ᠴᠢᠶᠠᠨ ᠶᠢᠨ ᠭᠧᠦ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠳᠤ  ᠶᠢᠨ ᠰᠤᠷᠤᠯᠴᠠᠯᠭ᠎ᠠ  ᠡᠷᠬᠢᠯᠡᠭᠰᠡᠨ
ᠨᠡᠶᠢᠲᠡᠯᠡᠭᠰᠡᠨ ᠴᠠᠭ᠄
2023/9/8
   9 ᠰᠠᠷ᠎ᠠ ᠶᠢᠨ 7 ᠤ ᠡᠳᠦᠷ᠂ ᠴᠢᠶᠠᠨ ᠶᠢᠨ ᠭᠧᠦ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ 10 ᠳ᠋ᠤᠭᠠᠷ ᠤᠳᠠᠭᠠᠨ ᠤ ᠲᠥᠪᠯᠡᠷᠡᠨ ᠰᠤᠷᠤᠯᠴᠠᠬᠤ ᠬᠤᠷᠠᠯ  ᠬᠤᠷᠠᠯᠳᠤᠭᠤᠯᠵᠤ᠂  ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠲᠤᠬᠠᠢ ᠰᠢᠷᠢᠰ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ  ᠰᠤᠷᠤᠯᠴᠠᠭᠰᠠᠨ ᠪᠠᠶᠢᠨ᠎ᠠ᠃ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠸ ᠢᠩ  ᠵᠦᠸᠧ ᠠᠴᠠ ︽ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠰᠢ ᠶᠢᠨ ᠫᠢᠩ ᠤᠨ ᠶᠠᠷᠢᠶ᠎ᠠ︾  ᠂ ︽ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠤᠪᠤᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯ ᠦᠢᠯᠡᠰ ᠢ ᠠᠬᠢᠭᠤᠯᠬᠤ ᠲᠤᠬᠠᠢ ᠰᠢ ᠶᠢᠨ ᠫᠢᠩ  ᠤᠨ ᠵᠢᠭᠠᠪᠤᠷᠢ  ︾  ᠂ ︽ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠰᠢ ᠶᠢᠨ ᠫᠢᠩ ᠤᠨ  ᠶᠠᠷᠢᠶ᠎ᠠ︾ ︽ᠰᠢ ᠶᠢᠨ ᠫᠢᠩ᠄ ᠳᠤᠮᠳᠠᠳᠤ ᠤᠯᠤᠰ ᠤᠨ  ᠮᠠᠶ᠋ᠢᠭᠳᠤ ᠣᠳᠣᠬᠢᠴᠢᠯᠠᠯᠲᠠ ᠪᠣᠯ ᠤᠯᠤᠰ ᠢ ᠬᠦᠴᠦᠷᠭᠡᠭᠵᠢᠬᠦᠯᠦᠨ ᠪᠠᠶᠢᠭᠤᠯᠬᠤ᠂ ᠦᠨᠳᠦᠰᠦᠲᠡᠨ ᠢ ᠰᠡᠷᠭᠦᠨ ᠮᠠᠨᠳᠤᠭᠤᠯᠬᠤ ᠰᠠᠷᠠᠭᠤᠯ ᠳᠠᠷᠳᠠᠩ ᠵᠠᠮ ᠮᠥᠨ︾ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠠᠭᠠᠭᠤᠯᠤᠨ ᠰᠤᠷᠤᠯᠴᠠᠵᠠᠢ  ᠃ ᠬᠤᠷᠠᠯ ᠠᠴᠠ ᠵᠢᠭᠠᠵᠤ ᠭᠠᠷᠭᠠᠬᠤ ᠳᠠᠭᠠᠨ᠂ ᠪᠦᠬᠦ ᠨᠠᠮ ᠢᠶᠠᠷ ᠢᠶᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ ᠨᠠᠮ ᠤᠨ ᠨᠥᠬᠦᠳ ᠢ ᠳᠠᠶᠢᠴᠢᠯᠠᠨ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠶᠢᠨ ᠲᠥᠯᠥᠭᠡ ᠬᠢᠭᠰᠡᠨ ᠴᠢᠬᠤᠯᠠ ᠶᠡᠭᠡ ᠪᠠᠶᠢᠷᠢᠯᠠᠭᠤᠯᠤᠯᠲᠠ  ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ ᠴᠢᠬᠤᠯᠠ ᠶᠡᠭᠡ ᠪᠠᠶᠢᠷᠢᠯᠠᠭᠤᠯᠤᠯᠲᠠ ᠪᠣᠯᠣᠨ᠎ᠠ᠃  ᠪᠦᠬᠦ ᠪᠠᠯᠭᠠᠰᠤᠨ ᠤ ᠳᠡᠭᠡᠳᠦ ᠳᠣᠣᠷᠠᠳᠤ ᠱᠠᠲᠤᠨ ᠤ  ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ  ᠲᠠᠢ ᠦᠨᠡᠨᠬᠦ ᠨᠢᠭᠡᠳᠬᠡᠵᠦ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠰᠤᠷᠤᠯᠴᠠᠨ ᠲᠤᠤᠱᠯᠠᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠤᠯᠠᠮ ᠴᠢᠩᠭᠠᠳᠬᠠᠨ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠠᠳᠬᠤᠵᠤ᠂ ᠦᠵᠡᠯ ᠰᠠᠨᠠᠭ᠎ᠠ᠂ ᠤᠯᠤᠰ ᠲᠥᠷᠥ᠂ ᠦᠢᠯᠡ ᠠᠵᠢᠯᠯᠠᠭ᠎ᠠ ᠪᠠ ᠵᠣᠬᠢᠶᠠᠨ ᠪᠠᠶᠢᠭᠤᠯᠤᠯᠲᠠ ᠵᠡᠷᠭᠡ ᠲᠠᠯ᠎ᠠ  ᠪᠠᠷ ᠡᠷᠲᠡᠬᠡᠨ ᠪᠡᠯᠡᠳᠬᠡᠯ ᠬᠢᠵᠦ᠂ ᠡᠮᠦᠨ᠎ᠡ ᠬᠤᠶᠢᠨᠠᠬᠢ ᠶᠢ ᠵᠣᠯᠭᠠᠭᠤᠯᠬᠤ ᠶᠢ ᠰᠠᠶᠢᠲᠤᠷ ᠠᠳᠬᠤᠨ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠤᠪᠤᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯ ᠦᠢᠯᠡᠰ ᠢ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂  ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠬᠦ ᠲᠠᠯ᠎ᠠ ᠪᠠᠷ  ᠪᠠᠶᠢᠭᠤᠯᠬᠤ ᠬᠤᠶᠠᠷ ᠶᠡᠭᠡ ᠶᠠᠪᠤᠳᠠᠯ ᠳᠤ ᠦᠢᠯᠡᠴᠢᠯᠡᠬᠦ ᠲᠠᠯ᠎ᠠ ᠪᠠᠷ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ ᠬᠤᠷᠠᠯ ᠲᠡᠭᠡᠷ᠎ᠡ ᠪᠠᠰᠠ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠢ ᠶᠢᠨ ᠫᠢᠩ ᠤᠨ ᠴᠢᠬᠤᠯᠠ ᠥᠭᠦᠯᠡᠯᠲᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠠᠤᠯᠢ ᠲᠦᠷᠢᠮ ᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠲᠤᠬᠠᠢ ᠲᠤᠭᠳᠠᠭᠠᠯ  ︵ᠲᠤᠷᠰᠢᠨ ᠬᠡᠷᠡᠭᠵᠢᠭᠦᠯᠦᠨ᠎ᠡ︶  ︾  ᠂ ︽ᠰᠢᠨ᠎ᠡ ᠴᠠᠭ ᠦᠶ᠎ᠡ ᠳᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ  ᠨᠠᠮ ᠤᠨ ᠲᠥᠪ ᠬᠤᠷᠢᠶᠠᠨ ᠤ ᠰᠠᠨᠠᠯ︾᠂ ︽ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠨᠠᠮ ᠤᠨ ᠲᠥᠪ ᠬᠤᠷᠢᠶᠠᠨ ᠤ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ  ᠶᠢᠨ ᠪᠠᠶᠢᠭᠤᠯᠤᠯᠳᠠ ᠶᠢ ᠠᠬᠢᠭᠤᠯᠬᠤ ᠳᠦᠷᠢᠮ︾  ᠂ ︽ᠲᠠᠶᠢᠹᠤᠰᠧ ᠬᠤᠰᠢᠭᠤᠨ ᠤ ᠲᠠᠷᠢᠶᠠᠯᠠᠬᠤ ᠣᠷᠣᠨ ᠤ  ᠮᠢᠬᠠᠨ ᠤ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ  ᠬᠡᠷᠡᠭᠵᠢᠭᠦᠯᠬᠦ ᠲᠦᠰᠦᠪ ︵2023︱2025︶︾ ᠵᠡᠷᠭᠡ ᠶᠢ ᠤᠯᠠᠮᠵᠢᠯᠠᠨ ᠰᠤᠷᠤᠯᠴᠠᠭᠰᠠᠨ ᠤ ᠬᠠᠮᠲᠤ ᠣᠶᠢᠷ᠎ᠠ ᠶᠢᠨ ᠬᠤᠭᠤᠴᠠᠭᠠᠨ ᠤ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号