ | ᠰᠢᠨᠵᠢᠯᠡᠭᠡᠨ ᠤ ᠰᠠᠯᠠᠭ᠎ᠠ ᠶᠢᠨ ᠰᠢᠰᠲ᠋ᠧᠮ᠂ ᠡᠷᠳᠡᠮ ᠰᠢᠨᠵᠢᠯᠡᠭᠡᠨ ᠤ ᠰᠢᠰᠲ᠋ᠧᠮ᠂ ᠥᠭᠡ ᠬᠡᠯᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠰᠤᠳᠤᠯᠭᠠᠨ ᠤ ᠢᠨᠵᠧᠨᠧᠷᠢᠩ ︵2023 — 2027 ᠣᠨ︶ ᠢ ᠬᠡᠷᠡᠭᠵᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ | ᠬᠦᠷᠢᠶᠡᠯᠡᠩ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠰᠤᠳᠤᠯᠭᠠᠨ ᠤ ᠰᠠᠭᠤᠷᠢᠨ ᠤ ᠪᠠᠭᠲᠠᠭᠠᠮᠵᠢ ᠶᠢ ᠥᠷᠭᠡᠳᠭᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠪᠠᠷ ᠬᠦᠳᠤᠯᠤᠨ ᠳᠠᠭᠠᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠺᠠᠳ᠋ᠷ ᠤᠨ ᠬᠥᠮᠦᠵᠢᠯ᠂ ᠨᠠᠮ ᠤᠨ ᠭᠡᠰᠢᠭᠦᠨ ᠤ ᠬᠥᠮᠦᠵᠢᠯ᠂ ᠤᠯᠤᠰ ᠠᠷᠠᠳ ᠤᠨ ᠬᠥᠮᠦᠵᠢᠯ᠂ | ᠨᠡᠶᠢᠭᠡᠮ ᠤᠨ ᠬᠥᠮᠦᠵᠢᠯ ᠳᠤ ᠣᠷᠣᠭᠤᠯᠬᠤ ᠬᠡᠷᠡᠭᠲᠡᠢ᠃ ᠵᠠᠯᠠᠭᠤᠴᠤᠳ ᠪᠠᠭᠠᠴᠤᠳ ᠤᠨ ᠰᠤᠷᠭᠠᠨ ᠬᠥᠮᠦᠵᠢᠯ ᠠᠴᠠ | ᠡᠬᠢᠯᠡᠨ ᠠᠳᠬᠤᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠬᠥᠮᠦᠵᠢᠯ ᠢ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠳᠤ ᠣᠷᠣᠭᠤᠯᠬᠤ᠂ ᠪᠤᠢ | ᠪᠦᠬᠦᠢ ᠬᠢᠴᠢᠶᠡᠯ ᠤᠨ ᠲᠠᠩᠬᠢᠮ ᠳᠤ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠢ᠃ | ︵ᠵᠢᠷᠭᠤᠭ᠎ᠠ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ | ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠬᠥᠭᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠤ ᠪᠠᠶᠢᠭᠤᠯᠤᠯᠲᠠ ᠶᠢ | ᠠᠬᠢᠭᠤᠯᠬᠤ ᠳᠤ ᠠᠩᠬᠠᠷᠤᠯ ᠢᠶᠠᠨ ᠲᠦᠪᠯᠡᠷᠡᠭᠦᠯᠵᠦ᠂ ᠥᠪᠥᠷ ᠮᠣᠩᠭᠤᠯ ᠤᠨ ᠡᠬᠡ ᠭᠠᠵᠠᠷ ᠳᠡᠭᠡᠷᠡᠬᠢ ᠭᠦᠨ ᠵᠤᠵᠠᠭᠠᠨ | ᠲᠡᠦᠬᠡ ᠰᠣᠶᠣᠯ ᠪᠠ ᠪᠠᠶᠠᠯᠢᠭ ᠰᠣᠶᠣᠯ ᠢᠷᠭᠡᠨᠰᠢᠯ ᠤᠨ ᠡᠬᠢ ᠪᠠᠶᠠᠯᠢᠭ ᠢ ᠭᠦᠢᠴᠡᠳ ᠠᠭᠤᠳᠠᠯᠤᠨ ᠠᠮᠢᠳᠤᠯᠢᠭ ᠢᠶᠠᠷ | ᠢᠯᠡᠷᠡᠭᠦᠯᠵᠦ᠂ ᠬᠤᠪᠢᠰᠬᠠᠯ ᠤᠨ ᠰᠣᠶᠣᠯ ᠪᠠ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠬᠠᠲᠤᠨ | ᠭᠤᠣᠯ ᠤᠨ ᠰᠣᠶᠣᠯ᠂ ᠤᠷᠳᠤ ᠴᠠᠭᠠᠨ ᠬᠡᠷᠡᠮ ᠤᠨ ᠰᠣᠶᠣᠯ ᠢ ᠨᠢᠭᠡ ᠴᠣᠭᠴᠠ ᠪᠤᠯᠭᠠᠨ ᠠᠭᠤᠰᠤᠯᠴᠠᠭᠤᠯᠵᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︽ᠤᠮᠠᠷᠠᠲᠤ ᠶᠢᠨ ᠭᠤᠷᠪᠠᠨ ᠤᠷᠤᠨ ᠤ ᠵᠣᠷᠢᠭ | ᠰᠠᠨᠠᠭ᠎ᠠ︾ ᠶᠢ ᠬᠠᠮᠲᠤ ᠪᠠᠷ ᠪᠠᠳᠠᠷᠠᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠦᠨᠳᠦᠰᠦᠨ ᠠᠭᠤᠯᠭ᠎ᠠ ᠪᠣᠯᠭᠠᠭᠰᠠᠨ ︽ᠤᠮᠠᠷᠠᠲᠤ ᠬᠢᠯᠢ ᠶᠢᠨ ᠰᠣᠶᠣᠯ︾ ᠤᠨ | ᠲᠦᠷᠦᠯ ᠲᠡᠮᠳᠡᠭ ᠢ ᠪᠤᠢ ᠪᠤᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠮᠦᠵᠢᠭᠦᠯᠵᠦ ᠬᠥᠲᠥᠯᠦᠨ | ᠵᠢᠯᠣᠭᠤᠳᠴᠤ ᠪᠠᠶᠢᠭᠠᠳ ᠵᠥᠪ ᠤᠯᠤᠰ ᠤᠷᠤᠨ ᠤ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ | ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠠᠬᠢ ᠪᠣᠶ ᠪᠣᠯᠭᠠᠬᠤ ᠬᠡᠷᠡᠭᠲᠡᠶ | ᠃ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠰᠤᠳᠤᠯᠭᠠᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ︽ | ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠮᠠᠲ᠋ᠧᠷᠢᠶᠠᠯ ᠤᠨ | ᠡᠮᠬᠢᠳᠭᠡᠯ · ᠥᠪᠥᠷ ᠮᠣᠩᠭᠤᠯ ᠤᠨ ᠪᠤᠳᠢ︾ ᠶᠢ ᠨᠠᠶᠢᠷᠠᠭᠤᠯᠬᠤ ᠠᠵᠢᠯ ᠢ ᠪᠡᠶᠡᠯᠡᠭᠦᠯᠵᠦ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠶᠢᠨ ᠪᠣᠯᠪᠠᠰᠤᠨ ᠤ ᠲᠤᠬᠠᠢ ᠵᠥᠪ ᠲᠠᠨᠢᠯᠲᠠ ᠪᠠ | ᠲᠡᠦᠬᠡ ᠶᠢᠨ ᠢᠲᠡᠭᠡᠯ ᠢ ᠨᠡᠮᠡᠭᠳᠡᠭᠦᠯᠬᠦ ᠬᠡᠷᠡᠭᠲᠡᠢ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠶᠢ ᠡᠷᠡᠰ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠠᠬᠢᠭᠤᠯᠵᠤ᠂ ᠪᠠᠭᠰᠢ ᠶᠢᠨ ᠡᠩᠨᠡᠭᠡ ᠶᠢ | ᠤᠯᠠᠮ ᠴᠢᠨᠠᠭᠰᠢᠳᠠ ᠪᠠᠶᠢᠭᠤᠯᠤᠨ ᠬᠦᠴᠦᠷᠬᠡᠭᠵᠢᠭᠦᠯᠵᠦ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠢ | ᠪᠠᠶᠠᠯᠢᠭᠵᠢᠭᠤᠯᠵᠤ᠂ ᠰᠤᠷᠭᠠᠭᠤᠯᠢ ᠡᠷᠬᠢᠯᠡᠬᠦ ᠵᠠᠭᠪᠤᠷ ᠤᠨ ᠰᠢᠨ᠎ᠡ ᠶᠢ ᠡᠭᠦᠳᠴᠦ᠂ ᠵᠢᠭᠠᠨ ᠰᠤᠷᠭᠠᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠡᠵᠡᠮᠰᠢᠨ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ︔ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠦᠨ ᠳᠡᠭᠡᠭᠰᠢᠯᠡᠭᠦᠯᠬᠦ ᠢᠨᠵᠧᠨᠧᠷᠢᠩ | ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠳᠡᠯᠭᠡᠷᠡᠭᠦᠯᠦᠨ | ᠲᠦᠭᠡᠮᠡᠯᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠦᠨᠳᠦᠰᠦᠲᠡᠨ ᠤ ᠭᠠᠵᠠᠷ ᠣᠷᠣᠨ ᠳᠤ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠠᠯ᠎ᠠ ᠪᠠᠷ ᠦᠯᠢᠭᠡᠷ ᠳᠠᠭᠤᠷᠢᠶᠠᠯ | ᠪᠣᠯᠬᠤ ᠬᠡᠷᠡᠭᠲᠡᠢ᠃ ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠢ ᠰᠢᠨᠵᠢᠯᠡᠬᠦ ᠤᠬᠠᠭᠠᠨᠴᠢ ᠪᠠᠷ | ᠬᠠᠮᠠᠭᠠᠯᠠᠵᠤ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ ᠪᠠ | ᠬᠡᠷᠡᠭᠯᠡᠯᠲᠡ ᠶᠢ ᠬᠦᠨᠳᠦᠳᠭᠡᠨ ᠪᠠᠲᠤᠯᠠᠬᠤ ᠬᠡᠷᠡᠭᠲᠡᠢ᠃ ᠳᠤᠮᠳᠠᠳᠤ ᠶᠢᠨ ᠰᠣᠶᠣᠯ ᠪᠣᠯ ᠭᠤᠣᠯ ᠡᠰᠢ ᠮᠥᠨ᠂ | ᠦᠨᠳᠦᠰᠦᠲᠡᠨ ᠨᠦᠭᠦᠳ ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ ᠭᠡᠬᠦ ᠬᠠᠷᠢᠴᠠᠭ᠎ᠠ ᠶᠢ ᠵᠦᠪ ᠣᠨᠣᠪᠴᠢᠲᠠᠢ | ᠡᠵᠡᠮᠳᠡᠵᠦ᠂ ᠦᠨᠳᠦᠰᠦᠲᠡᠨ ᠨᠦᠭᠦᠳ ᠤᠨ ᠬᠠᠮᠲᠤ ᠶᠢᠨ ᠪᠠᠶᠢᠭ᠎ᠠ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ | ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠪᠤᠢ ᠪᠣᠯᠭᠠᠨ ᠳᠣᠪᠤᠶᠢᠯᠭᠠᠵᠤ᠂ | ᠦᠨᠳᠦᠰᠦᠲᠡᠨ ᠨᠦᠭᠦᠳ ᠤᠨ ᠰᠣᠶᠣᠯ ᠤᠨ ᠳᠤᠮᠳᠠᠳᠤ ᠶᠢᠨ ᠰᠣᠶᠣᠯ ᠤᠨ ᠲᠤᠬᠠᠢ ᠬᠠᠮᠲᠤ ᠶᠢᠨ ᠲᠠᠨᠢᠯᠲᠠ ᠪᠠᠨ | ᠴᠢᠩᠭᠠᠳᠬᠠᠭᠰᠠᠨ ᠰᠠᠭᠤᠷᠢᠨ ᠳᠡᠭᠡᠷ᠎ᠡ ᠪᠦᠲᠦᠭᠡᠯᠴᠢ ᠴᠢᠨᠠᠷᠲᠠᠢ ᠪᠠᠷ ᠤᠨᠳᠤᠤᠰᠢᠭᠤᠯᠬᠤ᠂ ᠰᠢᠨ᠎ᠡ ᠶᠢ ᠡᠭᠦᠳᠬᠦ | ᠴᠢᠨᠠᠷᠲᠠᠢ ᠪᠠᠷ ᠬᠦᠭᠵᠢᠭᠦᠯᠬᠦ ᠶᠢ ᠠᠬᠢᠭᠤᠯᠵᠤ᠂ ᠵᠥᠷᠢᠶᠡᠲᠦ ᠴᠢᠨᠠᠷ ᠢ ᠪᠠᠬᠢᠵᠢᠭᠦᠯᠬᠦ ᠪᠠ ᠴᠢᠩᠭᠠᠷᠠᠭᠤᠯᠬᠤ᠂ ᠨᠡᠶᠢᠲᠡᠯᠢᠭ | ᠴᠢᠨᠠᠷ ᠢ ᠰᠤᠯᠠᠷᠠᠭᠤᠯᠬᠤ ᠪᠠ ᠬᠤᠬᠢᠷᠠᠭᠤᠯᠬᠤ ᠠᠰᠠᠭᠤᠳᠠᠯ ᠢ ᠡᠷᠡᠰ ᠰᠡᠷᠭᠡᠶᠢᠯᠡᠨ ᠬᠤᠷᠢᠠᠠᠯᠠᠵᠤ᠂ | ᠦᠨᠳᠦᠰᠦᠲᠡᠨ ᠨᠦᠭᠦᠳ ᠤᠨ ᠬᠥᠮᠦᠰ ᠤᠨ ᠰᠡᠳᠭᠢᠯ ᠤᠨ ᠨᠢᠭᠲᠠᠷᠠᠯ᠂ ᠤᠶᠤᠨ ᠰᠠᠨᠠᠭ᠎ᠠ ᠶᠢᠨ ᠲᠦᠰᠢᠭᠯᠡᠯᠴᠡᠯ ᠢ ᠨᠡᠩ | ᠰᠠᠶᠢᠲᠤᠷ ᠠᠬᠢᠭᠤᠯᠬᠤ ᠬᠡᠷᠡᠭᠲᠡᠢ᠃ ᠰᠣᠶᠣᠯ ᠤᠨ ᠠᠵᠢᠯ ᠦᠢᠯᠡᠰ᠂ ᠰᠣᠶᠣᠯ ᠤᠨ ᠠᠵᠤ ᠦᠢᠯᠡᠰ ᠤᠨ ᠴᠡᠴᠡᠭᠯᠡᠨ | ᠬᠥᠭᠵᠢᠬᠦ ᠶᠢ ᠠᠬᠢᠭᠤᠯᠵᠤ᠂ ᠤᠯᠠᠭᠠᠨᠮᠥ᠋ᠴᠢᠷ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠶᠤᠨ ᠤ ᠰᠣᠶᠣᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ | ᠬᠡᠷᠡᠭᠲᠡᠢ᠃ | ︵ᠳᠣᠯᠤᠭ᠎ᠠ︶ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠬᠤ ᠬᠡᠷᠡᠭᠲᠡᠢ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ | ᠲᠥᠯᠥ᠋ᠪᠯᠡᠭᠡ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠰᠤᠯᠴᠠᠯ ᠤᠨ ᠮᠠᠶ᠋ᠢᠭ ᠤᠨ ᠬᠥᠭᠵᠢᠯᠲᠡ ᠶᠢᠨ | ᠲᠥᠯᠥᠪᠯᠡᠭᠡ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠥᠷᠭᠡᠴᠡ | ᠪᠠ ᠭᠦᠨᠴᠡ ᠶᠢ ᠲᠠᠰᠤᠷᠠᠯᠲᠠ ᠥᠬᠡᠶ ᠥᠷᠭᠡᠳᠭᠡᠬᠦ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠨ᠂ ᠠᠭᠤᠰᠤᠯᠴᠠᠯ ᠤᠨ ᠬᠡᠯᠪᠡᠷᠢ ᠶᠢᠨ ᠨᠡᠶᠢᠭᠡᠮ ᠤᠨ ᠪᠦᠲᠦᠴᠡ ᠪᠠ | ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ | ᠣᠯᠠᠨ ᠲᠦᠮᠡᠨ ᠤ ᠬᠠᠮᠲᠤ ᠪᠠᠷ ᠣᠷᠣᠰᠢᠨ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ | ᠬᠠᠮᠲᠤᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤᠪᠠᠷ ᠵᠢᠷᠭᠠᠬᠤ ᠨᠠᠩ ᠪᠦᠷᠢᠨ ᠲᠡᠭᠦᠯᠳᠡᠷ ᠨᠡᠶᠢᠭᠡᠮ ᠤᠨ | ᠨᠥᠬᠦᠴᠡᠯ ᠢ ᠡᠭᠦᠳᠴᠦ᠂ ᠦᠨᠳᠦᠰᠦᠲᠡᠨ ᠨᠦᠭᠦᠳ ᠤᠨ ᠬᠦᠰᠡᠯᠡᠩ᠂ ᠢᠲᠡᠭᠡᠯ ᠪᠢᠰᠢᠷᠡᠯ᠂ ᠬᠠᠶᠢᠷ᠎ᠠ ᠰᠡᠳᠭᠢᠯᠭᠡ᠂ | ᠰᠣᠶᠣᠯ ᠤᠨ ᠲᠠᠯ᠎ᠠ ᠪᠠᠷ ᠬᠢ ᠪᠦᠯᠬᠦᠮᠳᠡᠯ ᠨᠢᠭᠡᠳᠦᠯ ᠢ ᠠᠬᠢᠭᠤᠯᠬᠤ ᠬᠡᠷᠡᠭᠲᠡᠢ᠃ ᠬᠠᠤᠯᠢᠵᠢᠯ ᠤᠨ ᠵᠠᠮ ᠢᠶᠠᠷ | ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ ᠬᠡᠷᠡᠭᠲᠡᠢ᠃ ᠨᠠᠮ ᠤᠨ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠥᠪᠥᠷ ᠮᠣᠩᠭᠤᠯ ᠳᠠᠬᠢ ᠠᠮᠵᠢᠯᠲᠠ ᠲᠠᠢ ᠦᠢᠯᠡᠳᠦᠯᠭᠡ ᠶᠢᠨ ᠲᠤᠷᠰᠢᠯᠭ᠎ᠠ ᠶᠢ ᠭᠦᠨᠵᠡᠭᠡᠶ | ᠰᠤᠳᠤᠯᠤᠨ ᠳ᠋ᠦᠩᠨᠡᠵᠦ᠂ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠲᠦᠷᠢᠮ ᠤᠨ ᠰᠢᠰᠲ᠋ᠧᠮ ᠤᠨ ᠬᠤᠷᠠᠮᠳᠤᠯ ᠢ | ᠴᠢᠩᠭᠠᠳᠬᠠᠵᠤ᠂ ᠦᠨᠳᠦᠰᠦᠲᠡᠨ ᠤ ᠠᠵᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠯᠠᠪᠳᠠᠭᠤᠨ ᠡᠮᠬᠢ | ᠵᠢᠷᠤᠮ ᠲᠠᠢ ᠲᠣᠬᠢᠷᠠᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠪᠠᠶᠢᠭᠤᠯᠤᠯ ᠤᠨ ᠣᠨᠣᠯ ᠤᠨ ᠦᠨᠳᠦᠰᠦ ᠰᠤᠷᠪᠤᠯᠵᠢ ᠶᠢ ᠶᠠᠪᠤᠬᠤ ᠲᠤᠲᠤᠮ ᠭᠦᠨᠵᠡᠭᠡᠶᠢᠷᠡᠭᠦᠯᠵᠦ᠂ ᠦᠢᠯᠡᠳᠦᠯᠭᠡ ᠶᠢᠨ | ᠦᠨᠳᠦᠰᠦ ᠰᠠᠭᠤᠷᠢ ᠶᠢ ᠶᠠᠪᠤᠬᠤ ᠲᠤᠲᠤᠮ ᠪᠠᠲᠤ ᠪᠠᠬᠢ ᠪᠤᠯᠭᠠᠬᠤ ᠬᠡᠷᠡᠭᠲᠡᠢ᠃ | ᠭᠤᠷᠪᠠ᠂ ᠦᠨᠳᠦᠰᠦᠲᠡᠨ ᠤ ᠣᠷᠣᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠵᠢᠱᠢᠶᠡᠴᠢ ᠪᠣᠯᠬᠤ ᠬᠡᠷᠡᠭᠳᠠᠢ | ᠶᠡᠷᠦᠩᠬᠡᠶ ᠱᠦᠵᠢ ᠰᠢ ᠶᠢᠨ ᠫᠢᠩ ᠠᠴᠠ ᠥᠪᠥᠷ ᠮᠣᠩᠭᠤᠯ ᠢ ︽ᠰᠢᠨ᠎ᠡ ᠵᠠᠮ ᠨᠡᠭᠡᠭᠡᠬᠦ︾ ᠶᠢ ᠱᠠᠭᠠᠷᠳᠠᠭᠰᠠᠨ | ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠠᠲᠤ ᠡᠵᠡᠮᠳᠡᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠵᠤ᠂ ᠤᠯᠤᠰ ᠤᠨ ᠠᠮᠢ ᠠᠬᠤᠶ ᠶᠢᠨ | ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ | ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠬᠤ ᠳᠤ ᠢᠯᠡᠭᠦᠬᠡᠨ ᠬᠤᠪᠢ ᠨᠡᠮᠡᠷᠢ | ᠦᠵᠡᠭᠦᠯᠬᠦ ᠬᠡᠷᠡᠭᠲᠡᠶ᠃ | ︵ᠨᠠᠢᠮᠠ︶ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠴᠣᠭᠴᠠᠯᠠᠬᠤ ᠬᠡᠷᠡᠭᠳᠠᠢ᠃ ︽ | ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠬᠤᠣᠷ ᠬᠥᠨᠥᠭᠡᠯ ᠢ | ᠦᠨᠳᠦᠰᠦᠯᠡᠨ ᠰᠡᠷᠭᠡᠶᠢᠯᠡᠯᠲᠡ ᠪᠠᠶᠢᠷᠢᠯᠠᠭᠤᠯᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠠᠳᠤᠨ | ᠭᠤᠣᠯ ᠤᠨ ︽ᠶᠡᠭᠡ ᠲᠤᠬᠤᠢ︾ ᠤᠷᠤᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠤᠷᠴᠢᠨ ᠪᠣᠯᠤᠨ ᠬᠤᠯᠠᠨ | ᠰᠢᠷᠭ᠎ᠠ ᠲᠠᠭ᠎ᠠ ᠶᠢᠨ ᠬᠤᠶᠠᠷ ᠶᠡᠭᠡ ᠡᠯᠡᠰᠦᠷᠬᠡᠭ ᠭᠠᠵᠠᠷ ᠤᠨ ᠰᠥᠨᠥᠭᠡᠯᠳᠡ ᠶᠢᠨ ᠳᠠᠶᠢᠯᠠᠯᠳᠤᠭᠠᠨ᠂ ᠾᠤ᠋ ᠰᠢ ᠶᠢᠨ | ᠬᠤᠩᠬᠢᠯ — ᠲᠠᠺᠯᠢᠮᠠᠺᠠᠨ ᠡᠯᠡᠰᠦᠨ ᠴᠦᠯ ᠤᠨ ᠬᠥᠪᠡᠭᠡ ᠳᠠᠭᠠᠤ ᠶᠢᠨ ᠬᠤᠷᠢᠭᠯᠠᠯᠳᠠ ᠶᠢᠨ ᠳᠠᠶᠢᠯᠠᠯᠳᠤᠭᠠᠨ ᠢ | ᠡᠷᠡᠰ ᠰᠠᠶᠢᠲᠤᠷ ᠬᠢᠵᠦ᠂ ᠮᠠᠨ ᠤ ᠤᠯᠤᠰ ᠤᠨ ᠴᠦᠯᠯᠡᠷᠭᠡᠭᠵᠢᠯ ᠢ ᠵᠠᠰᠠᠬᠤ ᠭᠤᠣᠯ ᠳᠠᠶᠢᠯᠠᠯᠳᠤᠭᠠᠨ ᠤ ᠲᠠᠯᠠᠪᠤᠷ᠂ | ᠡᠯᠡᠰᠦᠨ ᠰᠢᠭᠤᠷᠭ᠎ᠠ ᠶᠢᠨ ᠭᠤᠣᠯ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠠᠷᠢᠭᠤᠴᠠᠯᠭ᠎ᠠ ᠶᠢ ᠡᠭᠦᠷᠭᠡᠯᠡᠬᠦ | ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ ᠶᠢ ᠪᠠᠷᠢᠮᠲᠠᠯᠠᠵᠤ᠂ ᠬᠥᠪᠴᠢ ᠶᠢᠨ ᠡᠯᠡᠰᠦ ᠶᠢ | ᠵᠠᠰᠠᠭᠰᠠᠨ ᠲᠤᠷᠰᠢᠯᠭ᠎ᠠ ᠶᠢ ᠳᠡᠯᠭᠡᠷᠡᠭᠦᠯᠵᠦ᠂ ᠳ᠋ᠧᠩᠺᠧᠦ ᠶᠢᠨ ᠵᠠᠭᠪᠤᠷ ᠵᠢᠴᠢ ᠭᠡᠷᠡᠯᠴᠢ ᠴᠡᠨᠡᠭ ᠢᠶᠠᠷ ᠡᠯᠡᠰᠦ ᠶᠢ | ᠵᠠᠰᠠᠭᠰᠠᠨ ᠵᠠᠭᠪᠤᠷ ᠵᠡᠷᠭᠡ ᠵᠠᠰᠠᠯᠲᠠ ᠶᠢᠨ ᠵᠠᠭᠪᠤᠷ ᠢ ᠳᠡᠯᠭᠡᠷᠡᠭᠦᠯᠵᠦ᠂ ᠲᠣᠭᠲᠠᠴᠠ ᠶᠢᠨ ᠰᠢᠨ᠎ᠡ ᠶᠢ ᠡᠭᠦᠳᠴᠦ | ᠮᠠᠯᠴᠢᠨ ᠲᠠᠷᠢᠶᠠᠴᠢᠨ᠂ ᠠᠵᠤ ᠠᠬᠤᠶᠢᠯᠠᠯ ᠵᠡᠷᠭᠡ ᠡᠯ᠎ᠡ ᠲᠠᠯ᠎ᠠ ᠶᠢᠨ ᠬᠢᠨ ᠤ ᠡᠯᠡᠰᠦ ᠶᠢ ᠵᠠᠰᠠᠬᠤ ᠳᠤ ᠣᠷᠣᠯᠴᠠᠬᠤ | ᠢᠳᠡᠪᠬᠢᠵᠢᠯ ᠢ ᠳᠠᠶᠢᠴᠢᠯᠠᠬᠤ ᠬᠡᠷᠡᠭᠲᠡᠢ᠃ ᠬᠥᠪᠴᠢ ᠶᠢᠨ ᠤᠯᠠᠨ ᠤᠯᠤᠰ ᠤᠨ ᠡᠯᠡᠰᠦᠨ ᠤ ᠶᠠᠷᠢᠶᠠᠨ ᠤ ᠲᠠᠪᠴᠠᠩ ᠢ | ᠰᠠᠶᠢᠲᠤᠷ ᠡᠷᠬᠢᠯᠡᠵᠦ᠂ ᠳᠤᠮᠳᠠᠳᠤ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠦᠯᠢᠭᠡᠷ ᠢ | ᠰᠠᠶᠢᠲᠤᠷ ᠶᠠᠷᠢᠬᠤ ᠬᠡᠷᠡᠭᠳᠠᠢ᠃ ᠤᠰᠤ ᠪᠠᠷ ᠨᠣᠭᠤᠭᠠᠷᠠᠭᠤᠯᠤᠯᠳᠠ ᠶᠢ ᠲᠣᠭᠲᠠᠭᠠᠬᠤ᠂ ᠤᠰᠤ ᠪᠠᠷ ᠭᠠᠵᠠᠷ ᠰᠢᠷᠤᠢ ᠶᠢ | ᠲᠣᠭᠲᠠᠭᠠᠬᠤ᠂ ᠤᠰᠤ ᠪᠠᠷ ᠬᠥᠮᠦᠨ ᠠᠮᠠ ᠶᠢ ᠲᠣᠭᠲᠠᠭᠠᠬᠤ᠂ ᠤᠰᠤ ᠪᠠᠷ ᠠᠵᠤ ᠦᠢᠯᠡᠰ ᠢ ᠲᠣᠭᠲᠠᠭᠠᠬᠤ ᠶᠢ | ᠪᠠᠷᠢᠮᠲᠠᠯᠠᠵᠤ᠂ ︽ᠬᠤᠷ᠎ᠠ ᠲᠤᠨᠳᠠᠰᠤᠨ ᠤ ᠬᠤᠷᠣᠭᠳᠠᠯ ᠢ ᠪᠠᠭᠠᠰᠬᠠᠬᠤ︾ ᠪᠠᠷ ᠤᠳᠤᠷᠢᠳᠤᠮᠵᠢ ᠪᠣᠯᠭᠠᠬᠤ ᠶᠢ | ᠳᠣᠪᠤᠶᠢᠯᠭᠠᠨ᠂ ᠶᠡᠭᠡ ᠤᠰᠤ ᠪᠠᠷ ᠨᠠᠯᠠᠶᠢᠲᠠᠯ᠎ᠠ ᠤᠰᠤᠯᠠᠬᠤ᠂ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠠᠪᠬᠤ | ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠳᠠᠢ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ | ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠨᠠᠷᠢᠨ | ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ | ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠪᠡᠯᠴᠢᠭᠡᠷ ᠢ ᠰᠡᠷᠭᠦᠭᠡᠬᠦ᠂ | ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ | ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠠᠮᠠᠷᠠᠭᠤᠯᠬᠤ ᠶᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠤᠢ | ᠰᠢᠭᠤᠢ ᠶᠢ ᠬᠠᠮᠠᠭᠠᠯᠠᠬᠤ ᠪᠠ ᠬᠥᠷᠥᠰᠥ ᠰᠢᠷᠣᠢ ᠶᠢ ᠲᠤᠭᠳᠠᠪᠤᠷᠢᠵᠢᠭᠤᠯᠬᠤ ᠶᠢ ᠴᠢᠩᠭᠠᠳᠬᠠᠵᠤ᠂ ᠨᠤᠲᠤᠭ ᠪᠡᠯᠴᠢᠭᠡᠷ | ᠤᠢ ᠰᠢᠭᠤᠢ ᠭᠤᠣᠯ ᠮᠥᠷᠡᠨ ᠨᠠᠭᠤᠷ ᠴᠥᠭᠦᠷᠥᠮ ᠨᠤᠭᠤ ᠭᠠᠵᠠᠷ ᠢ ᠰᠡᠷᠭᠦᠭᠡᠨ ᠰᠠᠶᠢᠵᠢᠷᠠᠭᠤᠯᠬᠤ ᠶᠢ ᠬᠡᠷᠡᠭᠵᠢᠭᠦᠯᠵᠦ᠂ | ᠪᠠᠶᠢᠭᠠᠯᠢ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ︽ᠬᠥᠯᠥᠨ | ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ︾ ᠵᠡᠷᠭᠡ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ ᠶᠢ | ᠴᠢᠩᠭᠠᠳᠬᠠᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠴᠢᠩᠭᠠᠳᠬᠠᠵᠤ᠂ ᠡᠬᠡ ᠤᠯᠤᠰ ᠤᠨ ᠤᠮᠠᠷᠠᠳᠤ ᠬᠢᠯᠢ ᠳᠤ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠴᠠᠭᠠᠨ | ᠬᠡᠷᠡᠮ ᠢ ᠴᠤᠭᠴᠠᠯᠠᠬᠤ ᠬᠡᠷᠡᠭᠳᠠᠢ᠃ | ︵ᠶᠢᠰᠦ︶ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠡᠬᠡ ᠤᠯᠤᠰ ᠤᠨ | ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠴᠣᠭᠴᠠᠯᠠᠬᠤ ᠬᠡᠷᠡᠭᠳᠠᠢ᠃ | ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ | ᠬᠢᠯᠢ ᠶᠢᠨ ᠳᠣᠲᠣᠨ᠎ᠠ ᠭᠠᠳᠠᠨᠠᠬᠢ ᠳᠠᠶᠢᠰᠤᠩᠨᠠᠭᠴᠢ ᠬᠦᠴᠦᠨ ᠤ ᠨᠡᠪᠴᠢᠯᠲᠡ ᠡᠪᠳᠡᠯᠡᠭᠡ ᠬᠢᠬᠦ ᠠᠵᠢᠯᠯᠠᠭ᠎ᠠ ᠶᠢ ᠴᠢᠩᠭ᠎ᠠ | ᠰᠡᠷᠭᠡᠶᠢᠯᠡᠨ ᠡᠷᠡᠰ ᠴᠣᠬᠢᠯᠲᠠ ᠥᠭᠭᠦ ᠬᠡᠷᠡᠭᠳᠠᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠦᠯᠵᠢᠶᠡᠨ ᠤ ᠨᠡᠶᠢᠭᠡᠮ ᠤᠨ ᠶᠡᠷᠦᠩᠬᠡᠶᠢᠯᠡᠭᠰᠡᠨ | ᠵᠠᠰᠠᠯᠲᠠ ᠶᠢ ᠭᠦᠨᠵᠡᠭᠡᠶᠢᠷᠡᠭᠦᠯᠬᠦ ᠬᠡᠷᠡᠭᠳᠠᠢ᠃ ᠬᠦᠨᠳᠦ ᠶᠡᠭᠡ ᠠᠮᠤᠷ ᠲᠦᠪᠰᠢᠨ ᠤ ᠠᠳᠡᠯ ᠠᠴᠠ ᠭᠦᠨᠵᠡᠭᠡᠢ ᠰᠤᠷᠭᠠᠮᠵᠢ | ᠠᠪᠴᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠨᠡᠶᠢᠭᠡᠮ ᠤᠨ ᠠᠮᠤᠷ | ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠬᠡᠷᠡᠭᠳᠠᠢ᠃ ᠠᠵᠤ ᠠᠬᠤᠶ᠂ ᠰᠣᠶᠣᠯ | ᠂ ᠨᠡᠶᠢᠭᠡᠮ᠂ ᠠᠮᠢ ᠠᠬᠤᠶ ᠵᠡᠷᠭᠡ ᠡᠯ᠎ᠡ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ | ᠨᠢᠭᠡᠳᠦᠯᠲᠡᠶ ᠲᠥᠯᠥ᠋ᠪᠵᠢᠭᠦᠯᠦ᠋ᠨ ᠰᠠᠶᠢᠲᠤᠷ ᠠᠳᠬᠤᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ | ᠥᠭᠴᠡᠭᠡ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠡᠷ ᠭᠠᠵᠠᠷ ᠤᠨ ᠬᠥᠷᠥᠩᠭᠡ ᠶᠢᠨ | ᠠᠶᠤᠯ ᠲᠦᠭᠰᠢᠭᠦᠷᠢ ᠶᠢᠨ ᠬᠡᠮ ᠰᠣᠭᠤᠭ ᠢ ᠢᠳᠡᠪᠬᠢᠲᠡᠶ ᠯᠠᠪᠳᠠᠭᠤᠨ ᠢᠶᠠᠷ ᠠᠷᠢᠯᠭᠠᠵᠤ᠂ ᠣᠷᠣᠨ ᠪᠦᠰᠡ ᠶᠢᠨ | ᠴᠢᠨᠠᠷᠲᠠᠶ᠂ ᠰᠢᠰᠲ᠋ᠧᠮᠳᠤ ᠴᠢᠨᠠᠷᠲᠠᠶ ᠠᠶᠤᠯ ᠲᠦᠭᠰᠢᠭᠦᠷᠢ ᠥᠯᠥ ᠡᠭᠦᠰᠭᠦ ᠬᠤᠷᠢᠭ᠎ᠠ ᠱᠤᠭᠤᠮ ᠢ ᠪᠠᠲᠤ ᠰᠠᠬᠢᠬᠤ | ᠬᠡᠷᠡᠭᠳᠠᠢ᠃ ᠬᠠᠤᠯᠢᠵᠢᠯ ᠤᠨ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠢᠨ᠎ᠡ ᠨᠢᠭᠡᠨ ᠡᠭᠡᠯᠵᠢ ᠶᠢᠨ | ᠠᠵᠢᠯ ᠢ ᠠᠬᠢᠭᠤᠯᠤᠨ᠎ᠠ᠃ | ︵ᠠᠷᠪᠠ︶ ᠰᠢᠯᠢᠳᠡᠭ ᠢ ᠪᠤᠶᠢᠵᠢᠭᠤᠯᠵᠤ ᠦᠷ᠎ᠡ ᠠᠰᠢᠭ ᠢ ᠨᠡᠮᠡᠭᠳᠡᠭᠦᠯᠬᠦ ᠠᠴᠠ ᠭᠠᠷᠳᠠᠵᠤ᠂ ᠤᠯᠤᠰ ᠤᠨ | ᠴᠢᠬᠤᠯᠠ ᠡᠨᠧᠷᠭᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠬᠦᠴᠦ ᠳᠣᠷᠪᠢᠲᠠᠢ ᠪᠦᠳᠦᠭᠡᠨ | ᠪᠠᠶᠢᠭᠤᠯᠬᠤ ᠬᠡᠷᠡᠭᠳᠠᠢ᠃ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠬᠥᠭᠵᠢᠭᠦᠯᠬᠦ ᠶᠢ ᠭᠤᠣᠯᠳᠠᠯᠭ᠎ᠠ ᠶᠢᠨ | ᠳᠣᠲᠣᠷᠠᠬᠢ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠤᠯᠤᠰ ᠤᠨ ︽ᠠᠭᠤᠷᠬᠠᠢ ᠶᠢᠨ ᠪᠤᠯᠠᠭᠳᠠᠴᠠ ᠠᠮᠤ ᠶᠢᠨ | ᠰᠠᠩ︾ ᠤᠨ ᠳᠠᠯᠳᠠ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠳᠠᠢ᠃ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ | ᠨᠡᠭᠡᠭᠡᠨ ᠠᠰᠢᠭᠯᠠᠬᠤ ᠶᠢ ᠲᠦᠷᠭᠡᠳᠭᠡᠨ ᠠᠬᠢᠭᠤᠯᠵᠤ᠂ ᠰᠢᠨ᠎ᠡ ᠡᠨᠧᠷᠭᠢ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ | ᠲᠦᠷᠭᠡᠳᠭᠡᠨ ᠬᠡᠷᠡᠭᠵᠢᠭᠦᠯᠵᠦ᠂ ᠰᠢᠨ᠎ᠡ ᠡᠨᠧᠷᠭᠢ ᠶᠢᠨ ᠲᠣᠮᠣ ᠰᠠᠭᠤᠷᠢᠨ᠂ ᠲᠣᠨᠣᠭᠯᠠᠯ ᠦᠢᠯᠡᠳᠬᠦ ᠰᠠᠭᠤᠷᠢᠨ ᠪᠠ | ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ | ᠡᠨᠧᠷᠬᠢ ᠲᠤᠤᠷ ᠳᠠᠭᠠᠭᠠᠴᠠ ᠨᠦᠬᠡᠴᠡ ᠶᠢ ᠨᠢᠭᠡᠳᠦᠯᠲᠡᠶ ᠲᠥᠯᠥᠪᠵᠢᠭᠦᠯᠦᠨ ᠪᠠᠶᠢᠷᠢᠰᠢᠭᠤᠯᠵᠤ᠂ ᠨᠡᠭᠡᠭᠡᠨ ᠠᠰᠢᠭᠯᠠᠬᠤ | ᠠᠷᠭ᠎ᠠ ᠮᠠᠶ᠋ᠢᠭ ᠢᠶᠠᠨ ᠬᠤᠪᠢᠷᠠᠭᠤᠯᠤᠨ᠂ ᠬᠡᠷᠡᠭᠯᠡᠭᠡᠨ ᠤ ᠪᠠᠶᠢᠳᠠᠯ ᠢ ᠥᠷᠭᠡᠳᠭᠡᠵᠦ᠂ ᠬᠡᠷᠡᠭᠯᠡᠨ ᠠᠰᠢᠭᠯᠠᠬᠤ | ᠴᠢᠳᠠᠪᠤᠷᠢ ᠪᠠᠨ ᠳᠡᠭᠡᠭᠰᠢᠯᠡᠭᠦᠯᠦᠨ᠂ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ | ᠠᠬᠢᠭᠤᠯᠬᠤ ᠬᠡᠷᠡᠭᠳᠠᠢ᠃ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠳᠠᠢ ᠠᠰᠢᠭᠯᠠᠬᠤ ᠶᠢ ᠴᠢᠩᠭᠠᠳᠬᠠᠨ᠂ | ᠨᠡᠭᠦᠷᠡᠰᠦᠨ ᠤ ᠠᠶᠤᠯᠭᠦᠢ ᠬᠠᠩᠭᠠᠯᠭ᠎ᠠ ᠶᠢ ᠪᠠᠲᠤᠯᠠᠵᠤ᠂ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ | ᠵᠢᠴᠢ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠳᠠᠢ᠃ ︽ | ᠬᠤᠪᠣᠷ ᠰᠢᠷᠣᠶ +︾ ᠬᠠᠮᠵᠢᠯᠴᠠᠨ ᠰᠢᠨ᠎ᠡ ᠶᠢ ᠡᠭᠦᠳᠬᠦ ᠶᠢ ᠲᠦᠷᠭᠡᠳᠭᠡᠨ ᠠᠬᠢᠭᠤᠯᠵᠤ᠂ ᠬᠤᠪᠣᠷ ᠰᠢᠷᠣᠶ ᠶᠢᠨ ᠡᠬᠢ | ᠪᠠᠶᠠᠯᠢᠭ ᠢ ᠬᠠᠮᠠᠭᠠᠯᠠᠬᠤ ᠴᠢᠨᠠᠷᠲᠠᠶ ᠪᠠᠷ ᠨᠡᠭᠡᠭᠡᠨ ᠠᠰᠢᠭᠯᠠᠬᠤ᠂ ᠴᠢᠨᠠᠷᠯᠢᠭ ᠠᠰᠢᠭᠯᠠᠬᠤ᠂ ᠵᠢᠷᠤᠮᠵᠢᠭᠤᠯᠤᠨ | ᠬᠠᠮᠢᠶᠠᠷᠬᠤ ᠶᠢ ᠴᠢᠩᠭᠠᠳᠬᠠᠵᠤ᠂ ᠬᠤᠪᠣᠷ ᠰᠢᠷᠣᠶ ᠶᠢᠨ ᠬᠡᠷᠡᠭᠯᠡᠭᠡᠨ ᠤ ᠠᠵᠤ ᠦᠢᠯᠡᠰ ᠤᠨ ᠬᠡᠯᠬᠢᠶ᠎ᠠ ᠶᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠪᠥᠬᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠶ ᠶᠢᠨ ᠰᠢᠨ᠎ᠡ | ᠮᠠᠲ᠋ᠧᠷᠢᠶᠠᠯ ᠤᠨ ᠰᠠᠭᠤᠷᠢᠨ ᠪᠠ ᠪᠥᠬᠦ ᠳᠡᠯᠡᠬᠡᠶ ᠳᠤ ᠲᠡᠷᠢᠭᠦᠯᠡᠭᠰᠡᠨ ᠬᠤᠪᠣᠷ ᠰᠢᠷᠣᠶ ᠶᠢᠨ ᠬᠡᠷᠡᠭᠯᠡᠭᠡᠨ ᠤ ᠰᠠᠭᠤᠷᠢᠨ ᠢ | ᠴᠤᠭᠴᠠᠯᠠᠬᠤ ᠬᠡᠷᠡᠭᠳᠠᠢ᠃ ᠤᠯᠤᠰ ᠤᠨ ᠰᠢᠨ᠎ᠡ ᠨᠢᠭᠡ ᠡᠭᠡᠯᠵᠢ ᠶᠢᠨ ᠠᠭᠤᠷᠬᠠᠶ ᠡᠷᠢᠬᠦ ᠰᠢᠪᠲᠤᠯᠤᠯᠲᠠ ᠶᠢᠨ | ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠲᠦᠷᠭᠡᠳᠭᠡᠨ ᠨᠠᠶᠢᠳᠠᠪᠤᠷᠢᠵᠢᠭᠤᠯᠵᠤ᠂ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠨᠥᠭᠡᠴᠡ ᠶᠢ ᠨᠡᠮᠡᠭᠳᠡᠭᠦᠯᠦᠨ ᠭᠠᠷᠤᠯᠲᠠ ᠶᠢ ᠨᠡᠮᠡᠭᠳᠡᠭᠦᠯᠬᠦ ᠡᠷᠴᠢᠮ ᠢ | ᠴᠢᠩᠭᠠᠷᠠᠭᠤᠯᠬᠤ ᠬᠡᠷᠡᠭᠳᠠᠢ᠃ | ︵ᠠᠷᠪᠠᠨ ᠨᠢᠭᠡ︶ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ ᠲᠤᠭ᠎ᠠ ᠬᠡᠮᠵᠢᠶ᠎ᠡ ᠶᠢ ᠨᠡᠮᠡᠭᠳᠡᠭᠦᠯᠦᠨ᠂ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤᠨ ᠦᠢᠯᠡᠳᠪᠦᠷᠢᠯᠡᠯ ᠤᠨ | ᠰᠠᠭᠤᠷᠢᠨ ᠢ ᠲᠤᠭ᠎ᠠ ᠬᠡᠮᠵᠢᠶ᠎ᠡ ᠪᠠᠷ ᠶᠡᠭᠡ ᠪᠦᠭᠡᠳ ᠴᠢᠨᠠᠷ ᠰᠠᠶᠢᠲᠠᠶ ᠪᠦᠲᠦᠭᠡᠨ ᠪᠠᠶᠢᠭᠤᠯᠬᠤ ᠬᠡᠷᠡᠭᠲᠡᠶ᠃ ︽ᠭᠠᠵᠠᠷ | ᠰᠢᠷᠤᠢ᠂ ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ︾ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ | ᠲᠤᠭ᠎ᠠ ᠬᠡᠮᠵᠢᠶ᠎ᠡ ᠶᠢ ᠲᠠᠰᠤᠷᠠᠯᠲᠠ ᠥᠬᠡᠶ ᠥᠷᠭᠡᠳᠭᠡᠨ᠂ ᠶᠠᠰᠤ ᠴᠢᠨᠠᠷ ᠢ ᠳᠡᠭᠡᠭᠰᠢᠯᠡᠭᠦᠯᠵᠦ᠂ ᠤᠨᠠᠯᠲᠠ ᠶᠢ | ᠨᠡᠮᠡᠭᠳᠡᠭᠦᠯᠦᠨ᠂ ᠤᠯᠤᠰ ᠤᠨ ᠴᠢᠬᠤᠯᠠ ︽ᠠᠮᠤ ᠶᠢᠨ ᠰᠠᠩ︾ ᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠳᠠᠢ᠃ | ᠮᠠᠯ ᠠᠵᠤ ᠠᠬᠤᠢ ᠲᠠᠷᠢᠶᠠᠯᠠᠩ ᠤᠨ ᠣᠷᠣᠨ ᠪᠦᠰᠡ ᠶᠢᠨ ᠪᠠᠶᠢᠷᠢᠰᠢᠭᠤᠯᠤᠯᠲᠠ ᠪᠠ ᠦᠢᠯᠡᠳᠪᠦᠷᠢᠯᠡᠯ ᠤᠨ | ᠪᠦᠲᠦᠴᠡ ᠶᠢ ᠯᠠᠪᠳᠠᠭᠤᠨ ᠢᠶᠠᠷ ᠰᠢᠯᠢᠳᠡᠭᠵᠢᠭᠦᠯᠵᠦ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ | ᠬᠦᠴᠦᠲᠡᠶ ᠠᠳᠬᠤᠨ᠂ ᠤᠰᠤ ᠠᠷᠪᠢᠯᠠᠬᠤ ᠲᠠᠷᠢᠶᠠᠯᠠᠩ᠂ ᠠᠮᠢ ᠠᠬᠤᠢ ᠶᠢᠨ ᠮᠠᠯ ᠠᠵᠤ ᠠᠬᠤᠶ ᠲᠠᠷᠢᠶᠠᠯᠠᠩ ᠢ | ᠶᠡᠭᠡ ᠪᠠᠷ ᠬᠥᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠥᠬᠦ | ᠲᠠᠯ᠎ᠠ ᠪᠠᠷ ᠴᠢᠩᠭᠠᠳᠬᠠᠨ᠂ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠠᠵᠤ | ᠦᠢᠯᠡᠰ ᠤᠨ ᠪᠦᠰᠡ ᠶᠢ ᠤᠯᠠᠨ ᠪᠠᠶᠢᠭᠤᠯᠵᠤ᠂ ᠨᠠᠩ ᠣᠯᠠᠨ ᠲᠤᠰᠬᠠᠶᠢᠵᠢᠭᠰᠠᠨ᠂ ᠬᠡᠪᠴᠢᠶᠡᠵᠢᠭᠰᠡᠨ ᠠᠵᠤ | ᠦᠢᠯᠡᠰ ᠤᠨ ᠪᠦᠯᠦᠭᠵᠢᠯ ᠢ ᠪᠤᠢ ᠪᠣᠯᠭᠠᠬᠤ ᠬᠡᠷᠡᠭᠳᠠᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠨᠠᠷᠢᠯᠢᠭ ᠡᠳ᠋ᠰᠢᠭᠦᠯᠬᠦ ᠪᠠ ᠪᠣᠬᠢᠷᠲᠤᠯ ᠥᠬᠡᠶ ᠣᠷᠭᠠᠨᠢᠭ ᠲᠥᠷᠥᠯ ᠲᠡᠮᠳᠡᠭ ᠢ ᠴᠣᠭᠴᠠᠯᠠᠬᠤ ᠶᠢ ᠰᠠᠶᠢᠲᠤᠷ ᠠᠳᠬᠤᠵᠤ᠂ | ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠨᠠᠩ | ᠣᠯᠠᠨ ︽ᠥᠪᠥᠷ ᠮᠣᠩᠭᠤᠯ ᠨᠡᠷᠡᠮᠵᠢᠳᠤ︾ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠣᠮᠣ | ᠵᠠᠬ᠎ᠠ ᠳᠡᠯᠭᠡᠭᠦᠷ ᠲᠤ ᠣᠷᠣᠭᠤᠯᠵᠤ᠂ ᠰᠠᠶᠢᠨ ᠦᠨ᠎ᠡ ᠳᠤ ᠬᠦᠷᠭᠡᠬᠦ ᠬᠡᠷᠡᠭᠳᠠᠢ᠃ ᠮᠠᠯᠴᠢᠨ ᠲᠠᠷᠢᠶᠠᠴᠢᠨ ᠬᠢᠭᠡᠳ ᠠᠵᠤ | ᠠᠬᠤᠶᠢᠯᠠᠯ ᠤᠨ ᠠᠰᠢᠭ ᠲᠤᠰᠠ ᠶᠢᠨ ᠬᠤᠯᠪᠤᠭᠠᠨ ᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ | ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠬᠤ ᠬᠡᠷᠡᠭᠳᠠᠢ᠃ | ︵ᠠᠷᠪᠠᠨ ᠬᠤᠶᠠᠷ︶ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠪᠠᠬᠢᠯᠡᠯᠲᠡ ᠶᠢ ᠦᠨᠳᠦᠷ ᠰᠦᠷᠯᠢᠭ ᠦᠷᠨᠢᠭᠦᠨ ᠪᠠᠳᠠᠷᠠᠩᠭᠤᠢ ᠪᠦᠲᠦᠭᠡᠨ ᠪᠠᠶᠢᠭᠤᠯᠬᠤ ᠬᠡᠷᠡᠭᠲᠡᠢ᠃ | ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ | ᠣᠷᠣᠯᠴᠠᠵᠤ᠂ ᠨᠡᠪᠲᠡᠷᠡᠬᠦ ᠵᠠᠮ᠂ ᠪᠣᠭᠤᠮᠲᠠ ᠪᠠ ᠲᠠᠪᠴᠠᠩ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢ | ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠥᠷᠥᠯ ᠤᠨ ᠨᠡᠭᠡᠭᠡᠯᠲᠡᠲᠦ ᠲᠠᠪᠴᠠᠩ ᠤᠨ | ᠦᠢᠯᠡᠳᠦᠯ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠳᠠᠢ᠃ ᠭᠤᠣᠯᠳᠠᠯᠭ᠎ᠠ ᠲᠠᠢ ᠪᠣᠭᠤᠮᠲᠠ ᠶᠢᠨ | ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠢᠵᠢ ᠪᠦᠷᠢᠳᠦᠭᠦᠯᠬᠦ ᠰᠠᠭᠤᠷᠢ ᠲᠦᠬᠦᠭᠡᠷᠤᠮᠵᠢ ᠶᠢᠨ | ᠴᠢᠳᠠᠮᠵᠢ ᠶᠢ ᠲᠡᠭᠦᠯᠳᠡᠷᠵᠢᠭᠦᠯᠦᠨ᠂ ᠤᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠣᠭᠤᠮᠲᠠ ᠶᠢᠨ | ᠳᠠᠭᠠᠭᠠᠬᠤ ᠴᠢᠳᠠᠪᠤᠷᠢ ᠪᠠ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠴᠢᠳᠠᠪᠤᠷᠢ ᠶᠢ ᠴᠢᠩᠭᠠᠳᠬᠠᠬᠤ ᠬᠡᠷᠡᠭᠳᠠᠢ᠃ | ᠨᠠᠷᠮᠠᠢ ᠪᠣᠭᠤᠮᠲᠠ ᠲᠠᠢ ᠬᠤᠯᠪᠤᠭᠳᠠᠬᠤ ᠠᠵᠤ ᠠᠬᠤᠶ ᠶᠢ ᠶᠡᠭᠡ ᠪᠠᠷ ᠬᠥᠭᠵᠢᠭᠦᠯᠵᠦ᠂ ᠳᠤᠮᠳᠠᠳᠤ ᠧᠦ᠋ᠷᠣᠫᠠ ᠶᠢᠨ | ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢ ᠥᠷᠭᠡᠳᠭᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ | ᠭᠠᠳᠠᠭᠠᠳᠤ ᠳᠤ ᠬᠠᠨᠳᠤᠭᠤᠯᠤᠭᠰᠠᠨ ᠠᠵᠤ ᠦᠢᠯᠡᠰ ᠢ ᠢᠳᠡᠪᠬᠢᠲᠡᠶ ᠪᠤᠶᠢᠵᠢᠭᠤᠯᠤᠨ᠂ ︽ᠠᠵᠤ ᠠᠬᠤᠶ ᠶᠢᠨ | ᠨᠡᠪᠳᠡᠷᠡᠬᠦ ᠵᠠᠮ︾ ᠠᠴᠠ ︽ᠨᠡᠪᠲᠡᠷᠡᠬᠦ ᠵᠠᠮ ᠤᠨ ᠠᠵᠤ ᠠᠬᠤᠶ︾ ᠳᠠᠶᠢᠰᠢ ᠬᠤᠪᠢᠷᠠᠭᠤᠯᠬᠤ ᠶᠢ ᠠᠬᠢᠭᠤᠯᠵᠤ᠂ ︽ | ᠳᠠᠮᠵᠢᠯᠭ᠎ᠠ ᠶᠢᠨ ᠠᠵᠤ ᠠᠬᠤᠶ︾ ᠠᠴᠠ ︽ᠰᠠᠭᠤᠷᠢᠰᠢᠯ ᠤᠨ ᠠᠵᠤ ᠠᠬᠤᠶ︾ ᠳᠠᠶᠢᠰᠢ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠤᠨ᠂ ᠪᠣᠭᠤᠮᠲᠠ ᠪᠠ ᠳᠣᠲᠣᠷ᠎ᠠ ᠭᠠᠵᠠᠷ ᠤᠨ ᠬᠤᠯᠪᠣᠭᠠᠯᠠᠨ ᠬᠥᠭᠵᠢᠬᠦ ᠶᠢ ᠠᠬᠢᠭᠤᠯᠬᠤ | ᠬᠡᠷᠡᠭᠳᠠᠢ᠃ ᠣᠷᠣᠰ᠂ ᠮᠣᠩᠭᠤᠯ ᠤᠯᠤᠰ ᠯᠤᠭ᠎ᠠ ᠶᠢᠨ ᠬᠤᠯᠪᠣᠭᠳᠠᠯ ᠪᠥᠬᠦᠶ ᠲᠠᠯ᠎ᠠ ᠲᠠᠢ ᠰᠤᠷᠭᠠᠨ ᠬᠥᠮᠦᠵᠢᠯ᠂ ᠡᠮ | ᠡᠮᠨᠡᠯᠭᠡ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠠᠮᠢ ᠠᠬᠤᠶ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠠᠷᠠᠳ ᠤᠨ ᠬᠤᠭᠤᠷᠣᠨᠳᠣᠬᠢ ᠶᠠᠪᠤᠯᠴᠠᠭ᠎ᠠ ᠰᠣᠯᠢᠯᠴᠠᠭ᠎ᠠ ᠶᠢ ᠴᠢᠩᠭᠠᠳᠬᠠᠬᠤ ᠬᠡᠷᠡᠭᠳᠠᠢ᠃ | ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ ᠪᠠ ᠬᠡᠷᠡᠭᠯᠡᠯᠲᠡ ᠶᠢ | ᠬᠦᠨᠳᠦᠳᠭᠡᠨ ᠪᠠᠲᠤᠯᠠᠬᠤ ᠬᠡᠷᠡᠭᠲᠡᠢ᠃ ᠳᠤᠮᠳᠠᠳᠤ ᠶᠢᠨ ᠰᠣᠶᠣᠯ ᠪᠣᠯ ᠭᠤᠣᠯ ᠡᠰᠢ ᠮᠥᠨ᠂ | ᠦᠨᠳᠦᠰᠦᠲᠡᠨ ᠨᠦᠭᠦᠳ ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ ᠭᠡᠬᠦ ᠬᠠᠷᠢᠴᠠᠭ᠎ᠠ ᠶᠢ ᠵᠦᠪ ᠣᠨᠣᠪᠴᠢᠲᠠᠢ | ᠡᠵᠡᠮᠳᠡᠵᠦ᠂ ᠦᠨᠳᠦᠰᠦᠲᠡᠨ ᠨᠦᠭᠦᠳ ᠤᠨ ᠬᠠᠮᠲᠤ ᠶᠢᠨ ᠪᠠᠶᠢᠭ᠎ᠠ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ | ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠪᠤᠢ ᠪᠣᠯᠭᠠᠨ ᠲᠤᠪᠦ᠋ᠯᠭᠠᠵᠤ᠂ | ᠦᠨᠳᠦᠰᠦᠲᠡᠨ ᠨᠦᠭᠦᠳ ᠤᠨ ᠰᠣᠶᠣᠯ ᠤᠨ ᠳᠤᠮᠳᠠᠳᠤ ᠶᠢᠨ ᠰᠣᠶᠣᠯ ᠤᠨ ᠲᠤᠬᠠᠢ ᠬᠠᠮᠲᠤ ᠶᠢᠨ ᠲᠠᠨᠢᠯᠲᠠ ᠪᠠᠨ | ᠴᠢᠩᠭᠠᠳᠬᠠᠭᠰᠠᠨ ᠰᠠᠭᠤᠷᠢᠨ ᠳᠡᠭᠡᠷ᠎ᠡ ᠪᠦᠲᠦᠭᠡᠯᠴᠢ ᠴᠢᠨᠠᠷᠲᠠᠢ ᠪᠠᠷ ᠤᠨᠳᠤᠤᠰᠢᠭᠤᠯᠬᠤ᠂ ᠰᠢᠨ᠎ᠡ ᠶᠢ ᠡᠭᠦᠳᠬᠦ | ᠴᠢᠨᠠᠷᠲᠠᠢ ᠪᠠᠷ ᠬᠦᠭᠵᠢᠭᠦᠯᠬᠦ ᠶᠢ ᠠᠬᠢᠭᠤᠯᠵᠤ᠂ ᠵᠥᠷᠢᠶᠡᠲᠦ ᠴᠢᠨᠠᠷ ᠢ ᠪᠠᠬᠢᠵᠢᠭᠦᠯᠬᠦ ᠪᠠ ᠴᠢᠩᠭᠠᠷᠠᠭᠤᠯᠬᠤ᠂ ᠨᠡᠶᠢᠲᠡᠯᠢᠭ | ᠴᠢᠨᠠᠷ ᠢ ᠰᠤᠯᠠᠷᠠᠭᠤᠯᠬᠤ ᠪᠠ ᠬᠤᠬᠢᠷᠠᠭᠤᠯᠬᠤ ᠠᠰᠠᠭᠤᠳᠠᠯ ᠢ ᠡᠷᠡᠰ ᠰᠡᠷᠭᠡᠶᠢᠯᠡᠨ ᠬᠤᠷᠢᠠᠠᠯᠠᠵᠤ᠂ | ᠦᠨᠳᠦᠰᠦᠲᠡᠨ ᠨᠦᠭᠦᠳ ᠤᠨ ᠬᠥᠮᠦᠰ ᠤᠨ ᠰᠡᠳᠭᠢᠯ ᠤᠨ ᠨᠢᠭᠲᠠᠷᠠᠯ᠂ ᠤᠶᠤᠨ ᠰᠠᠨᠠᠭ᠎ᠠ ᠶᠢᠨ ᠲᠦᠰᠢᠭᠯᠡᠯᠴᠡᠯ ᠢ ᠨᠡᠩ | ᠰᠠᠶᠢᠲᠤᠷ ᠠᠬᠢᠭᠤᠯᠬᠤ ᠬᠡᠷᠡᠭᠲᠡᠢ᠃ ᠰᠣᠶᠣᠯ ᠤᠨ ᠠᠵᠢᠯ ᠦᠢᠯᠡᠰ᠂ ᠰᠣᠶᠣᠯ ᠤᠨ ᠠᠵᠤ ᠦᠢᠯᠡᠰ ᠤᠨ ᠴᠡᠴᠡᠭᠯᠡᠨ | ᠬᠥᠭᠵᠢᠬᠦ ᠶᠢ ᠠᠬᠢᠭᠤᠯᠵᠤ᠂ ᠤᠯᠠᠭᠠᠨᠮᠥ᠋ᠴᠢᠷ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠶᠤᠨ ᠤ ᠰᠣᠶᠣᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ | ᠬᠡᠷᠡᠭᠲᠡᠢ᠃ | ︵ᠠᠷᠪᠠᠨ ᠭᠤᠷᠪᠠ︶ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ | ᠬᠡᠷᠡᠭᠳᠠᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ | ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠨ | ᠠᠭᠤᠰᠤᠯᠴᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠵᠤ᠂ | ᠬᠥᠭᠵᠢᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠳᠠᠢ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ | ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠬᠢᠷᠲᠤᠯ ᠥᠬᠡᠶ ᠪᠠᠭ᠎ᠠ | ᠨᠡᠭᠦᠷᠡᠰᠦᠲᠥ᠋ᠷᠥᠭᠴᠢᠲᠦ ᠲᠥᠷᠥ ᠶᠢᠨ ᠪᠣᠳᠣᠯᠭ᠎ᠠ ᠪᠠ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠮᠢ | ᠠᠬᠤᠶ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠣᠷᠣᠨ | ᠪᠦᠰᠡ ᠶᠢᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠢᠳᠡᠪᠬᠢᠲᠡᠶ | ᠠᠬᠢᠭᠤᠯᠵᠤ᠂ ᠠᠮᠢ ᠠᠬᠤᠶ ᠶᠢᠨ ᠠᠵᠤ ᠦᠢᠯᠡᠰᠵᠢᠯᠲᠡ ᠪᠠ ᠠᠵᠤ ᠦᠢᠯᠡᠰ ᠤᠨ ᠠᠮᠢ ᠠᠬᠤᠶᠢᠵᠢᠯᠳᠠ ᠶᠢᠨ | ᠠᠯᠬᠤᠴᠠ ᠶᠢ ᠲᠦᠷᠭᠡᠳᠭᠡᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ | ᠭᠡᠬᠦ ᠣᠶᠢᠯᠠᠭᠠᠭᠳᠠᠬᠤᠨ ᠢ ᠬᠦᠮᠦᠨ ᠤ ᠰᠡᠳᠭᠢᠯ ᠳᠤ ᠰᠠᠭᠤᠭᠳᠠᠭᠤᠯᠬᠤ ᠵᠠᠮ ᠢ ᠦᠷᠭᠦᠯᠵᠢᠯᠡᠨ ᠭᠦᠨᠵᠡᠭᠡᠶᠢᠷᠡᠭᠦᠯᠵᠦ᠂ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠲᠡᠶᠢᠰᠢ ᠬᠡᠯᠪᠡᠷᠢ ᠪᠠᠨ | ᠬᠤᠪᠢᠷᠠᠭᠤᠯᠬᠤ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠳᠠᠢ᠃ ᠠᠵᠤ ᠠᠬᠤᠶ ᠶᠢᠨ ᠪᠠᠶᠢᠷᠢᠰᠢᠭᠤᠯᠤᠯᠲᠠ ᠶᠢ | ᠬᠦᠴᠦᠯᠡᠨ ᠰᠢᠯᠢᠳᠡᠭᠵᠢᠭᠦᠯᠵᠦ᠂ ᠬᠥᠮᠦᠨ ᠠᠮᠠ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ ᠣᠷᠣᠨ ᠪᠦᠰᠡ ᠶᠢᠨ | ᠪᠠᠶᠢᠷᠢᠰᠢᠭᠤᠯᠤᠯᠲᠠ᠂ ᠬᠤᠲᠠ ᠪᠠᠯᠭᠠᠰᠤ ᠶᠢᠨ ᠪᠠᠶᠢᠷᠢᠰᠢᠭᠤᠯᠤᠯᠲᠠ᠂ ᠠᠵᠤ ᠦᠢᠯᠡᠰ ᠤᠨ ᠪᠠᠶᠢᠷᠢᠰᠢᠭᠤᠯᠤᠯᠲᠠ᠂ | ᠰᠠᠭᠤᠷᠢ ᠲᠦᠬᠦᠭᠡᠷᠤᠮᠵᠢ ᠶᠢᠨ ᠪᠠᠶᠢᠷᠢᠰᠢᠭᠤᠯᠤᠯᠲᠠ ᠵᠢᠴᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ | ᠪᠠᠶᠢᠷᠢᠰᠢᠭᠤᠯᠤᠯᠲᠠ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠵᠢᠷᠤᠮᠵᠢᠯ ᠲᠠᠢ ᠡᠮᠬᠢ ᠵᠢᠷᠤᠮ ᠲᠠᠢ᠂ ᠲᠡᠯᠡᠵᠦ | ᠲᠠᠯᠪᠢᠬᠤ ᠨᠢ ᠬᠢᠵᠠᠭᠠᠷᠯᠠᠯ ᠲᠠᠢ᠂ ᠡᠷᠭᠢᠯᠳᠡ ᠰᠠᠭᠠᠳ ᠥᠬᠡᠶ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠬᠡᠷᠡᠭᠳᠠᠢ᠃ ᠠᠵᠤ ᠦᠢᠯᠡᠰ ᠤᠨ ᠪᠦᠲᠦᠴᠡ ᠶᠢ ᠲᠦᠷᠭᠡᠳᠭᠡᠨ | ᠰᠢᠯᠢᠳᠡᠭᠵᠢᠭᠦᠯᠵᠦ᠂ ᠡᠨᠧᠷᠭᠢ ᠶᠢᠨ ᠠᠵᠤ ᠦᠢᠯᠡᠰ ᠤᠨ ᠳᠠᠪᠠᠭᠤᠯᠢᠭ᠂ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠳᠠᠪᠠᠭᠤᠯᠢᠭ᠂ ᠲᠠᠷᠢᠶᠠᠯᠠᠩ ᠮᠠᠯ ᠠᠵᠤ ᠠᠬᠤᠶ ᠶᠢᠨ ᠳᠠᠪᠠᠭᠤᠯᠢᠭ ᠲᠤ ᠰᠠᠭᠤᠷᠢᠯᠠᠨ᠂ ᠳᠠᠪᠠᠭᠤᠯᠢᠭ | ᠣᠨᠴᠠᠯᠢᠭᠲᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ | ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ ᠲᠡᠷᠢᠭᠦᠨ ᠤ ᠦᠢᠯᠡᠳᠬᠦ | ᠦᠢᠯᠡᠰ ᠢ ᠬᠥᠭᠵᠢᠭᠦᠯᠵᠦ᠂ ᠥᠩᠭᠡᠲᠦ ᠲᠡᠮᠦᠷᠯᠢᠭ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠂ ᠲᠣᠭᠠᠴᠢᠯᠠᠭᠰᠠᠨ ᠠᠵᠤ ᠠᠬᠤᠶ ᠪᠠ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠢᠳᠡᠪᠬᠢᠲᠡᠶ | ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠠᠵᠤ | ᠦᠢᠯᠡᠰ ᠤᠨ ᠰᠢᠰᠲ᠋ᠧᠮ ᠢ ᠳᠡᠭᠡᠳᠦ ᠳᠡᠰᠵᠢᠭᠦᠯᠬᠦ᠂ ᠤᠶᠤᠨᠴᠢᠯᠠᠬᠤ᠂ ᠪᠣᠬᠢᠷᠲᠤᠯ ᠥᠬᠡᠶ ᠪᠣᠯᠭᠠᠬᠤ ᠲᠦᠪᠰᠢᠨ ᠢ | ᠳᠡᠭᠡᠭᠰᠢᠯᠡᠭᠦᠯᠦᠨ᠂ ᠡᠬᠢ ᠪᠠᠶᠠᠯᠢᠭ ᠤᠨ ᠬᠡᠯᠪᠡᠷᠢ ᠪᠥᠬᠦᠶ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ | ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠥᠪᠥᠷ ᠮᠣᠩᠭᠤᠯ ᠤᠨ ᠣᠨᠴᠠᠯᠢᠭ ᠳᠠᠪᠠᠭᠤᠯᠢᠭ ᠢ ᠢᠯᠡᠷᠡᠭᠦᠯᠦᠭᠰᠡᠨ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠳᠠᠢ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠪᠣᠯᠤᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠵᠤ᠂ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠰᠢᠨ᠎ᠡ ᠶᠢ | ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠩ ᠢᠳᠡᠪᠬᠢᠲᠡᠶ᠂ ᠨᠠᠩ ᠨᠡᠭᠡᠭᠡᠯᠲᠡᠲᠡᠶ᠂ ᠨᠠᠩ | ᠪᠦᠲᠦᠮᠵᠢᠲᠡᠶ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠬᠡᠯᠬᠢᠶ᠎ᠡ ᠠᠵᠤ | ᠦᠢᠯᠡᠰ ᠤᠨ ᠬᠡᠯᠬᠢᠶ᠎ᠡ ᠪᠠᠯᠠ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠶ ᠠᠭᠤᠰᠤᠯᠴᠠᠯ ᠢ | ᠠᠬᠢᠭᠤᠯᠬᠤ ᠬᠡᠷᠡᠭᠳᠠᠢ᠃ ᠵᠠᠰᠠᠭ ᠤᠨ ᠤᠷᠳᠤᠨ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ | ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ | ᠮᠥᠩᠭᠦᠨ ᠭᠦᠢᠯᠭᠡᠭᠡ ᠪᠠᠷ ᠪᠣᠳᠠᠲᠤ ᠴᠣᠭᠴᠠ ᠶᠢᠨ ᠠᠵᠤ ᠠᠬᠤᠶ ᠳᠤ ᠨᠠᠩ ᠰᠠᠶᠢᠲᠤᠷ ᠦᠢᠯᠡᠴᠢᠯᠡᠬᠦ ᠶᠢ ᠠᠬᠢᠭᠤᠯᠬᠤ | ᠬᠡᠷᠡᠭᠳᠠᠢ᠃ ᠬᠥᠭᠵᠢᠯᠲᠡ ᠶᠢᠨ ᠳᠤᠲᠠᠭᠤᠳᠠᠯ ᠪᠠ ᠪᠠᠭᠤᠷᠠᠢ ᠲᠠᠯ᠎ᠠ ᠶᠢ ᠲᠦᠷᠭᠡᠪᠴᠢᠯᠡᠨ ᠨᠥᠬᠦᠪᠥᠷᠢᠯᠡᠵᠦ᠂ | ᠬᠡᠷᠡᠭᠯᠡᠭᠡ ᠶᠢ ᠰᠡᠷᠭᠦᠭᠡᠨ ᠥᠷᠭᠡᠳᠭᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠦᠷ᠎ᠡ ᠠᠰᠢᠭ ᠪᠠ | ᠠᠮᠢᠵᠢᠷᠠᠯ ᠤᠨ ᠬᠦᠴᠦᠨ ᠢ ᠴᠢᠩᠭᠠᠷᠠᠭᠤᠯᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠢ ᠪᠠ ᠠᠷᠠᠳ ᠤᠨ | ᠡᠵᠡᠩᠨᠡᠯᠳᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠢᠷᠠᠬᠤ ᠶᠢ ᠵᠣᠷᠢᠭᠵᠢᠭᠤᠯᠤᠨ ᠲᠡᠮᠵᠢᠬᠦ ᠬᠡᠷᠡᠭᠳᠠᠢ᠃ ᠥᠪᠥᠷ | ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠥᠷᠥ ᠶᠢᠨ | ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠠᠵᠤ | ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠵᠢᠱᠢᠶ᠎ᠡ ᠦᠵᠡᠭᠦᠯᠬᠦ ᠤᠷᠤᠨ ᠤ ᠪᠥᠲᠥᠭᠡᠨ ᠪᠠᠶᠢᠭᠤᠯᠤᠯᠲᠠ ᠶᠢ | ᠠᠬᠢᠭᠤᠯᠬᠤ ᠬᠡᠷᠡᠭᠳᠠᠢ᠃ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ | ᠠᠵᠢᠯᠯᠠᠭᠠᠨ ᠤ ᠲᠣᠭᠲᠠᠴᠠ ᠶᠢ ᠲᠦᠷᠭᠡᠳᠭᠡᠨ ᠰᠢᠯᠤᠭᠤᠳᠬᠠᠵᠤ᠂ ᠠᠵᠤ ᠦᠢᠯᠡᠰ ᠤᠨ ᠡᠷᠴᠢᠮᠯᠢᠭ ᠲᠥᠪᠯᠡᠷᠡᠩᠭᠦᠢ | ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ | ᠲᠦᠷᠪᠡ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠪᠠᠶᠠᠵᠢᠬᠤ ᠵᠠᠮ ᠢᠶᠠᠷ | ᠵᠠᠮᠨᠠᠬᠤ ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠳᠤ | ᠬᠠᠮᠲᠤ ᠪᠠᠷ ᠪᠠᠶᠠᠵᠢᠬᠤ ᠶᠢ ᠠᠬᠢᠭᠤᠯᠬᠤ ᠠᠵᠢᠯᠯᠠᠭ᠎ᠠ ᠶᠠᠪᠤᠭᠳᠠᠵᠤ ᠪᠠᠶᠢᠬᠤ ᠪᠠ ᠳᠡᠷᠭᠡᠳᠡ ᠨᠢ ᠪᠠᠶᠢᠬᠤ ᠶᠢ ᠦᠨᠡᠨ ᠬᠦ | ᠮᠡᠳᠡᠷᠡᠭᠦᠯᠬᠦ ᠬᠡᠷᠡᠭᠳᠠᠢ᠃ | ︵ᠠᠷᠪᠠᠨ ᠳᠥᠷᠪᠡ︶ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠳᠠᠢ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ | ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ | ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠳᠠᠷᠤᠭᠠᠰᠤ ᠶᠢ ᠬᠥᠩᠭᠡᠷᠡᠭᠦᠯᠵᠦ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠭᠡᠬᠦ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠣᠨᠣᠪᠴᠢᠲᠠᠶ ᠪᠥᠭᠡᠳ ᠪᠦᠲᠦᠮᠵᠢᠲᠡᠶ ᠬᠡᠷᠡᠭᠵᠢᠭᠦᠯᠵᠦ᠂ ᠠᠵᠢᠯ ᠣᠯᠭᠤᠯᠲᠠ ᠶᠢᠨ | ᠦᠨᠳᠦᠰᠦᠨ ᠵᠦᠢᠯ ᠢ ᠪᠠᠲᠤᠯᠠᠨ ᠬᠠᠪᠰᠤᠷᠤᠨ ᠲᠡᠳᠬᠦᠬᠦ ᠶᠢ ᠴᠢᠩᠭᠠᠳᠬᠠᠬᠤ ᠬᠡᠷᠡᠭᠳᠠᠢ᠃ ᠦᠢᠯᠡᠰ ᠪᠤᠰᠬᠠᠬᠤ | ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠦᠢᠯᠡᠰ ᠪᠤᠰᠬᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ᠂ | ᠨᠡᠩ ᠤᠯᠠᠨ ᠬᠥᠳᠡᠯᠮᠦᠷᠢᠴᠢᠳ ᠦᠢᠯᠡᠰ ᠪᠤᠰᠬᠠᠭᠴᠢ ᠪᠣᠯᠬᠤ ᠶᠢ ᠵᠣᠷᠢᠭᠵᠢᠭᠤᠯᠤᠨ ᠳᠡᠮᠵᠢᠬᠦ ᠬᠡᠷᠡᠭᠳᠠᠢ᠃ ᠴᠠᠯᠢᠩ ᠢ | ᠵᠦᠶ ᠵᠣᠬᠢᠰᠲᠠᠶ ᠨᠡᠮᠡᠭᠳᠡᠭᠦᠯᠬᠦ ᠲᠣᠭᠲᠠᠴᠠ᠂ ᠬᠠᠮᠤᠭ ᠤᠨ ᠳᠤᠤᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ | ᠬᠢᠬᠦ ᠲᠣᠭᠲᠠᠴᠠ ᠪᠣᠯᠤᠨ ᠴᠠᠯᠢᠩ ᠥᠭᠬᠦ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ︽ᠥᠷᠢ ᠦᠭᠴᠡᠭᠡ ᠶᠢ | ᠠᠷᠢᠯᠭᠠᠬᠤ︾ ᠠᠵᠢᠯ ᠢ ᠬᠥᠳᠡᠯᠦᠩᠭᠦᠢ ᠪᠠᠷ ᠰᠠᠶᠢᠲᠤᠷ ᠬᠢᠬᠦ ᠬᠡᠷᠡᠭᠳᠠᠢ᠃ ︽ᠮᠢᠩᠭ᠎ᠠ ᠲᠦᠮᠡᠨ ᠢᠨᠵᠧᠨᠧᠷᠢᠩ︾ ᠤᠨ | ᠲᠤᠷᠰᠢᠯᠭ᠎ᠠ ᠶᠢ ᠰᠤᠷᠤᠯᠴᠠᠨ ᠳᠡᠯᠭᠡᠷᠡᠭᠦᠯᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠤᠨ᠂ ᠲᠥᠬᠦᠭᠡᠷᠦᠮᠵᠢᠲᠦ ᠲᠠᠷᠢᠶᠠᠯᠠᠩ ᠪᠠ ᠬᠠᠰᠢᠶᠠᠯᠠᠨ ᠲᠡᠵᠢᠭᠡᠬᠦ ᠶᠢ ᠶᠡᠭᠡ ᠪᠠᠷ | ᠬᠥᠭᠵᠢᠭᠦᠯᠵᠦ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠂ ᠮᠠᠯᠴᠢᠨ | ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ᠬᠡᠷᠡᠭᠳᠠᠢ᠃ ᠠᠵᠢᠯ | ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ᠂ ᠪᠡᠯᠡ ᠮᠥᠩᠭᠦ ᠴᠤᠭᠯᠠᠭᠤᠯᠬᠤ ᠪᠠᠷ ᠬᠥᠳᠡᠯᠮᠦᠷᠢ ᠬᠦᠴᠦ ᠶᠢ | ᠣᠷᠣᠯᠠᠭᠤᠯᠬᠤ᠂ ᠦᠢᠯᠡᠳᠪᠦᠷᠢᠯᠡᠯ ᠤᠨ ᠱᠠᠩᠨᠠᠯ ᠨᠥᠬᠦᠪᠥᠷᠢ ᠥᠭᠬᠦ᠂ ᠬᠥᠳᠡᠯᠮᠦᠷᠢ ᠬᠦᠴᠦᠨ ᠳᠤ ᠨᠥᠬᠦᠪᠥᠷᠢ ᠥᠭᠬᠦ | ᠵᠡᠷᠭᠡ ᠲᠣᠭᠲᠠᠴᠠ ᠶᠢ ᠰᠠᠶᠢᠵᠢᠷᠠᠭᠤᠯᠤᠨ ᠲᠡᠭᠦᠯᠳᠡᠷᠵᠢᠭᠦᠯᠵᠦ᠂ ᠤᠯᠠᠨ ᠲᠦᠮᠡᠨ ᠢ ᠨᠡᠩ ᠴᠢᠩᠭ᠎ᠠ ᠡᠵᠡᠨ ᠬᠥᠮᠦᠨ ᠤ | ᠤᠬᠠᠮᠰᠠᠷ ᠢᠶᠠᠷ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠬᠤᠳᠠ | ᠪᠠᠯᠭᠠᠰᠤᠨ ᠤ ᠪᠦᠳᠦᠭᠡᠨ ᠪᠠᠶᠢᠭᠤᠯᠤᠯᠲᠠ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠡᠯ᠎ᠡ | ᠵᠦᠢᠯ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃ | ︵ᠠᠷᠪᠠᠨ ᠲᠠᠪᠤ︶ ᠰᠤᠷᠭᠠᠨ ᠬᠥᠮᠦᠵᠢᠯ ᠡᠮ ᠡᠮᠨᠡᠯᠭᠡ ᠨᠠᠰᠤᠵᠢᠯ ᠤᠨ ᠠᠰᠠᠷᠠᠮᠵᠢ ᠶᠢᠨ ᠦᠢᠯᠡᠰ ᠢ ᠰᠠᠶᠢᠲᠤᠷ | ᠡᠷᠬᠢᠯᠡᠬᠦ ᠬᠡᠷᠡᠭᠳᠠᠢ᠃ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠵᠣᠬᠢᠶᠠᠨ ᠪᠠᠶᠢᠭᠤᠯᠵᠤ | ᠤᠳᠤᠷᠢᠳᠬᠤ᠂ ᠬᠥᠭᠵᠢᠭᠦᠯᠬᠦ ᠲᠥᠯᠥᠪᠵᠢᠭᠦᠯᠭᠡ᠂ ᠡᠬᠢ ᠪᠠᠶᠠᠯᠢᠭ ᠤᠨ ᠪᠠᠲᠤᠯᠠᠭ᠎ᠠ᠂ ᠵᠠᠷᠤᠳᠠᠯ ᠤᠨ | ᠣᠷᠣᠭᠤᠯᠤᠯᠲᠠ ᠶᠢᠨ ᠲᠠᠯ᠎ᠠ ᠪᠠᠷ ᠡᠷᠴᠢᠮ ᠢᠶᠠᠨ ᠴᠢᠩᠭᠠᠷᠠᠭᠤᠯᠵᠤ᠂ ᠰᠤᠷᠭᠠᠨ ᠬᠥᠮᠦᠵᠢᠯ ᠤᠨ ᠬᠤᠳᠠ ᠬᠥᠳᠡᠭᠡ᠂ | ᠣᠷᠣᠨ ᠪᠦᠰᠡ᠂ ᠰᠤᠷᠭᠠᠭᠤᠯᠢ ᠶᠢᠨ ᠬᠤᠭᠤᠷᠤᠨᠳᠤᠬᠢ ᠵᠥᠷᠢᠶ᠎ᠠ ᠶᠢ ᠬᠦᠴᠦᠯᠡᠨ ᠪᠠᠭᠠᠰᠬᠠᠵᠤ᠂ ᠡᠯ᠎ᠡ ᠱᠠᠲᠤᠨ ᠤ ᠡᠯ᠎ᠡ | ᠲᠦᠷᠦᠯ ᠤᠨ ᠰᠤᠷᠭᠠᠨ ᠬᠥᠮᠦᠵᠢᠯ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠲᠣᠭᠠᠴᠢᠯᠠᠭᠰᠠᠨ ᠰᠤᠷᠭᠠᠨ | ᠬᠥᠮᠦᠵᠢᠯ ᠢ ᠢᠳᠡᠪᠬᠢᠲᠡᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢᠨ | ᠲᠣᠭᠤᠷᠢᠨ ᠳᠤ ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠥᠮᠦᠵᠢᠭᠦᠯᠬᠦ ᠬᠡᠷᠡᠭᠳᠠᠢ᠃ ᠴᠢᠨᠠᠷ | ᠰᠠᠶᠢᠲᠠᠶ ᠡᠮ ᠡᠮᠨᠡᠯᠭᠡ ᠶᠢᠨ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠭᠡᠬᠦ ᠪᠠ ᠣᠷᠣᠨ ᠪᠦᠰᠡ ᠶᠢ | ᠲᠡᠩᠴᠡᠭᠦᠷᠢᠲᠡᠶ ᠪᠠᠶᠢᠷᠢᠯᠠᠭᠤᠯᠬᠤ ᠶᠢ ᠠᠬᠢᠭᠤᠯᠵᠤ᠂ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ | ᠶᠡᠷᠦᠩᠬᠡᠶᠢᠯᠡᠭᠰᠡᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ︽ᠢᠨᠲ᠋ᠧᠷ ᠰᠦᠯᠵᠢᠶ᠎ᠡ + ᠡᠮ ᠡᠮᠨᠡᠯᠭᠡ | ᠡᠷᠡᠭᠦᠯ ᠮᠡᠨᠳᠦ︾ ᠶᠢ ᠳᠡᠯᠭᠡᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠲᠡᠭᠦᠯᠳᠡᠷᠵᠢᠭᠦᠯᠦ᠋ᠨ᠂ | ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ | ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠳᠦᠭᠦᠮ᠂ ᠡᠪᠡᠳᠴᠢᠨ ᠦᠵᠡᠭᠦᠯᠵᠤ ᠳᠡᠶᠢᠯᠬᠦ ᠶᠢ ᠪᠠᠲᠤᠯᠠᠬᠤ | ᠬᠡᠷᠡᠭᠳᠠᠢ᠃ ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠶᠡᠭᠡ ᠪᠠᠷ | ᠬᠥᠭᠵᠢᠭᠦᠯᠵᠦ᠂ ᠨᠡᠶᠢᠭᠡᠮ ᠲᠣᠭᠤᠷᠢᠭ ᠤᠨ ᠨᠠᠰᠤᠵᠢᠯ ᠳᠤ ᠳᠣᠭᠢᠷᠠᠬᠤ ᠦᠭᠡᠷᠡᠴᠢᠯᠡᠯᠲᠡ ᠶᠢ ᠲᠡᠭᠦᠯᠳᠡᠷᠵᠢᠭᠦᠯᠦᠨ᠂ | ᠮᠠᠯᠵᠢᠬᠤ ᠲᠠᠷᠢᠶᠠᠯᠠᠬᠤ ᠣᠷᠣᠨ ᠤ ᠪᠣᠳᠠᠲᠠᠶ ᠳᠤ ᠨᠡᠶᠢᠴᠡᠭᠰᠡᠨ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠢ ᠬᠥᠭᠵᠢᠭᠦᠯᠵᠦ᠂ ᠨᠠᠰᠤᠵᠢᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ | ᠂ ᠠᠳᠠᠯᠢ ᠪᠤᠰᠤ ᠨᠠᠰᠤᠳᠠᠶᠢᠴᠤᠳ ᠲᠤ ᠴᠢᠭᠯᠡᠭᠦᠯᠦᠨ ᠲᠥᠷᠥᠯ ᠬᠤᠪᠢᠶᠠᠨ ᠨᠠᠰᠤᠵᠢᠯ ᠤᠨ ᠪᠠᠲᠤᠯᠠᠭ᠎ᠠ᠂ | ᠠᠮᠢᠳᠤᠷᠠᠯ ᠤᠨ ᠬᠠᠷᠠᠭᠠᠯᠵᠠᠯ᠂ ᠡᠷᠡᠭᠦᠯᠵᠢᠯ ᠤᠨ ᠰᠤᠪᠢᠯᠠᠯᠲᠠ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ | ᠲᠣᠬᠢᠷᠠᠮᠵᠢᠲᠠᠶ ᠦᠢᠯᠡᠴᠢᠯᠡᠭᠡᠨ ᠢ ᠬᠠᠩᠭᠠᠵᠤ᠂ ᠪᠥᠬᠦ ᠨᠠᠰᠤᠳᠠᠶᠢᠴᠤᠳ ᠲᠤ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠬᠦᠷᠲᠡᠭᠡᠬᠦ ᠶᠢ ᠪᠡᠶᠡᠯᠡᠭᠦᠯᠬᠦ ᠬᠡᠷᠡᠭᠳᠠᠢ᠃ | ︵ᠠᠷᠪᠠᠨ ᠵᠢᠷᠭᠤᠭ᠎ᠠ︶ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦ᠋ᠨ ᠲᠡᠭᠦᠯᠳᠡᠷᠵᠢᠭᠦᠯᠬᠦ | ᠬᠡᠷᠡᠭᠲᠡᠶ᠃ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠭᠡᠬᠦ ᠶᠢ ᠠᠬᠢᠭᠤᠯᠵᠤ᠂ ᠨᠡᠶᠢᠭᠡᠮ ᠤᠨ | ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠶᠢ ᠢᠳᠡᠪᠬᠢᠲᠡᠶ ᠠᠬᠢᠭᠤᠯᠬᠤ ᠬᠡᠷᠡᠭᠲᠡᠢ᠃ ᠡᠯ᠎ᠡ | ᠵᠦᠢᠯ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠲᠦᠢᠯ ᠤᠨ ᠣᠨᠣᠪᠴᠢᠲᠠᠶ ᠪᠠᠷ ᠨᠠᠶᠢᠳᠠᠪᠤᠷᠢᠵᠢᠭᠤᠯᠵᠤ᠂ | ᠣᠯᠠᠨ ᠲᠦᠮᠡᠨ ᠤ ᠭᠡᠨᠡᠳᠲᠡ ᠶᠢᠨ ᠴᠢᠨᠠᠷᠲᠠᠶ᠂ ᠲᠤᠯᠭᠠᠮ ᠴᠢᠨᠠᠷᠲᠠᠶ᠂ ᠲᠦᠷ ᠴᠠᠭ ᠤᠨ ᠴᠢᠨᠠᠷᠲᠠᠶ ᠦᠨᠳᠦᠰᠦᠨ | ᠠᠮᠢᠳᠤᠷᠠᠯ ᠤᠨ ᠬᠦᠴᠢᠷᠳᠡᠯ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ | ᠣᠷᠣᠨ ᠤ ᠬᠡᠷ ᠲᠡᠭᠡᠨ ᠬᠤᠴᠣᠷᠤᠭᠰᠠᠨ ᠬᠡᠦᠬᠡᠳ᠂ ᠡᠮᠡᠭᠲᠡᠶᠢᠴᠦᠳ᠂ ᠨᠠᠰᠤᠲᠠᠶᠢᠴᠤᠳ ᠵᠢᠴᠢ ᠬᠤᠲᠠ ᠶᠢᠨ | ᠬᠦᠴᠢᠷᠳᠡᠯᠲᠡᠶ ᠣᠯᠠᠨ ᠲᠦᠮᠡᠨ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠴᠢᠩᠭᠠᠳᠬᠠᠵᠤ᠂ ᠬᠦᠴᠢᠷᠳᠡᠯᠲᠡᠶ | ᠬᠥᠮᠦᠰ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠬᠦ ᠬᠡᠷᠡᠭᠲᠡᠢ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦ᠋ᠨ ᠥᠷᠭᠡᠳᠭᠡᠵᠦ᠂ | ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠲᠣᠭᠲᠡᠴᠡ ᠶᠢ ᠪᠦᠷᠢᠨᠰᠢᠬᠦᠯᠤᠨ᠂ ᠬᠡᠪᠴᠢᠶᠡᠵᠢᠯ ᠤᠨ ᠴᠢᠨᠠᠷᠲᠠᠢ | ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠦᠷᠡᠵᠢᠯ ᠤᠨ | ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠭᠡᠷ ᠪᠦᠯᠢ ᠶᠢᠨ ᠦᠷᠡᠵᠢᠯ ᠤᠨ | ᠰᠤᠷᠭᠠᠨ ᠬᠥᠮᠦᠵᠢᠯ ᠤᠨ ᠳᠠᠷᠤᠭᠠᠰᠤ ᠶᠢ ᠬᠥᠩᠭᠡᠷᠡᠭᠦᠯᠵᠦ᠂ ᠨᠥᠬᠦᠷᠰᠡᠭ ᠬᠡᠯᠪᠡᠷᠢ ᠶᠢᠨ ᠦᠷᠡᠵᠢᠯ ᠤᠨ ᠨᠡᠶᠢᠭᠡᠮ ᠢ | ᠪᠠᠶᠢᠭᠤᠯᠬᠤ ᠶᠢ ᠠᠬᠢᠭᠤᠯᠬᠤ ᠬᠡᠷᠡᠭᠲᠡᠢ᠃ | ᠲᠠᠪᠤ᠂ ᠬᠢᠯᠢ ᠬᠢᠵᠠᠭᠠᠷ ᠢ ᠮᠠᠨᠳᠤᠭᠤᠯᠬᠤ ᠬᠢᠯᠢ ᠬᠢᠵᠠᠭᠠᠷ ᠢ ᠲᠣᠭᠲᠠᠪᠤᠷᠢᠵᠢᠭᠤᠯᠬᠤ ᠬᠢᠯᠢ ᠬᠢᠵᠠᠭᠠᠷ ᠢ | ᠪᠠᠬᠢᠵᠢᠭᠦᠯᠬᠦ ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ ᠬᠢᠯᠢ ᠬᠢᠵᠠᠭᠠᠷ ᠢ ᠬᠦᠴᠦᠷᠬᠡᠭᠵᠢᠭᠦᠯᠬᠦ᠂ ᠬᠢᠯᠢ ᠬᠢᠵᠠᠭᠠᠷ ᠢ | ᠲᠣᠭᠲᠠᠪᠤᠷᠢᠵᠢᠭᠤᠯᠬᠤ᠂ ᠬᠢᠯᠢ ᠬᠢᠵᠠᠭᠠᠷ ᠢ ᠪᠠᠬᠢᠵᠢᠭᠦᠯᠬᠦ᠂ ᠬᠢᠯᠢ ᠬᠢᠵᠠᠭᠠᠷ ᠢ ᠪᠠᠶᠠᠵᠢᠭᠤᠯᠬᠤ᠂ ᠬᠢᠯᠢ ᠬᠢᠵᠠᠭᠠᠷ ᠢ ᠡᠶ᠎ᠡ | ᠵᠤᠬᠢᠴᠠᠩᠭᠤᠢ ᠪᠠᠶᠢᠯᠭᠠᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠬᠢᠯᠢ ᠶᠢᠨ ᠴᠡᠴᠡᠭᠯᠡᠯ | ᠬᠥᠭᠵᠢᠯ᠂ ᠬᠢᠯᠢ ᠶᠢᠨ ᠠᠷᠠᠳ ᠤᠨ ᠪᠦᠯᠬᠦᠮᠳᠡᠯ ᠵᠣᠯ ᠵᠢᠷᠭᠠᠯ᠂ ᠬᠢᠯᠢ ᠶᠢᠨ ᠬᠠᠮᠠᠭᠠᠯᠠᠯᠲᠠ ᠶᠢᠨ ᠠᠮᠤᠷ ᠲᠦᠪᠰᠢᠨ | ᠲᠣᠭᠲᠠᠭᠤᠨ ᠪᠠᠶᠢᠬᠤ ᠶᠢ ᠠᠬᠢᠭᠤᠯᠵᠤ᠂ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾᠂ ᠨᠡᠶᠢᠰᠯᠡᠯ ᠤᠨ ︽ | ᠬᠠᠮᠠᠭᠠᠯᠠᠯᠲᠠ ᠶᠢᠨ ᠭᠤᠤᠯ︾ ᠢ ᠡᠷᠡᠰ ᠰᠠᠶᠢᠲᠤᠷ ᠰᠠᠬᠢᠬᠤ ᠬᠡᠷᠡᠭᠲᠡᠢ᠃ | ︵ᠠᠷᠪᠠᠨ ᠳᠣᠯᠤᠭ᠎ᠠ︶ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ | ᠬᠡᠷᠡᠭᠲᠡᠢ᠃ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ | ᠬᠢᠯᠢ ᠶᠢ ᠪᠠᠬᠢᠵᠢᠭᠦᠯᠬᠦ ᠪᠠᠶᠢᠳᠠᠯ ᠢ ᠪᠡᠳᠤᠳᠬᠠᠵᠤ᠂ ᠬᠢᠯᠢ ᠶᠢᠨ ᠬᠠᠮᠠᠭᠠᠯᠠᠯᠲᠠ ᠶᠢᠨ ᠬᠠᠮᠢᠶᠠᠷᠤᠨ ᠡᠵᠡᠮᠳᠡᠬᠦ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ | ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠦᠨ᠂ ᠴᠡᠷᠢᠭ ᠵᠠᠰᠠᠭ ᠴᠡᠷᠢᠭ ᠠᠷᠠᠳ ᠤᠨ | ᠪᠦᠯᠬᠦᠮᠳᠡᠯ ᠢ ᠠᠬᠢᠭᠤᠯᠬᠤ ᠬᠡᠷᠡᠭᠲᠡᠢ᠃ ᠬᠢᠯᠢ ᠬᠢᠵᠠᠭᠠᠷ ᠣᠷᠣᠨ ᠤ ᠬᠥᠮᠦᠨ ᠠᠮᠠ ᠶᠢᠨ ︽ᠬᠥᠨᠳᠡᠶᠢᠷᠡᠯ︾ ᠤᠨ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠦᠷᠢᠶᠡᠴᠢᠯᠡᠭᠰᠡᠨ ᠪᠠ ᠣᠨᠣᠪᠴᠢᠯᠠᠭᠰᠠᠨ ᠨᠥᠬᠦᠪᠥᠷᠢ ᠶᠢᠨ ᠲᠥᠷᠥ ᠶᠢᠨ | ᠪᠣᠳᠣᠯᠭ᠎ᠠ ᠶᠢ ᠰᠤᠳᠤᠯᠤᠨ ᠨᠡᠶᠢᠲᠡᠯᠡᠬᠦ ᠬᠡᠷᠡᠭᠲᠡᠢ᠃ ︽ᠲᠣᠭᠠᠴᠢᠯᠠᠭᠰᠠᠨ ᠬᠢᠯᠢ ᠶᠢᠨ ᠬᠠᠮᠠᠭᠠᠯᠠᠯᠲᠠ︾᠂ ︽ᠣᠶᠤᠨᠴᠢ | ᠬᠢᠯᠢ ᠶᠢᠨ ᠬᠠᠮᠠᠭᠠᠯᠠᠯᠲᠠ︾ ᠶᠢᠨ ᠪᠠᠶᠢᠭᠤᠯᠤᠯᠲᠠ ᠶᠢ ᠠᠬᠢᠭᠤᠯᠵᠤ᠂ ᠠᠷᠠᠳ ᠤᠨ ᠰᠡᠷᠭᠡᠶᠢᠯᠡᠯᠲᠡ᠂ ᠪᠣᠳᠠᠰ ᠤᠨ | ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠬᠦ ᠬᠡᠷᠡᠭᠲᠡᠢ᠃ ︽ | ᠤᠰᠤ ᠴᠠᠬᠢᠯᠭᠠᠨ ᠵᠠᠮ ᠴᠢᠮᠡᠭᠡ ᠬᠤᠯᠪᠣᠭ᠎ᠠ︾ ᠵᠡᠷᠭᠡ ᠰᠠᠭᠤᠷᠢ ᠲᠥᠬᠦᠭᠡᠷᠦᠮᠵᠢ ᠶᠢ ᠴᠡᠷᠢᠭ ᠠᠩᠭᠢ ᠪᠠ ᠣᠷᠣᠨ | ᠨᠤᠲᠤᠭ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠵᠦ᠂ ᠬᠢᠯᠢ ᠳᠠᠭᠠᠤ ᠣᠷᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠪᠠ ᠴᠢᠬᠤᠯᠠ ᠶᠡᠭᠡ | ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠢᠯᠢ ᠬᠢᠵᠠᠭᠠᠷ ᠤᠷᠤᠨ ᠤ | ᠬᠤᠰᠢᠭᠤ ᠬᠤᠲᠠ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠲᠡᠳᠬᠦᠵᠦ᠂ ᠬᠢᠯᠢ | ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭᠠᠨ ᠤ ᠲᠥᠪ ᠬᠤᠲᠠ ᠪᠠᠯᠭᠠᠰᠤ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ | ︵ᠠᠷᠪᠠᠨ ᠨᠠᠢᠮᠠ︶ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠬᠤ ᠠᠵᠢᠯ ᠤᠨ | ᠰᠢᠰᠲ᠋ᠧᠮ ᠢ ᠪᠦᠷᠢᠨᠰᠢᠬᠦᠯᠵᠥ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠬᠤᠶᠠᠷ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠠᠵᠢᠯᠯᠠᠭᠠᠨ ᠢ ᠵᠢᠷᠤᠮᠵᠢᠭᠤᠯᠵᠤ᠂ ᠲᠣᠣᠷᠵᠢᠭᠤᠯᠤᠭᠰᠠᠨ ᠬᠠᠮᠢᠶᠠᠷᠤᠯᠲᠠ᠂ ᠨᠠᠷᠢᠯᠢᠬᠵᠢᠭᠤᠯᠤᠭᠰᠠᠨ | ᠦᠢᠯᠡᠴᠢᠯᠡᠭᠡ᠂ ᠮᠡᠳᠡᠭᠡ ᠵᠠᠩᠭᠢᠴᠢᠯᠠᠯᠲᠠ ᠪᠠᠷ ᠲᠤᠯᠭᠠᠭᠤᠷᠢᠯᠠᠭᠰᠠᠨ ᠦᠨᠳᠦᠰᠦᠨ ᠱᠠᠲᠤᠨ ᠤ ᠵᠠᠰᠠᠯᠲᠠ ᠶᠢᠨ | ᠲᠠᠪᠴᠠᠩ ᠢ ᠲᠡᠭᠦᠯᠳᠡᠷᠵᠢᠭᠦᠯᠬᠦ ᠬᠡᠷᠡᠭᠲᠡᠢ᠃ ᠨᠡᠶᠢᠭᠡᠮ ᠲᠣᠭᠤᠷᠢᠭ ᠤᠨ ᠵᠠᠰᠠᠯᠲᠠ ᠶᠢ ᠪᠤᠶᠢᠵᠢᠭᠤᠯᠤᠨ ᠬᠥᠭᠵᠢᠭᠦᠯᠬᠦ | ᠤᠯᠠᠨ ᠡᠰᠢᠲᠦ ᠭᠤᠤᠯ ᠴᠣᠭᠴᠠ ᠶᠢᠨ ᠢᠨᠵᠧᠨᠧᠷᠢᠩ ᠢ ᠬᠡᠷᠡᠭᠵᠢᠭᠦᠯᠬᠦ ᠬᠡᠷᠡᠭᠲᠡᠢ᠃ ᠨᠡᠶᠢᠭᠡᠮ ᠲᠣᠭᠤᠷᠢᠭ ᠤᠨ | ᠨᠡᠶᠢᠭᠡᠮ ᠤᠨ ᠠᠵᠢᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠪᠣᠯᠤᠨ ᠰᠠᠶᠢᠨ ᠳᠤᠷᠠᠴᠤᠳ ᠤᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠵᠢᠯᠲᠠᠳ ᠤᠨ ᠡᠷᠬᠡ ᠬᠠᠷᠢᠭᠤᠴᠠᠯᠭ᠎ᠠ ᠶᠢᠨ ᠨᠠᠷᠢᠨ | ᠲᠠᠩᠰᠠ ᠪᠣᠯᠤᠨ ᠴᠠᠯᠢᠩ ᠬᠥᠯᠥᠰᠦ ᠶᠢᠨ ᠪᠠᠲᠤᠯᠠᠭ᠎ᠠ ᠶᠢᠨ ᠲᠣᠭᠲᠡᠴᠡ ᠶᠢ ᠪᠦᠷᠢᠨᠰᠢᠭᠦᠯᠬᠦ ᠬᠡᠷᠡᠭᠲᠡᠢ᠃ ᠬᠤᠲᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠤ᠂ ︽ᠣᠯᠠᠨ ᠲᠠᠯ᠎ᠠ ᠶᠢᠨ ᠦᠨᠡᠯᠡᠯᠲᠡ︾ | ᠵᠡᠷᠭᠡ ᠣᠶᠤᠨᠴᠢ ᠵᠠᠰᠠᠯᠲᠠ ᠶᠢᠨ ᠲᠠᠪᠴᠠᠩ ᠤᠨ ᠵᠠᠭᠪᠤᠷ ᠢ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ ᠰᠢᠨ᠎ᠡ ᠴᠠᠭ | ᠦᠶ᠎ᠡ ᠶᠢᠨ ︽ᠹᠤᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠫᠦᠵᠢᠶᠠᠩ ᠤᠨ ᠲᠤᠷᠰᠢᠯᠭ᠎ᠠ︾ | ᠶᠢ ᠭᠦᠨᠵᠡᠭᠡᠶᠢᠷᠡᠭᠦᠯᠦᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠭᠡᠬᠦ ᠲᠦᠷᠢᠮ ᠢ ᠶᠡᠭᠡ ᠪᠠᠷ | ᠬᠡᠷᠡᠭᠵᠢᠭᠦᠯᠦᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠭᠡᠬᠦ᠂ ᠠᠰᠢᠭ ᠲᠤᠰᠠ ᠶᠢ ᠵᠣᠬᠢᠴᠠᠭᠤᠯᠬᠤ᠂ | ᠡᠷᠬᠡ ᠠᠰᠢᠭ ᠢ ᠪᠠᠲᠤᠯᠠᠬᠤ ᠵᠠᠮ ᠢ ᠰᠢᠯᠤᠭᠤᠳᠬᠠᠵᠤ ᠵᠢᠷᠤᠮᠵᠢᠭᠤᠯᠬᠤ ᠬᠡᠷᠡᠭᠲᠡᠢ᠃ | ᠵᠢᠷᠭᠤᠭ᠎ᠠ᠂ ᠬᠢᠯᠢ ᠬᠢᠵᠠᠭᠠᠷ ᠣᠷᠣᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ | ᠬᠤᠯᠪᠣᠯᠳᠤᠨ ᠨᠡᠪᠲᠡᠷᠡᠭᠦᠯᠬᠦ ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ ᠤᠯᠤᠰ ᠤᠨ ᠭᠠᠳᠠᠭᠠᠳᠤ ᠨᠡᠭᠡᠭᠡᠯᠲᠡ ᠶᠢᠨ | ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠣᠯᠠᠨ ᠤᠯᠤᠰ ᠤᠨ ᠰᠣᠯᠢᠯᠴᠠᠭ᠎ᠠ | ᠬᠠᠮᠲᠤᠷᠠᠯᠴᠠᠭ᠎ᠠ ᠪᠠ ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠬᠦᠷᠢᠶ᠎ᠡ ᠶᠢ | ᠢᠳᠡᠪᠬᠢᠲᠡᠶ ᠥᠷᠭᠡᠳᠭᠡᠵᠦ᠂ ᠨᠡᠭᠡᠭᠡᠯᠲᠡ ᠶᠢᠨ ᠲᠠᠰ ᠳᠠᠪᠬᠤᠷᠭ᠎ᠠ ᠪᠠ ᠬᠢᠷᠢ ᠲᠦᠪᠰᠢᠨ ᠢ ᠬᠦᠴᠦᠯᠡᠨ | ᠳᠡᠭᠡᠭᠰᠢᠯᠡᠭᠦᠯᠵᠦ᠂ ᠥᠪᠥᠷ ᠮᠣᠩᠭᠤᠯ ᠢ ᠳᠣᠲᠣᠭᠠᠳᠤ ᠭᠠᠳᠠᠭᠠᠳᠤ ᠶᠢ ᠬᠤᠯᠪᠣᠨ ᠡᠷᠬᠢᠨ ᠲᠣᠭᠤᠷᠢᠨ ᠢ ᠨᠥᠯᠥᠭᠡᠯᠡᠬᠦ᠂ | ᠡᠬᠢ ᠪᠠᠶᠠᠯᠢᠭ ᠢ ᠲᠥᠪᠯᠡᠷᠡᠭᠦᠯᠦᠨ ᠲᠠᠷᠬᠠᠭᠠᠬᠤ᠂ ᠴᠢᠬᠤᠯᠠ ᠡᠯᠧᠮᠧᠨ᠋ᠲ ᠢ ᠠᠭᠤᠰᠤᠯᠴᠠᠭᠤᠯᠤᠨ ᠨᠡᠪᠲᠡᠷᠡᠯᠴᠡᠭᠦᠯᠬᠦ | ᠪᠥᠬᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠪᠣᠯᠭᠠᠨ ᠪᠠᠶᠢᠭᠤᠯᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠤᠰ ᠣᠷᠴᠢᠯ ᠢ ᠬᠤᠯᠪᠣᠯᠳᠤᠨ ᠨᠡᠪᠲᠡᠷᠡᠭᠦᠯᠬᠦ ᠳᠤᠮᠳᠠ ᠨᠠᠩ ᠶᠡᠭᠡ ᠦᠢᠯᠡᠳᠦᠯ ᠦᠵᠡᠭᠦᠯᠬᠦ | ᠪᠤᠯᠭᠠᠬᠤ ᠬᠡᠷᠡᠭᠲᠡᠢ᠃ | ︵ᠠᠷᠪᠠ ᠶᠢᠰᠦ︶ ᠦᠵᠡᠯ ᠰᠠᠨᠠᠭᠠᠨ ᠤ ᠶᠡᠭᠡ ᠴᠢᠯᠦᠭᠡᠯᠡᠯᠲᠡ ᠪᠠ ᠦᠵᠡᠯᠲᠡ ᠶᠢᠨ ᠶᠡᠭᠡ ᠰᠢᠨᠡᠴᠢᠯᠡᠯᠲᠡ ᠶᠢ | ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠺᠠᠳ᠋ᠷ ᠢ ᠬᠥᠲᠥᠯᠦᠨ ᠵᠢᠯᠣᠭᠤᠳᠴᠤ ᠪᠠᠶᠢᠭᠠᠳ ᠳᠡᠯᠡᠬᠡᠢ ᠶᠢᠨ ᠬᠠᠷᠡᠴᠡ ᠪᠠ | ᠳᠡᠯᠡᠬᠡᠢ ᠶᠢᠨ ᠬᠠᠷᠠᠭᠠᠰᠤ ᠶᠢ ᠪᠤᠢ ᠪᠣᠯᠭᠠᠵᠤ᠂ ᠨᠡᠭᠡᠭᠡᠯᠲᠡᠲᠦ ᠬᠥᠭᠵᠢᠯᠲᠡ ᠶᠢᠨ ᠤᠬᠠᠮᠰᠠᠷ ᠢ ᠨᠢ ᠴᠢᠩᠭᠠᠳᠬᠠᠵᠤ᠂ | ᠲᠤᠬᠠᠢ ᠶᠢᠨ ᠭᠠᠵᠠᠷ ᠣᠷᠣᠨ ᠪᠠ ᠪᠠᠶᠢᠭᠠᠯᠢ ᠶᠢᠨ ᠨᠥᠬᠦᠴᠡᠯ ᠤᠨ ᠬᠢᠵᠠᠭᠠᠷᠯᠠᠯ ᠠᠴᠠ ᠳᠠᠪᠠᠵᠤ ᠬᠥᠭᠵᠢᠯᠲᠡ ᠶᠢ | ᠡᠷᠢᠯᠬᠢᠯᠡᠨ᠂ ᠨᠡᠩ ᠶᠡᠭᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠠᠴᠠ ᠪᠦᠬᠦ ᠲᠠᠯ᠎ᠠ ᠶᠢᠨ | ᠨᠡᠭᠡᠭᠡᠯᠲᠡ ᠶᠢ ᠠᠬᠢᠭᠤᠯᠵᠤ᠂ ᠣᠷᠣᠨ ᠪᠠᠶᠢᠷᠢ ᠶᠢᠨ ᠳᠠᠪᠠᠭᠤᠯᠢᠭ ᠢ ᠦᠨᠡᠨ ᠬᠦ ᠨᠡᠭᠡᠭᠡᠯᠲᠡᠲᠦ ᠳᠠᠪᠠᠭᠤᠯᠢᠭ᠂ | ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠲᠡᠷᠢᠭᠦᠨ ᠢ ᠡᠭᠦᠳᠬᠦ ᠪᠠᠷ ᠴᠢᠷᠮᠠᠶᠢᠬᠤ᠂ | ᠲᠡᠷᠢᠭᠦᠨ ᠤ ᠬᠢ ᠶᠢ ᠭᠦᠢᠴᠡᠬᠦ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ᠂ ︽ᠪᠢ ᠬᠥᠮᠦᠨ ᠢ ᠬᠦᠷᠬᠦ | ᠦᠭᠡᠢ︾ ᠭᠡᠬᠦ ᠪᠣᠳᠣᠯ᠂ ︽ᠬᠥᠭᠵᠢᠯᠲᠡ ᠶᠢᠨ ᠲᠠᠯ᠎ᠠ ᠪᠠᠷ ᠳᠡᠩᠳᠡᠭᠦᠦ ᠶᠠᠭᠠᠷᠠᠵᠤ ᠪᠣᠯᠬᠤ ᠦᠭᠡᠢ︾ ᠭᠡᠬᠦ ᠪᠤᠳᠤᠯ᠂ | ︽ᠶᠠᠪᠤᠴᠠ ᠶᠢ ᠴᠢᠬᠤᠯᠠᠴᠢᠯᠠᠭᠠᠳ ᠦᠷ᠎ᠡ ᠳ᠋ᠦᠩ ᠢ ᠴᠢᠬᠤᠯᠠᠴᠢᠯᠠᠬᠤ ᠦᠭᠡᠢ︾ ᠤᠬᠠᠮᠰᠠᠷ᠂ ︽ᠡᠮ ᠤᠨ ᠵᠣᠷ | ᠦᠭᠡᠢ ᠪᠣᠯ ᠡᠮ ᠥᠭᠬᠦ ᠵᠣᠷᠢᠭ ᠦᠭᠡᠢ︾ ᠬᠢᠳᠡᠯ᠂ ︽ᠨᠢᠳᠤᠨ ᠡᠮᠦᠨᠡᠬᠢ ᠪᠠᠨ ᠬᠠᠷᠠᠭᠠᠳ ᠬᠤᠯᠠ ᠶᠢ ᠬᠠᠷᠠᠬᠤ | ᠦᠭᠡᠢ︾ ᠰᠡᠳᠭᠢᠬᠦᠶ᠂ ︽ᠨᠠᠷᠢᠨ ᠵᠦᠢᠯ ᠢ ᠶᠠᠷᠢᠬᠤ ᠦᠭᠡᠢ᠂ ᠪᠠᠷᠤᠭ ᠲᠥᠯᠥᠪ ᠲᠠᠢ ᠪᠣᠯ ᠪᠣᠯᠴᠢᠬᠠᠨ᠎ᠠ︾ ᠭᠡᠬᠦ | ᠰᠡᠳᠭᠢᠯᠭᠡ᠂ ︽ᠦᠢᠯᠡᠳᠪᠦᠷᠢᠯᠡᠯ ᠢ ᠴᠢᠬᠤᠯᠠᠴᠢᠯᠠᠵᠤ ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠪᠠᠨ | ᠲᠠᠶᠠᠭᠳᠠᠵᠤ᠂ ︽ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ︾᠂ ︽ | ᠪᠠᠶᠢᠭᠤᠯᠤᠮᠵᠢ ᠲᠣᠭᠲᠡᠴᠡ ᠶᠢ ᠰᠢᠯᠤᠭᠤᠳᠬᠠᠨ ᠲᠡᠭᠦᠯᠳᠡᠷᠵᠢᠭᠦᠯᠬᠦ ᠪᠣᠯ ᠳᠠᠷᠤᠢ ᠦᠢᠯᠡᠳᠪᠦᠷᠢᠯᠡᠯ ᠤᠨ ᠬᠦᠴᠦᠨ ᠢ | ᠴᠢᠯᠦᠭᠡᠯᠡᠨ ᠬᠥᠭᠵᠢᠭᠦᠯᠬᠦ ᠶᠠᠪᠤᠳᠠᠯ ᠪᠣᠯᠤᠨ᠎ᠠ︾᠂ ︽ᠠᠷᠪᠢᠯᠠᠨ ᠭᠠᠮᠨᠠᠬᠤ ᠪᠣᠯ ᠳᠠᠷᠤᠢ ᠨᠡᠮᠡᠭᠳᠡᠯ ᠮᠦᠨ᠂ ᠳᠠᠷᠤᠢ | ᠬᠥᠭᠵᠢᠯᠲᠡ ᠮᠥᠨ︾᠂ ︽ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠨᠢ ᠴᠦ ᠨᠡᠭᠡᠭᠡᠯᠳᠡ ᠬᠢᠬᠦ | ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠴᠢᠩᠭᠠᠳᠬᠠᠵᠤ᠂ ᠠᠵᠢᠯ ᠦᠢᠯᠡᠰ ᠤᠨ ᠬᠥᠭᠵᠢᠯᠲᠡ ᠶᠢ ᠵᠣᠷᠢᠭᠲᠠᠶ | ᠪᠦᠲᠦᠭᠡᠯᠴᠢ ᠴᠢᠨᠠᠷᠲᠠᠢ ᠪᠠᠷ ᠠᠬᠢᠭᠤᠯᠬᠤ ᠬᠡᠷᠡᠭᠲᠡᠶ᠃ | ︵ᠬᠤᠷᠢ︶ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠨᠡᠩ ᠰᠠᠶᠢᠲᠤᠷ ᠠᠭᠤᠰᠤᠯᠴᠠᠬᠤ | ᠬᠡᠷᠡᠭᠲᠡᠢ᠃ ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ | ᠪᠡᠭᠡᠵᠢᠩ ᠲᠢᠶᠠᠨᠵᠢᠨ ᠾᠤᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ | ᠲᠤᠮᠤ ᠪᠤᠯᠤᠩ ᠤᠨ ᠣᠷᠣᠨ ᠪᠠ ᠵᠡᠭᠦᠨ ᠬᠤᠶᠢᠲᠤ ᠶᠢᠨ ᠭᠤᠷᠪᠠᠨ ᠮᠤᠵᠢ ᠯᠤᠭ᠎ᠠ ᠶᠢᠨ ᠬᠤᠯᠪᠣᠯᠳᠤᠨ ᠨᠡᠪᠲᠡᠷᠡᠯᠴᠡᠬᠦ ᠶᠢ | ᠴᠢᠩᠭᠠᠳᠬᠠᠵᠤ᠂ ᠲᠡᠷᠢᠭᠦᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠬᠦᠯᠢᠶᠡᠨ ᠠᠪᠴᠤ᠂ ᠰᠢᠨ᠎ᠡ ᠶᠢ | ᠡᠭᠦᠳᠦᠨ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠶᠢ ᠥᠷᠨᠢᠭᠦᠯᠵᠦ᠂ ᠣᠷᠣᠨ ᠤ | ᠳᠣᠲᠣᠷᠠᠬᠢ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ | ᠦᠷᠲᠡᠭ ᠤᠨ ᠬᠡᠯᠬᠢᠶ᠎ᠡ ᠶᠢ ᠪᠦᠬᠦ ᠤᠯᠤᠰ ᠤᠨ ᠲᠤᠮᠤ ᠵᠠᠬ᠎ᠠ ᠳᠡᠯᠭᠡᠭᠦᠷ ᠯᠦᠭᠡ ᠪᠦᠬᠦ ᠲᠠᠯ᠎ᠠ ᠪᠠᠷ ᠵᠣᠯᠭᠠᠯᠳᠤᠭᠤᠯᠤᠨ᠂ | ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠪᠦᠬᠦ ᠲᠠᠯ᠎ᠠ ᠶᠢᠨ | ᠬᠠᠮᠵᠢᠯᠴᠠᠭ᠎ᠠ ᠶᠢ ᠴᠢᠩᠭᠠᠳᠬᠠᠨ᠂ ᠨᠡᠶᠢᠰᠯᠡᠯ ᠳᠤ ᠨᠡᠩ ᠣᠯᠠᠨ ᠪᠣᠬᠢᠷᠲᠤᠯ ᠦᠭᠡᠶ ᠡᠨᠧᠷᠭᠢ ᠪᠣᠯᠤᠨ ᠪᠣᠬᠢᠷᠲᠤᠯ ᠦᠭᠡᠶ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠬᠠᠩᠭᠠᠬᠤ ᠪᠠᠷ ᠴᠢᠷᠮᠠᠶᠢᠵᠤ᠂ ᠨᠡᠶᠢᠰᠯᠡᠯ ᠤᠨ ᠨᠡᠩ ᠣᠯᠠᠨ | ᠡᠬᠢ ᠪᠠᠶᠠᠯᠢᠭ ᠪᠣᠯᠤᠨ ᠴᠢᠬᠤᠯᠠ ᠬᠦᠴᠦᠨ ᠵᠦᠢᠯ ᠢ ᠢᠳᠡᠪᠬᠢᠲᠡᠶ ᠪᠠᠷ ᠲᠠᠲᠠᠵᠤ ᠥᠪᠥᠷ ᠮᠣᠩᠭᠤᠯ ᠤᠨ ᠨᠡᠭᠡᠭᠡᠯᠲᠡ | ᠬᠢᠵᠦ ᠪᠦᠲᠦᠭᠡᠨ ᠪᠠᠶᠢᠭᠤᠯᠬᠤ ᠳᠤ ᠣᠷᠣᠯᠴᠠᠭᠤᠯᠬᠤ ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠳᠦᠬᠡᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠭᠠᠳᠠᠭᠠᠳᠤ ᠨᠡᠬᠡᠬᠡᠯᠳᠡ ᠶᠢᠨ ᠳᠤᠮᠳᠠ ᠠᠽᠢᠶ᠎ᠠ᠂ ᠵᠡᠭᠦᠨ | ᠬᠤᠶᠢᠲᠤ ᠠᠽᠢᠶ᠎ᠠ ᠴᠢᠨᠠᠭᠰᠢᠯᠠᠪᠠᠯ ᠧᠦ᠋ᠷᠣᠫᠠ ᠲᠢᠪ ᠪᠣᠯᠤᠨ ᠪᠦᠬᠦ ᠳᠡᠯᠡᠬᠡᠢ ᠳᠤ ᠥᠷᠭᠡᠵᠢᠬᠦ ᠶᠢ ᠠᠬᠢᠭᠤᠯᠵᠤ᠂ | ᠥᠨᠳᠥᠷ ᠲᠦᠪᠰᠢᠨ ᠪᠦᠬᠦᠢ ᠭᠠᠳᠠᠭᠠᠳᠤ ᠨᠡᠬᠡᠬᠡᠯᠳᠡ ᠶᠢᠨ ᠳᠤᠮᠳᠠ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ | ᠠᠬᠢᠭᠤᠯᠬᠤ ᠬᠡᠷᠡᠭᠲᠡᠢ᠃ | ︵ᠬᠤᠷᠢᠨ ᠨᠢᠭᠡ︶ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠬᠦ | ᠬᠡᠷᠡᠭᠲᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠡᠷᠡᠭ ᠲᠤ | ᠬᠤᠯᠪᠣᠭᠳᠠᠭᠰᠠᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠥᠭᠡᠷᠡᠴᠢᠯᠡᠯᠲᠡ ᠶᠢ ᠠᠬᠢᠭᠤᠯᠵᠤ᠂ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠶᠢ ᠬᠥᠭᠵᠢᠭᠡᠨ ᠪᠠᠳᠠᠷᠠᠭᠤᠯᠵᠤ᠂ ᠬᠤᠳᠠᠯᠳᠤᠭᠠᠴᠢᠨ ᠢ ᠬᠦᠨᠳᠦᠳᠭᠡᠨ | ᠬᠤᠳᠠᠯᠳᠤᠭᠠᠴᠢᠨ ᠢ ᠳᠣᠲᠣᠨᠣᠴᠢᠯᠠᠬᠤ᠂ ᠬᠤᠳᠠᠯᠳᠤᠭᠠᠴᠢᠨ ᠢ ᠠᠮᠤᠷᠵᠢᠭᠤᠯᠤᠨ ᠬᠤᠳᠠᠯᠳᠤᠭᠠᠴᠢᠨ ᠳᠤ ᠲᠥᠬᠦᠮ | ᠦᠵᠡᠭᠦᠯᠬᠦ ᠠᠵᠢᠯ ᠢ ᠰᠠᠶᠢᠲᠤᠷ ᠬᠢᠵᠦ᠂ ᠳᠣᠲᠣᠨᠣ ᠴᠢᠬᠡᠴᠢ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ | ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠪᠣᠶ ᠪᠣᠯᠭᠠᠬᠤ ᠬᠡᠷᠡᠭᠲᠡᠢ᠃ ︽ᠪᠣᠭᠤᠮᠢ ᠪᠤᠯᠵᠤ ᠪᠠᠶᠢᠭ᠎ᠠ︾ ᠰᠠᠭᠤᠷᠢ ᠲᠥᠬᠦᠭᠡᠷᠦᠮᠵᠢ ᠶᠢᠨ | ᠳᠤᠲᠠᠭᠤᠳᠠᠯ ᠢ ᠴᠢᠩᠭ᠎ᠠ ᠠᠩᠬᠠᠷᠴᠤ᠂ ᠵᠠᠮ ᠬᠠᠷᠢᠯᠴᠠᠭ᠎ᠠ᠂ ᠪᠠᠷᠠᠭᠠᠨ ᠤ ᠭᠦᠢᠯᠭᠡᠭᠡ ᠵᠡᠷᠭᠡ ᠲᠥᠬᠦᠭᠡᠷᠦᠮᠵᠢ ᠶᠢᠨ | ᠰᠦᠯᠵᠢᠶ᠎ᠡ ᠬᠤᠯᠪᠣᠬᠤ᠂ ᠰᠦᠯᠵᠢᠶ᠎ᠡ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ ᠶᠢ ᠠᠬᠢᠭᠤᠯᠵᠤ᠂ ᠮᠤᠵᠢ | ᠠᠯᠤᠰᠯᠠᠭᠰᠠᠨ ᠬᠢᠯᠢ ᠠᠯᠤᠰᠯᠠᠭᠰᠠᠨ᠂ ᠬᠤᠯᠪᠣᠯᠳᠤᠨ ᠨᠡᠪᠲᠡᠷᠡᠯᠴᠡᠬᠦ ᠰᠠᠭᠤᠷᠢ ᠲᠥᠬᠦᠭᠡᠷᠦᠮᠵᠢ ᠶᠢᠨ ᠲᠣᠣᠷ | ᠰᠦᠯᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ | ᠲᠤᠯᠤᠭ᠎ᠠ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠨᠠᠮ ᠤᠨ ᠰᠢᠯᠢᠳᠡᠭ ᠤᠯᠠᠮᠵᠢᠯᠠᠯ ᠪᠣᠯᠤᠨ ᠰᠤᠷᠲᠠᠯ ᠢ ᠤᠯᠠᠮᠵᠢᠯᠠᠨ ᠪᠠᠳᠠᠷᠠᠭᠤᠯᠵᠤ᠂ ᠡᠪᠳᠡᠬᠦ | ᠪᠠᠶᠢᠭᠤᠯᠬᠤ ᠶᠢ ᠵᠡᠷᠭᠡ ᠪᠠᠷ ᠠᠳᠬᠤᠵᠤ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠵᠦ᠂ ᠥᠷᠭᠡᠨ ᠤᠯᠠᠨ | ᠺᠠᠳ᠋ᠷ ᠤᠯᠠᠨ ᠲᠦᠮᠡᠨ ᠤ ᠡᠭᠦᠷᠢᠳᠡ ᠦᠯᠦ ᠴᠠᠯᠠᠭᠠᠶᠢᠷᠠᠬᠤ ᠤᠶᠤᠨ ᠰᠠᠨᠠᠭᠠᠨ ᠤ ᠳᠦᠷᠰᠦ ᠪᠠᠶᠢᠳᠠᠯ᠂ ᠴᠤᠴᠠᠯᠲᠠ | ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠥᠷ ᠮᠣᠩᠭᠤᠯ ᠤᠨ ᠦᠢᠯᠡᠳᠦᠯᠭᠡ ᠳᠤ ᠣᠷᠣᠯᠴᠠᠵᠤ᠂ ᠰᠠᠶᠢᠨ ᠰᠤᠷᠲᠠᠯ ᠰᠠᠶᠢᠨ ᠲᠦᠷᠢ | ᠲᠥᠷᠬᠦ ᠪᠠᠷ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠶᠢ | ᠠᠬᠢᠭᠤᠯᠬᠤ ᠬᠡᠷᠡᠭᠲᠡᠢ᠃ | ︵ᠬᠤᠷᠢᠨ ᠬᠤᠶᠠᠷ︶ ᠪᠣᠳᠠᠲᠠᠢ ᠶᠢ ᠡᠷᠬᠢᠮᠯᠡᠬᠦ ᠰᠤᠷᠲᠠᠯ ᠢ ᠶᠡᠭᠡ ᠪᠠᠷ ᠪᠠᠳᠠᠷᠠᠭᠤᠯᠬᠤ ᠬᠡᠷᠡᠭᠲᠡᠢ᠃ ᠺᠠᠳ᠋ᠷ ᠢ | ᠵᠣᠷᠢᠭᠵᠢᠭᠤᠯᠤᠨ ᠤᠷᠮᠠᠰᠢᠭᠤᠯᠬᠤ᠂ ᠠᠯᠳᠠᠭ᠎ᠠ ᠪᠤᠷᠤᠭᠤ ᠶᠢ ᠠᠭᠤᠴᠢᠯᠠᠨ ᠵᠠᠯᠠᠷᠠᠭᠤᠯᠬᠤ᠂ ᠳᠠᠪᠰᠢᠵᠤ ᠪᠠᠭᠤᠵᠤ ᠪᠦᠷ | ᠪᠣᠯᠬᠤ ᠵᠡᠷᠭᠡ ᠲᠣᠭᠲᠡᠴᠡ ᠶᠢ ᠲᠡᠭᠦᠯᠳᠡᠷᠵᠢᠭᠦᠯᠵᠦ᠂ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ | ᠳᠡᠭᠡᠭᠰᠢᠯᠡᠭᠦᠯᠬᠦ︾ ᠶᠢ ᠶᠡᠭᠡ ᠪᠠᠷ ᠠᠬᠢᠭᠤᠯᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ | ᠪᠠᠶᠢᠬᠤ ᠠᠰᠠᠭᠤᠳᠠᠯ ᠢ ᠲᠦᠷᠭᠡᠳᠭᠡᠨ ᠴᠡᠭᠴᠡᠯᠡᠨ ᠵᠠᠰᠠᠵᠤ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ | ᠢᠯᠠᠩᠭᠤᠶ᠎ᠠ ᠤᠳᠤᠷᠢᠳᠬᠤ ᠺᠠᠳ᠋ᠷᠴᠤᠳ ᠢ ᠬᠥᠲᠥᠯᠦᠨ ᠵᠢᠯᠣᠭᠤᠳᠴᠤ ᠪᠠᠶᠢᠭᠠᠳ ᠠᠰᠠᠭᠤᠳᠠᠯ ᠢ ᠰᠶᠢᠳᠪᠦᠷᠢᠯᠡᠬᠦ | ᠰᠡᠳᠭᠢᠬᠦᠶ ᠶᠢ ᠨᠢ ᠴᠢᠩᠭᠠᠷᠠᠭᠤᠯᠵᠤ᠂ ᠳᠠᠩᠰᠠ ᠮᠡᠳᠡᠭᠦᠯᠬᠦ ᠤᠬᠠᠮᠰᠠᠷ᠂ ᠬᠠᠷᠢᠭᠤᠯᠲᠠ ᠶᠢᠨ ᠬᠠᠭᠤᠳᠠᠰᠤ ᠲᠤᠰᠢᠶᠠᠬᠤ | ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢ ᠨᠢ ᠴᠢᠩᠭᠠᠷᠠᠭᠤᠯᠬᠤ ᠬᠡᠷᠡᠭᠲᠡᠢ᠃ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠡᠴᠡ ᠶᠢ ᠪᠦᠷᠢᠨᠰᠢᠭᠦᠯᠵᠦ᠂ ᠪᠢᠴᠢᠭ | ᠮᠠᠲ᠋ᠧᠷᠢᠶᠠᠯ ᠬᠤᠷᠠᠯ ᠴᠤᠭᠯᠠᠭ᠎ᠠ ᠤᠯᠠᠳᠠᠬᠤ᠂ ᠡᠬᠡ ᠲᠠᠩᠰᠠ ᠬᠡᠳᠦ ᠤᠯᠠᠳᠠᠬᠤ᠂ ᠬᠡᠪ ᠣᠷᠣᠮ ᠢ ᠬᠡᠳᠦ ᠦᠯᠡᠳᠡᠭᠡᠬᠦ | ᠵᠡᠷᠭᠡ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠲᠣᠪᠤᠶᠢᠮ᠎ᠠ ᠠᠰᠠᠭᠤᠳᠠᠯ ᠢ ᠦᠷᠭᠦᠯᠵᠢᠯᠡᠨ ᠰᠢᠶ᠋ᠳᠪᠦᠷᠢᠯᠡᠬᠦ | ᠬᠡᠷᠡᠭᠲᠡᠢ᠃ | ︵ᠬᠤᠷᠢᠨ ᠭᠤᠷᠪᠠ︶ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠬᠤ ᠬᠡᠷᠡᠭᠲᠡᠢ᠃ ᠠᠷᠢᠭᠤᠨ ᠴᠢᠬᠡᠴᠢ | ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠢᠯᠠᠩᠭᠤᠶ᠎ᠠ | ᠤᠳᠤᠷᠢᠳᠬᠤ ᠺᠠᠳ᠋ᠷᠴᠤᠳ ᠢ ᠬᠦᠮᠦᠵᠢᠭᠦᠯᠦᠨ ᠵᠢᠯᠣᠭᠤᠳᠴᠤ ᠪᠠᠶᠢᠭᠠᠳ ᠵᠥᠪ ᠡᠷᠬᠡ ᠶᠢᠨ ᠦᠵᠡᠯᠲᠡ᠂ ᠠᠵᠢᠯ ᠤᠨ | ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠣᠨᠴᠠ ᠡᠷᠬᠡ ᠶᠢᠨ | ᠦᠵᠡᠯ ᠰᠠᠨᠠᠭ᠎ᠠ ᠪᠠ ᠣᠨᠴᠠ ᠡᠷᠬᠡ ᠶᠢᠨ ᠦᠢᠯᠡ ᠠᠵᠢᠯᠯᠠᠭ᠎ᠠ ᠶᠢ ᠬᠦᠴᠦᠯᠡᠨ ᠠᠷᠢᠯᠭᠠᠵᠤ᠂ ᠦᠵᠡᠯ ᠰᠠᠨᠠᠭᠠᠨ ᠤ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠂ ᠬᠠᠤᠯᠢ ᠴᠠᠭᠠᠵᠠ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ | ᠪᠠᠲᠤ ᠰᠠᠬᠢᠵᠤ᠂ ᠡᠪ ᠬᠠᠮᠲᠤᠴᠤᠳ ᠤᠨ ᠢᠯᠵᠠᠷᠠᠯ ᠢ ᠡᠰᠡᠷᠭᠦᠴᠡᠬᠦ᠂ ᠡᠭᠦᠷᠢᠳᠡ ᠦᠯᠦ ᠢᠯᠵᠠᠷᠠᠬᠤ ᠤᠯᠤᠰ | ᠲᠦᠷᠦ ᠶᠢᠨ ᠤᠤᠷ ᠴᠢᠨᠠᠷ ᠢᠶᠠᠨ ᠡᠭᠦᠷᠢᠳᠡ ᠪᠠᠲᠤᠯᠠᠬᠤ ᠬᠡᠷᠡᠭᠲᠡᠢ᠃ ︽ᠢᠯᠵᠠᠷᠠᠬᠤ ᠠᠴᠠ ᠵᠢᠷᠦᠬᠡᠰᠢᠶᠡᠬᠦ᠂ | ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ︾ ᠪᠠᠶᠢᠬᠤ ᠶᠢ ᠨᠢᠭᠡ ᠴᠣᠭᠴᠠᠵᠢᠭᠤᠯᠤᠨ | ᠠᠬᠢᠭᠤᠯᠬᠤ ᠶᠢ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠯᠲᠠ ᠪᠠᠷ ᠭᠤᠤᠯ ᠤᠳᠤᠷᠢᠳᠤᠮᠵᠢ | ᠪᠣᠯᠭᠠᠨ ᠡᠯ᠎ᠡ ᠲᠥᠷᠥᠯ ᠤᠨ ᠬᠢᠨᠠᠯᠲᠠ ᠲᠠᠯᠪᠢᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ | ᠲᠣᠭᠲᠡᠴᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ | ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠬᠤ ᠶᠢ | ᠦᠷᠭᠦᠯᠵᠢᠯᠡᠨ ᠰᠠᠶᠢᠲᠤᠷ ᠠᠳᠬᠤᠵᠤ᠂ ᠢᠯᠵᠠᠷᠠᠯ ᠤᠨ ᠠᠰᠠᠭᠤᠳᠠᠯ ᠤᠨ ᠨᠡᠮᠡᠭᠳᠡᠯ ᠢ ᠨᠠᠩ ᠬᠦᠴᠦᠲᠡᠶ ᠬᠤᠷᠢᠭᠯᠠᠵᠤ᠂ | ᠢᠯᠵᠠᠷᠠᠯ ᠤᠨ ᠦᠯᠡᠳᠡᠭᠳᠡᠯ ᠠᠰᠠᠭᠤᠳᠠᠯ ᠢ ᠠᠷᠢᠯᠭᠠᠬᠤ ᠬᠡᠷᠡᠭᠲᠡᠢ᠃ ᠬᠠᠤᠯᠢ ᠶᠣᠰᠣᠭᠠᠷ ᠬᠥᠷᠥᠩᠭᠡ ᠶᠢᠨ ᠲᠤᠬᠠᠢ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠥᠷᠥᠩᠭᠡ ᠶᠢᠨ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ | ︵ᠬᠤᠷᠢᠨ ᠲᠦᠷᠪᠡ︶ ᠪᠣᠷᠣᠭᠵᠢᠭᠤᠨ ᠰᠤᠷᠲᠠᠯ ᠢ ᠪᠤᠢ ᠪᠣᠯᠭᠠᠬᠤ ᠬᠡᠷᠡᠭᠲᠡᠢ᠃ ᠲᠠᠯᠪᠢᠯ ᠦᠭᠡᠢ ᠠᠩᠬᠠᠷᠴᠤ᠂ | ᠴᠤᠬᠤᠶᠢᠮᠠᠭᠴᠠ ᠴᠣᠬᠢᠵᠤ᠂ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠲᠠᠬᠢᠨ ᠢᠯᠡᠷᠡᠬᠦ ᠶᠢ ᠴᠢᠩᠭ᠎ᠠ | ᠰᠡᠷᠭᠡᠶᠢᠯᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠤᠷᠢᠭ᠎ᠠ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ | ᠠᠷᠪᠢᠯᠠᠵᠤ ᠠᠮᠢᠳᠤᠷᠠᠬᠤ ᠶᠢ ᠪᠠᠷᠢᠮᠲᠠᠯᠠᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ | ᠥᠪᠡᠷᠲᠡᠭᠡᠨ ᠵᠠᠰᠠᠬᠤ ᠣᠷᠣᠨ ᠤ ︽ᠭᠤᠷᠪᠠ ᠶᠢ ᠠᠯᠪᠠᠳᠠᠯᠭ᠎ᠠ ᠪᠠᠷ ᠲᠣᠭᠲᠠᠭᠠᠬᠤ︾ ᠪᠠ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠶᠢᠨ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠡᠬᠢ | ᠪᠠᠶᠠᠯᠢᠭ ᠡᠯᠪᠡᠭ ᠳᠡᠯᠪᠡᠭ ᠪᠣᠯᠪᠠᠴᠤ ᠥᠴᠦᠬᠡᠨ ᠴᠦ ᠪᠦᠷᠢᠯᠭᠡᠨ ᠰᠦᠶ᠋ᠳᠭᠡᠵᠦ ᠪᠣᠯᠬᠤ ᠥᠬᠡᠶ ᠭᠡᠬᠦ | ᠤᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠪᠥᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ | ᠭᠦᠨᠵᠡᠭᠡᠶ ᠬᠡᠷᠡᠭᠵᠢᠭᠦᠯᠦ᠋ᠨ᠂ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ | ᠡᠨᠧᠷᠭᠢ᠂ ᠠᠭᠤᠷᠬᠠᠶ ᠶᠢᠨ ᠭᠠᠷᠤᠯᠲᠠ᠂ ᠭᠠᠵᠠᠷ ᠰᠢᠷᠣᠶ᠂ ᠤᠰᠤ᠂ ᠠᠮᠤ ᠪᠤᠳᠠᠭ᠎ᠠ ᠵᠢᠴᠢ ᠵᠠᠰᠠᠭ ᠵᠠᠬᠢᠷᠭᠠᠨ᠂ | ᠬᠥᠮᠦᠨ ᠤ ᠬᠦᠴᠦᠨ ᠵᠡᠷᠭᠡ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠯᠠᠨ ᠭᠠᠮᠨᠠᠬᠤ ᠶᠢ ᠲᠦᠷᠭᠡᠳᠭᠡᠨ | ᠠᠬᠢᠭᠤᠯᠵᠤ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠭᠦᠨ | ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ | ︵ᠬᠤᠷᠢᠨ ᠲᠠᠪᠤ︶ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠤᠮᠠᠷᠠᠲᠤ ᠶᠢᠨ ᠭᠤᠷᠪᠠᠨ ᠤᠷᠤᠨ ᠤ ᠵᠣᠷᠢᠭ | ᠰᠠᠨᠠᠭ᠎ᠠ︾ ᠶᠢ ᠶᠡᠭᠡ ᠪᠠᠷ ᠪᠠᠳᠠᠷᠠᠭᠤᠯᠬᠤ ᠬᠡᠷᠡᠭᠲᠡᠢ᠃ ︽ᠬᠦᠴᠢᠷ ᠠᠴᠠ ᠠᠶᠤᠬᠤ ᠦᠭᠡᠢ᠂ ᠴᠤᠴᠠᠯᠲᠠ ᠦᠭᠡᠢ | ᠤᠷᠤᠭᠰᠢᠯᠠᠵᠤ᠂ ᠵᠣᠷᠢᠭᠰᠠᠨ ᠳᠠᠭᠠᠨ ᠵᠠᠪᠠᠯ ᠬᠦᠷᠬᠦ︾ ᠪᠠ ︽ᠰᠢᠷᠭᠠᠭᠤ ᠬᠠᠲᠠᠭᠤᠵᠢᠯᠲᠠᠢ ᠲᠡᠮᠡᠴᠡᠬᠦ᠂ ᠬᠠᠷᠠᠮ ᠦᠭᠡᠢ | ᠵᠣᠷᠢᠭᠤᠯᠬᠤ᠂ ᠰᠢᠨᠲᠠᠷᠠᠰᠢ ᠦᠭᠡᠢ ᠴᠢᠷᠮᠠᠶᠢᠬᠤ᠂ ᠴᠥᠬᠦᠷᠡᠰᠢ ᠦᠭᠡᠢ ᠵᠢᠳᠭᠦᠬᠦ︾ ᠠᠭᠤᠯᠤᠭᠳᠠᠬᠤᠨ ᠪᠠ ᠴᠠᠭ | ᠦᠶ᠎ᠡ ᠶᠢᠨ ᠦᠨ᠎ᠡ ᠦᠷᠲᠡᠭ ᠢ ᠭᠦᠨᠵᠡᠭᠡᠢ ᠠᠭᠤᠳᠠᠯᠵᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠲᠡᠭᠦᠨ ᠢ ᠥᠪᠥᠷ ᠮᠣᠩᠭᠤᠯ ᠤᠨ ᠠᠷᠠᠳ | ᠲᠦᠮᠡᠨ ᠤ ᠬᠠᠮᠤᠭ ᠤᠨ ᠢᠯᠡ ᠲᠣᠳᠣ ᠤᠶᠤᠨ ᠰᠠᠨᠠᠭᠠᠨ ᠤ ᠪᠡᠯᠭᠡ ᠲᠡᠮᠲᠡᠭ ᠪᠣᠯᠭᠠᠬᠤ ᠬᠡᠷᠡᠭᠲᠡᠢ᠃ ᠬᠤᠶᠠᠷ | ᠵᠦᠢᠯ ᠤᠨ ᠵᠣᠷᠢᠭ ᠰᠠᠨᠠᠭ᠎ᠠ ᠶᠢ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠬᠥᠮᠦᠵᠢᠯ ᠳᠤ | ᠠᠭᠤᠰᠤᠯᠴᠠᠭᠤᠯᠬᠤ᠂ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠵᠡᠷᠭᠡ | ᠠᠵᠢᠯᠯᠠᠭ᠎ᠠ ᠳᠤ ᠠᠭᠤᠰᠤᠯᠴᠠᠭᠤᠯᠬᠤ ᠶᠢ ᠠᠬᠢᠭᠤᠯᠵᠤ᠂ ᠺᠠᠳ᠋ᠷ ᠤᠯᠠᠨ ᠲᠦᠮᠡᠨ ᠤ ᠠᠵᠢᠯ ᠬᠢᠵᠦ ᠦᠢᠯᠡᠰ ᠪᠤᠰᠬᠠᠬᠤ | ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠨᠡᠩ ᠰᠠᠶᠢᠲᠤᠷ ᠬᠤᠪᠢᠷᠠᠭᠤᠯᠬᠤ ᠬᠡᠷᠡᠭᠲᠡᠢ᠃ | ︵ᠬᠤᠷᠢᠨ ᠵᠢᠷᠭᠤᠭ᠎ᠠ︶ ᠥᠪᠥᠷ ᠮᠣᠩᠭᠤᠯ ᠤᠨ ᠰᠠᠶᠢᠨ ᠰᠠᠶᠢᠬᠠᠨ ᠳᠦᠷᠢ ᠲᠥᠷᠬᠦ ᠶᠢ ᠪᠦᠬᠦ ᠲᠠᠯ᠎ᠠ ᠪᠠᠷ ᠪᠣᠶ | ᠪᠣᠯᠭᠠᠬᠤ ᠪᠠ ᠳᠡᠯᠭᠡᠨ ᠦᠵᠡᠭᠦᠯᠬᠦ ᠬᠡᠷᠡᠭᠲᠡᠢ᠃ ᠭᠤᠤᠯ ᠵᠠᠭᠤᠴᠢᠯᠠᠭᠤᠷ ᠤᠨ ᠭᠤᠤᠯ ᠵᠢᠭᠰᠠᠭᠠᠯ ᠤᠨ ᠭᠠᠵᠠᠷ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠬᠠᠷᠢᠴᠠᠩᠭᠤᠢ ᠳᠠᠪᠠᠭᠤᠯᠢᠭ᠂ ᠣᠨᠴᠠᠯᠢᠭᠲᠤ | ᠲᠥᠷᠥᠯ ᠲᠡᠮᠳᠡᠭ᠂ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠤᠬᠠᠭᠤᠯᠤᠨ ᠳᠡᠯᠭᠡᠨ | ᠦᠵᠡᠭᠦᠯᠵᠦ᠂ ᠥᠪᠥᠷ ᠮᠣᠩᠭᠤᠯ ᠤᠨ ᠠᠷᠠᠳ ᠲᠦᠮᠡᠨ ᠤ ᠬᠠᠯᠠᠭᠤᠨ ᠰᠡᠳᠭᠢᠯᠭᠡ᠂ ᠡᠶ᠎ᠡ ᠨᠠᠶᠢᠷᠠᠮᠳᠠᠭᠤ᠂ ᠦᠨᠡᠨᠴᠢ | ᠢᠲᠡᠭᠡᠮᠵᠢᠲᠡᠶ᠂ ᠵᠣᠷᠢᠭᠲᠠᠶ ᠠᠵᠢᠯᠯᠠᠬᠤ ᠢᠯᠡ ᠲᠣᠳᠣ ᠣᠨᠴᠠᠯᠢᠭ ᠢ ᠤᠬᠠᠭᠤᠯᠤᠨ ᠢᠯᠡᠷᠡᠭᠦᠯᠵᠦ᠂ ︽ᠤᠮᠠᠷᠠᠲᠤ | ᠬᠢᠯᠢ ᠶᠢᠨ ᠵᠢᠱᠢᠶᠡᠴᠢ︾᠂ ᠶᠣᠰᠣ ᠰᠤᠷᠲᠠᠬᠤᠨ ᠤ ᠵᠢᠱᠢᠶᠡᠴᠢ᠂ ᠬᠠᠮᠤᠭ ᠤᠨ ᠭᠤᠶᠣ ᠬᠥᠮᠦᠨ᠂ ︽ᠥᠪᠥᠷ | ᠮᠣᠩᠭᠤᠯ ᠤᠨ ᠰᠠᠶᠢᠨ ᠬᠥᠮᠦᠨ︾ ᠢ ᠰᠣᠩᠭᠤᠨ ᠪᠣᠶ ᠪᠣᠯᠭᠠᠬᠤ ᠪᠠ ᠤᠬᠠᠭᠤᠯᠬᠤ ᠶᠢ ᠴᠢᠩᠭᠠᠳᠬᠠᠵᠤ᠂ ᠥᠪᠥᠷ | ᠮᠣᠩᠭᠤᠯ ᠤᠨ ᠰᠦᠷᠯᠢᠭ ᠰᠠᠶᠢᠬᠠᠨ ᠢᠷᠠᠭᠤ ᠰᠠᠶᠢᠬᠠᠨ ᠰᠠᠶᠢᠨ ᠰᠠᠶᠢᠬᠠᠨ᠂ ᠢᠲᠡᠭᠡᠮᠵᠢᠲᠡᠶ ᠳᠣᠲᠣᠨᠣ ᠬᠠᠶᠢᠷᠠᠯᠠᠯᠲᠠᠢ | ᠳᠦᠷᠢ ᠲᠥᠷᠬᠦ ᠶᠢ ᠱᠤᠭᠤᠵᠤ᠂ ᠥᠪᠥᠷ ᠮᠣᠩᠭᠤᠯ ᠤᠨ ᠢᠷᠠᠭᠤ ᠠᠯᠳᠠᠷ ᠤᠨ ᠬᠡᠮᠵᠢᠶ᠎ᠡ ᠪᠠ ᠨᠥᠯᠥᠭᠡᠯᠡᠬᠦ ᠬᠦᠴᠦᠨ ᠢ | ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠪᠣᠯ ᠥᠪᠥᠷ | ᠮᠣᠩᠭᠤᠯ ᠤᠨ ᠡᠷᠬᠡᠪᠰᠢ ᠰᠠᠶᠢᠲᠤᠷ ᠬᠢᠬᠦ ᠬᠡᠷᠡᠭᠲᠡᠶ ᠶᠡᠭᠡ ᠶᠠᠪᠤᠳᠠᠯ ᠮᠥᠨ᠂ ᠵᠢᠱᠢᠶᠡᠴᠢ ᠥᠪᠡᠷᠲᠡᠭᠡᠨ ᠵᠠᠰᠠᠬᠤ | ᠣᠷᠣᠨ ᠤ ᠡᠷᠬᠢᠮ ᠳᠡᠭᠡᠳᠦ ᠢᠷᠠᠭᠤ ᠠᠯᠳᠠᠷ ᠢᠶᠠᠨ ᠨᠠᠩ ᠤᠬᠠᠮᠰᠠᠷ ᠠᠴᠠ ᠪᠠᠨ᠂ ᠨᠠᠩ ᠬᠦᠴᠦᠲᠡᠶ᠂ ᠨᠠᠩ ᠤᠳᠠᠭᠠᠨ | ᠳᠠᠭᠠᠭᠠᠮᠠᠭᠠᠶ ᠪᠠᠷ ᠬᠠᠶᠢᠷᠠᠯᠠᠨ ᠬᠠᠮᠠᠭᠠᠯᠠᠬᠤ ᠶᠠᠪᠤᠳᠠᠯ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠠᠵᠢᠯ ᠤᠨ | ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠪᠡᠶ᠎ᠡ ᠪᠠᠷ ᠢᠶᠠᠨ ᠬᠡᠪ | ᠳᠠᠭᠤᠷᠢᠶᠠᠯ ᠦᠵᠡᠭᠦᠯᠦᠨ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠤᠯᠵᠤ᠂ ᠥᠷᠭᠡᠨ ᠤᠯᠠᠨ ᠨᠠᠮ ᠤᠨ ᠭᠡᠰᠢᠭᠦᠨ᠂ | ᠺᠠᠳ᠋ᠷᠴᠤᠳ ᠤᠨ ᠠᠭᠤᠯᠠ ᠲᠠᠭᠠᠷᠠᠪᠠᠯ ᠵᠠᠮ ᠨᠡᠭᠡᠭᠡᠵᠦ ᠤᠰᠤ ᠲᠠᠭᠠᠷᠠᠪᠠᠯ ᠬᠥᠭᠦᠷᠭᠡ ᠲᠠᠯᠪᠢᠬᠤ ᠡᠷᠴᠢ ᠵᠣᠷᠢᠭ ᠢᠶᠠᠷ | ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠬᠦ ᠶᠢ ᠬᠥᠲᠥᠯᠦᠨ ᠳᠠᠭᠠᠭᠤᠯᠬᠤ ᠬᠡᠷᠡᠭᠲᠡᠢ᠃ ᠥᠷᠯᠥ᠋ᠭᠡ | ᠦᠳᠡᠰᠢ ᠶᠢ ᠲᠡᠮᠡᠴᠡᠬᠦ ᠡᠷᠡᠮᠡᠬᠡᠶᠢᠯᠡᠨ ᠤᠷᠤᠭᠰᠢᠯᠠᠬᠤ ᠲᠦᠷᠢ ᠪᠠᠶᠢᠳᠠᠯ ᠢ ᠪᠠᠲᠤᠯᠠᠵᠤ᠂ ᠬᠡᠯᠡᠪᠡᠯ ᠬᠦᠳᠡᠯᠵᠦ᠂ | ᠳᠠᠷᠦ᠋ᠢᠬᠠᠨ ᠬᠢᠵᠦ᠂ ᠬᠢᠪᠡᠯ ᠰᠠᠶᠢᠲᠤᠷ ᠬᠢᠵᠦ᠂ ᠪᠤᠰᠢᠭᠤ ᠱᠠᠯᠠᠮᠠᠭᠠᠢ᠂ ᠬᠤᠷᠳᠤᠨ ᠮᠤᠷᠢᠨ ᠳᠤ ᠲᠠᠰᠢᠭᠤᠷ ᠨᠡᠮᠡᠵᠦ | ᠪᠠᠶᠢᠭᠠᠳ ᠠᠵᠢᠯ ᠬᠢᠵᠦ ᠦᠢᠯᠡᠰ ᠪᠤᠰᠬᠠᠬᠤ ᠬᠤᠷᠳᠤᠴᠠ ᠶᠢ ᠲᠦᠷᠭᠡᠳᠭᠡᠬᠦ ᠬᠡᠷᠡᠭᠲᠡᠢ᠃ ᠪᠣᠳᠠᠲᠠᠶ ᠠᠵᠢᠯᠯᠠᠭ᠎ᠠ ᠪᠠᠷ | ᠤᠳᠤᠷᠢᠳᠤᠮᠵᠢ ᠪᠣᠯᠭᠠᠬᠤ᠂ ᠦᠢᠯᠡᠳᠦᠯᠭᠡ ᠶᠢᠨ ᠪᠠᠷᠢᠮᠵᠢᠶ᠎ᠠ᠂ ᠠᠮᠵᠢᠯᠲᠠ ᠶᠢᠨ ᠦᠨᠳᠦᠰᠦᠯᠡᠯ ᠢ ᠪᠠᠷᠢᠮᠲᠠᠯᠠᠵᠤ᠂ | ᠦᠨᠡᠨ ᠪᠣᠳᠠᠲᠤ ᠪᠠᠶᠢᠳᠠᠯ ᠢ ᠪᠠᠶᠢᠴᠠᠭᠠᠨ᠂ ᠪᠣᠳᠠᠲᠠᠶ ᠠᠷᠭ᠎ᠠ ᠭᠠᠷᠭᠠᠵᠤ᠂ ᠪᠣᠳᠠᠲᠤ ᠶᠠᠪᠤᠳᠠᠯ ᠬᠢᠵᠦ᠂ ᠪᠣᠳᠠᠲᠤ ᠦᠷ᠎ᠡ | ᠪᠦᠲᠦᠮᠵᠢ ᠶᠢ ᠡᠷᠬᠢᠮᠯᠡᠨ᠂ ᠡᠯ᠎ᠡ ᠵᠦᠢᠯ ᠤᠨ ᠬᠠᠷᠠᠯᠲᠠᠲᠤ ᠡᠭᠦᠷᠭᠡ ᠶᠢ ᠨᠠᠶᠢᠳᠠᠪᠤᠷᠢᠵᠢᠭᠤᠯᠵᠤ ᠨᠠᠷᠢᠯᠢᠭᠵᠢᠭᠤᠯᠤᠨ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠵᠢᠯ | ᠪᠦᠷᠢ ᠠᠵᠢᠯ ᠤᠨ ᠲᠥᠯᠥᠪᠯᠡᠭᠡ ᠬᠢᠵᠦ᠂ ᠡᠭᠦᠷᠭᠡ ᠶᠢᠨ ᠨᠠᠷᠢᠨ ᠲᠠᠩᠰᠠ ᠭᠠᠷᠭᠠᠨ᠂ ᠨᠠᠶᠢᠳᠠᠪᠤᠷᠢᠵᠢᠭᠤᠯᠤᠯᠲᠠ ᠶᠢ | ᠪᠦᠬᠦ ᠬᠦᠴᠦᠨ ᠢᠶᠠᠷ ᠢᠶᠠᠨ ᠠᠬᠢᠭᠤᠯᠵᠤ᠂ ᠵᠢᠯ ᠤᠨ ᠡᠴᠦᠰ ᠲᠤ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠳᠤ ᠪᠡᠶᠡᠯᠡᠭᠦᠯᠦᠭᠰᠡᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ | ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ | ᠭᠡᠰᠢᠭᠦᠨ᠂ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ | ᠨᠡᠩ ᠨᠢᠭᠲᠠᠷᠠᠨ ᠪᠦᠯᠬᠦᠮᠳᠡᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ | ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤᠨᠢ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠬᠡᠷᠡᠭᠲᠡᠢ︕ | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ |