ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ︽ᠬᠤᠶᠠᠳᠤᠭᠠᠷ ᠪᠦᠯᠦᠭ ᠤᠨ ᠭᠤᠣᠯ | ᠰᠡᠳᠦᠪᠲᠦ ᠬᠦᠮᠦᠵᠢᠯ ᠤᠨ ᠰᠤᠷᠤᠯᠴᠠᠯᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠣᠰᠣᠭᠠᠷ᠂ | ᠶᠦᠩ ᠹᠧᠩ ᠪᠠᠯᠭᠠᠰᠤᠨ ᠤ ᠬᠢᠨ ᠰᠤᠷᠤᠯᠴᠠᠯᠭ᠎ᠠ ᠶᠢᠨ ᠠᠵᠢᠯ ᠢ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ | ᠠᠬᠢᠭᠤᠯᠵᠤ᠂ ᠡᠷᠲᠡ ᠠᠴᠠ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ᠲᠤᠬᠠᠢ ᠰᠢ ᠶᠢᠨ ᠫᠢᠩ | ᠤᠨ ᠴᠢᠬᠤᠯᠠ ᠶᠠᠷᠢᠶ᠎ᠠ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭᠠᠨ ᠤ ᠲᠤᠰᠬᠠᠢ ᠰᠡᠳᠦᠪᠲᠦ | ᠰᠤᠷᠤᠯᠴᠠᠯᠭ᠎ᠠ ᠶᠢ ᠰᠠᠶᠢᠲᠤᠷ ᠦᠷᠨᠢᠬᠦᠯᠵᠦ ᠪᠤᠢ᠃ ᠨᠢᠭᠡ ᠳᠤ ᠨᠠᠮ ᠵᠠᠰᠠᠭ ᠤᠨ ᠤᠳᠤᠷᠢᠳᠬᠤ ᠪᠠᠭ ᠤᠷᠢᠳᠠᠪᠠᠷ | ᠰᠤᠷᠤᠯᠴᠠᠨ᠎ᠠ᠃ ᠤᠳᠤᠷᠢᠳᠬᠤ ᠪᠠᠭ ᠤᠨ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ ᠠᠳᠬᠤᠵᠤ᠂ | ᠪᠠᠯᠭᠠᠰᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 13 | ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠡᠷᠬᠢᠯᠡᠨ᠂ ᠨᠠᠮ ᠤᠨ ᠬᠤᠷᠢᠶᠠᠨ ᠤ ᠱᠦᠵᠢ᠂ ᠳᠡᠳ᠋ ᠱᠦᠵᠢ | ᠳᠠᠭᠠᠭᠤᠯᠤᠨ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠪᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠭᠰᠠᠨ ᠪᠥᠭᠡᠳ ᠰᠤᠷᠤᠯᠴᠠᠯᠭ᠎ᠠ ᠶᠢ | ᠭᠦᠨᠵᠡᠭᠡᠢ ᠥᠷᠨᠢᠭᠦᠯᠬᠦ ᠲᠤᠬᠠᠢ ᠲᠤᠰᠬᠠᠢ ᠰᠡᠳᠦᠪᠲᠦ ᠲᠣᠬᠢᠷᠠᠭᠤᠯᠤᠯᠲᠠ ᠬᠢᠪᠡ᠃ ᠬᠤᠶᠠᠷ ᠲᠤ ᠨᠠᠮ ᠤᠨ ᠡᠭᠦᠷ ᠤᠨ | ᠱᠦᠵᠢ ᠨᠠᠷ ᠢ ᠲᠥᠪᠯᠡᠷᠡᠨ ᠰᠤᠷᠤᠯᠴᠠᠨ᠎ᠠ᠃ ᠭᠤᠣᠯ ᠰᠡᠳᠦᠪᠲᠦ ᠬᠥᠮᠦᠵᠢᠯ ᠤᠨ ᠲᠤᠬᠠᠢ ᠰᠢ ᠶᠢᠨ ᠫᠢᠩ ᠶᠡᠷᠦᠩᠬᠡᠢ | ᠱᠦᠵᠢ ᠶᠢᠨ ᠰᠢᠷᠢᠰ ᠴᠢᠬᠤᠯᠠ ᠶᠠᠷᠢᠶ᠎ᠠ ᠪᠣᠯᠣᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ | ᠲᠤᠰᠬᠠᠢ ᠰᠡᠳᠦᠪᠲᠦ ᠬᠤᠷᠠᠯ ᠢ ᠬᠤᠷᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ | ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ | ᠵᠡᠷᠭᠡ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠭᠰᠠᠨ ᠪᠦᠭᠡᠳ ᠡᠯ᠎ᠡ ᠨᠠᠮ ᠤᠨ ᠡᠭᠦᠷ ᠤᠨ ᠰᠤᠷᠤᠯᠴᠠᠯᠭ᠎ᠠ ᠶᠢ | ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠵᠦ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠭᠤᠷᠪᠠ ᠳᠤ ᠨᠠᠮ ᠤᠨ | ᠭᠡᠰᠢᠬᠦᠳ ᠪᠦᠬᠦ ᠲᠠᠯ᠎ᠠ ᠪᠠᠷ ᠰᠤᠷᠤᠯᠴᠠᠨ᠎ᠠ᠃ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠲᠤᠰᠬᠠᠢ | ᠰᠡᠳᠦᠪᠲᠦ ᠰᠤᠷᠤᠯᠴᠠᠯᠭ᠎ᠠ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠡᠯ᠎ᠡ ᠨᠠᠮ ᠤᠨ ᠡᠭᠦᠷ ᠲᠤ ︽ᠲᠤᠰᠬᠠᠢ ᠰᠡᠳᠦᠪᠲᠦ ᠰᠤᠷᠤᠯᠴᠠᠯᠭ᠎ᠠ ᠶᠢ ᠥᠷᠨᠢᠭᠦᠯᠬᠦ ᠲᠤᠬᠠᠢ | ᠮᠡᠳᠡᠭᠳᠡᠯ︾ ᠪᠠᠭᠤᠯᠭᠠᠨ᠂ ᠰᠤᠷᠤᠯᠴᠠᠬᠤ ᠬᠡᠯᠪᠡᠷᠢ᠂ ᠰᠤᠷᠤᠯᠴᠠᠬᠤ ᠠᠭᠤᠯᠭ᠎ᠠ᠂ ᠰᠤᠷᠤᠯᠴᠠᠬᠤ ᠱᠠᠭᠠᠷᠳᠠᠯᠭ᠎ᠠ ᠶᠢ | ᠲᠤᠳᠤᠷᠬᠠᠶᠢᠯᠠᠵᠤ᠂ ᠲᠤᠰᠬᠠᠢ ᠰᠡᠳᠦᠪᠲᠦ ᠰᠤᠷᠤᠯᠴᠠᠯᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠪᠠᠳᠤᠯᠠᠭᠠᠳ᠂ | ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ᠂ ᠰᠠᠶᠢᠲᠤᠷ ᠠᠬᠢᠭᠤᠯᠬᠤ᠂ | ᠰᠠᠶᠢᠲᠤᠷ ᠨᠠᠶᠢᠳᠠᠪᠤᠷᠢᠵᠢᠭᠤᠯᠬᠤ ᠳᠤ ᠦᠵᠡᠯ ᠰᠠᠨᠠᠭᠠᠨ ᠤ ᠪᠠ ᠵᠣᠬᠢᠶᠠᠨ ᠪᠠᠶᠢᠭᠤᠯᠤᠯᠲᠠ ᠶᠢᠨ ᠪᠠᠲᠤ ᠪᠠᠬᠢ | ᠰᠠᠭᠤᠷᠢ ᠶᠢ ᠲᠠᠯᠪᠢᠵᠠᠢ᠃ |