9 ᠰᠠᠷ᠎ᠠ ᠶᠢᠨ 6 ᠤ ᠡᠳᠦᠷ᠂ ᠰᠢᠩ ᠹᠦ᠋ ᠰᠢᠶᠠᠩ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠢ | ᠠᠬᠢᠭᠤᠯᠬᠤ ᠬᠤᠷᠠᠯ ᠬᠤᠷᠠᠯᠳᠤᠭᠤᠯᠵᠤ᠂ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ ᠵᠠᠩ ᠪᠥᠸᠧ ᠬᠤᠷᠠᠯ ᠢ | ᠡᠷᠬᠢᠯᠡᠨ᠂ ᠰᠢᠶᠠᠩ ᠤᠨ ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ︽ᠬᠤᠶᠠᠷ ᠵᠥᠪᠯᠡᠯ︾ ᠤᠨ | ᠭᠡᠰᠢᠬᠦᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠵᠠᠩ ᠪᠥᠸᠧ ᠠᠴᠠ ᠣᠶᠢᠷ᠎ᠠ ᠶᠢᠨ ᠬᠤᠭᠤᠴᠠᠭᠠᠨ ᠤ | ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠢ ᠳ᠋ᠦᠩᠨᠡᠭᠰᠡᠨ ᠪᠥᠭᠡᠳ ︽ᠬᠤᠶᠠᠷ ᠪᠠᠶᠠᠷ︾ ᠤᠨ | ᠬᠤᠭᠤᠴᠠᠭᠠᠨ ᠳᠠᠬᠢ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ | ᠭᠤᠣᠯᠳᠠᠯᠭ᠎ᠠ ᠲᠠᠢ ᠬᠥᠮᠥᠰ ᠢ ᠬᠠᠮᠢᠶᠠᠷᠤᠨ ᠡᠵᠡᠮᠳᠡᠬᠦ᠂ ᠭᠠᠵᠢᠭᠤ ᠨᠣᠮᠯᠠᠯ ᠢ ᠰᠡᠷᠭᠡᠶᠢᠯᠡᠬᠦ ᠵᠡᠷᠭᠡ ᠡᠯ᠎ᠡ ᠵᠦᠢᠯ ᠤᠨ | ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂ ᠡᠯ᠎ᠡ | ᠲᠣᠰᠬᠤᠨ ᠤ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠬᠤᠶᠠᠷ ᠪᠠᠶᠠᠷ︾ ᠤᠨ | ᠬᠤᠭᠤᠴᠠᠭᠠᠨ ᠳᠠᠬᠢ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ᠂ ᠠᠵᠢᠯ ᠤᠨ ᠲᠤᠯᠭᠠᠮ᠎ᠠ ᠰᠡᠳᠬᠢᠯᠭᠡ ᠪᠣᠯᠣᠨ ᠰᠠᠨᠠᠭᠠᠴᠢᠯᠠᠭᠠᠲᠤ ᠴᠢᠨᠠᠷ ᠢ ᠦᠨᠡᠨᠬᠦ ᠴᠢᠩᠭᠠᠳᠬᠠᠵᠤ᠂ | ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠠᠮᠤᠷ ᠠᠮᠤᠭᠤᠯᠠᠩ ᠤᠨ | ᠪᠠᠶᠢᠭᠤᠯᠤᠯᠲᠠ ᠶᠢᠨ ᠠᠵᠢᠯ ᠢ ᠨᠠᠷᠢᠯᠢᠭ ᠪᠤᠳᠠᠳᠠᠢ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠤᠨ | ᠬᠠᠷᠢᠭᠤᠴᠠᠯᠭ᠎ᠠ ᠶᠢ ᠤᠯᠠᠮ ᠪᠣᠳᠠᠲᠠᠶᠢᠵᠢᠭᠤᠯᠵᠤ᠂ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ | ᠲᠦᠷᠦᠯ ᠤᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠨᠡᠶᠢᠭᠡᠮ ᠤᠨ ᠵᠥᠷᠢᠴᠡᠯ ᠢ ᠲᠣᠬᠢᠲᠠᠢ | ᠰᠡᠷᠭᠡᠶᠢᠯᠡᠨ ᠠᠷᠢᠯᠭᠠᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠢᠷᠢ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠤᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ︽ᠬᠤᠶᠠᠷ ᠪᠠᠶᠠᠷ︾ ᠤᠨ ᠬᠤᠭᠤᠴᠠᠭᠠᠨ ᠳᠠᠬᠢ ᠠᠮᠤᠷ | ᠲᠣᠭᠲᠠᠭᠤᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃ |