ᠬᠦᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠭᠡᠵᠦ᠂ ᠥᠷᠭᠡᠨ ᠣᠯᠠᠨ | ᠲᠠᠷᠢᠶᠠᠴᠢᠳ ᠤᠨ ᠪᠠᠶᠠᠵᠢᠯ ᠤᠨ ᠴᠢᠳᠠᠪᠤᠷᠢ ᠶᠢ ᠲᠡᠭᠡᠭᠰᠢᠯᠡᠬᠦᠯᠦᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠯᠠᠪᠳᠠᠭᠤᠨ ᠪᠠᠳᠤᠳᠠᠢ ᠭᠡᠷᠡᠭᠵᠢᠬᠦᠯᠵᠦ᠂ ᠮᠢᠬᠠᠨ ᠤ ᠦᠬᠡᠷ ᠤᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠶ ᠠᠬᠢᠭᠤᠯᠬᠤ ᠶᠢᠨ ᠲᠦᠯᠦᠭᠡ᠂ 9 ᠰᠠᠷ᠎ᠠ ᠶᠢᠨ 5 ᠤ | ᠡᠳᠦᠷ ᠴᠢᠶᠠᠨ ᠶᠢᠨ ᠭᠧᠦ ᠪᠠᠯᠭᠠᠰᠤ ᠮᠢᠬᠠᠨ ᠤ ᠦᠬᠡᠷ ᠤᠨ ᠠᠵᠤ ᠦᠢᠯᠡᠰ ᠢ ᠴᠢᠨᠠᠷ ᠰᠠᠶᠢᠲᠠᠢ ᠬᠦᠭᠵᠢᠬᠦᠯᠬᠦ | ᠲᠥᠷᠥ ᠶᠢᠨ ᠪᠣᠳᠣᠯᠭ᠎ᠠ ᠶᠢᠨ ᠪᠣᠯᠪᠠᠰᠤᠷᠠᠯ ᠤᠨ ᠬᠤᠷᠠᠯ ᠬᠤᠷᠠᠯᠳᠤᠭᠤᠯᠵᠠᠢ᠃ ᠪᠠᠯᠭᠠᠰᠤᠨ ᠤ ᠨᠠᠮ ᠤᠨ ᠬᠤᠷᠢᠶᠠᠨ ᠤ | ᠭᠡᠰᠢᠭᠦᠨ᠂ ᠳᠡᠳ᠋ ᠪᠠᠯᠭᠠᠰᠤᠨ ᠳᠠᠷᠤᠭ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠤ᠋ ᠭᠦᠸᠧ | ᠳ᠋ᠦᠩ ᠬᠤᠷᠠᠯ ᠢ ᠡᠷᠭᠢᠯᠡᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠤᠪᠴᠢᠶᠠᠨ ᠤ ᠳᠡᠳ᠋ ᠳᠠᠷᠤᠭ᠎ᠠ ᠳ᠋ᠦᠩ ᠶᠤᠸᠠᠨ ᠰᠢᠶᠠ ᠬᠤᠷᠠᠯ ᠳᠤ ᠤᠷᠤᠯᠴᠠᠨ᠂ ᠮᠢᠬᠠᠨ ᠤ | ᠦᠬᠡᠷ ᠤᠨ ᠠᠵᠤ ᠦᠢᠯᠡᠰ ᠢ ᠴᠢᠨᠠᠷ ᠰᠠᠶᠢᠲᠠᠢ ᠬᠦᠭᠵᠢᠬᠦᠯᠬᠦ ᠲᠥᠷᠥ ᠶᠢᠨ ᠪᠣᠳᠣᠯᠭ᠎ᠠ ᠶᠢᠨ ᠲᠤᠬᠠᠢ ᠲᠠᠶᠢᠯᠤᠮᠵᠢ | ᠬᠢᠵᠦ᠂ ᠡᠯ᠎ᠡ ᠲᠣᠰᠬᠤᠨ ᠤ ᠮᠢᠬᠠᠨ ᠤ ᠦᠬᠡᠷ ᠲᠡᠵᠢᠭᠡᠨ ᠦᠷᠡᠵᠢᠭᠦᠯᠬᠦ ᠡᠷᠦᠬᠡ ᠶᠢᠨ ᠬᠢᠨ ᠬᠤᠷᠠᠯ ᠳᠤ ᠤᠷᠤᠯᠴᠠᠪᠠ᠃ | ᠬᠤᠷᠠᠯ ᠠᠴᠠ᠂ ᠲᠠᠷᠢᠶᠠᠯᠠᠬᠤ ᠣᠷᠣᠨ ᠤ ᠮᠢᠬᠠᠨ ᠤ ᠦᠬᠡᠷ ᠤᠨ ᠠᠵᠤ ᠦᠢᠯᠡᠰ ᠤᠨ ᠬᠦᠭᠵᠢᠯᠳᠡ ᠶᠢ ᠤᠯᠤᠰ ᠤᠨ | ᠲᠡᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠠᠶᠢᠭᠤᠯᠬᠤ ᠴᠢᠬᠤᠯᠠ ᠠᠭᠤᠯᠭ᠎ᠠ ᠪᠣᠯᠭᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠲᠠ | ᠪᠤᠯᠭᠠᠨ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ᠂ ᠳᠠᠷᠢᠵᠤ ᠮᠠᠯᠵᠢᠬᠤ ᠶᠢ | ᠤᠶᠠᠯᠳᠤᠭᠤᠯᠬᠤ᠂ ᠮᠠᠯ ᠪᠡᠯᠴᠢᠭᠡᠷ ᠢ ᠨᠢᠭᠡ ᠴᠣᠭᠴᠠᠵᠢᠭᠤᠯᠬᠤ᠂ ᠲᠦᠬᠦᠭᠡᠷᠦᠮᠵᠢᠳᠦ ᠮᠠᠯᠵᠢᠯ ᠢ ᠬᠦᠭᠵᠢᠬᠦᠯᠬᠦ᠂ | ᠬᠡᠪᠴᠢᠶᠡᠵᠢᠭᠦᠯᠦᠨ ᠡᠵᠡᠩᠨᠡᠬᠦ᠂ ᠵᠠᠰᠠᠭ ᠤᠨ ᠣᠷᠳᠣᠨ ᠠᠴᠠ ᠵᠢᠯᠤᠭᠤᠳᠬᠤ᠂ ᠵᠠᠬ᠎ᠠ ᠳᠡᠯᠭᠡᠭᠦᠷᠴᠢᠯᠡᠨ | ᠠᠵᠢᠯᠯᠠᠭᠤᠯᠬᠤ ᠶᠢ ᠪᠠᠷᠢᠮᠳᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠬᠦᠨᠵᠡᠬᠡᠶᠢᠷᠡᠬᠦᠯᠦᠨ᠂ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ | ᠮᠠᠶ᠋ᠢᠭ ᠢ ᠬᠤᠪᠢᠷᠠᠭᠤᠯᠵᠤ᠂ ᠡᠷᠴᠢᠮᠵᠢᠬᠦᠯᠦᠯᠳᠡ ᠶᠢᠨ ᠬᠡᠮᠵᠢᠶ᠎ᠡ ᠶᠢ ᠲᠡᠭᠡᠭᠰᠢᠯᠡᠬᠦᠯᠦᠨ᠂ ᠲᠠᠷᠢᠶᠠᠯᠠᠬᠤ ᠣᠷᠣᠨ ᠤ | ᠮᠢᠬᠠᠨ ᠤ ᠦᠬᠡᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠡᠷᠡᠭᠳᠡᠢ ᠴᠢᠬᠤᠯᠠᠴᠢᠯᠠᠭᠰᠠᠨ ᠪᠠᠶᠢᠨ᠎ᠠ᠃ | ᠡᠨᠡ ᠤᠳᠠᠭᠠᠨ ᠤ ᠪᠣᠯᠪᠠᠰᠤᠷᠠᠯ ᠨᠢ ᠥᠷᠭᠡᠨ ᠣᠯᠠᠨ ᠲᠡᠵᠢᠭᠡᠨ ᠦᠷᠡᠵᠢᠭᠦᠯᠬᠦ ᠡᠷᠦᠬᠡ ᠶᠢᠨ ᠲᠡᠵᠢᠭᠡᠨ ᠦᠷᠡᠵᠢᠭᠦᠯᠬᠦ | ᠦᠵᠡᠯᠲᠡ ᠶᠢ ᠰᠢᠨᠡᠳᠬᠡᠵᠦ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠦᠨᠳᠦᠰᠦᠨ | ᠪᠦᠲᠦᠭᠡᠨ ᠪᠠᠶᠢᠭᠤᠯᠤᠯᠲᠠ ᠶᠢ ᠳᠡᠭᠡᠭᠰᠢᠯᠡᠭᠦᠯᠦᠨ᠂ ᠪᠥᠬᠦ ᠪᠠᠯᠭᠠᠰᠤᠨ ᠤ ᠮᠢᠬᠠᠨ ᠤ ᠦᠬᠡᠷ ᠤᠨ ᠠᠵᠤ ᠦᠢᠯᠡᠰ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠢᠳᠡᠪᠬᠢᠲᠡᠢ ᠵᠢᠯᠤᠭᠤᠳᠬᠤ ᠦᠢᠯᠡᠳᠦᠯ ᠦᠵᠡᠬᠦᠯᠵᠡᠢ᠃ |