ᠠᠶᠢᠮᠠᠭ ᠤᠨ ᠵᠠᠬᠢᠷᠭ᠎ᠠ ᠶᠢᠨ ︽ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ | ᠠᠯᠬᠤᠮ ᠴᠢᠩᠭᠠᠳᠬᠠᠬᠤ ᠲᠤᠬᠠᠢ ᠮᠡᠳᠡᠭᠳᠡᠯ︾᠂ ︽ᠬᠤᠯᠤᠭᠠᠨ᠎ᠠ ᠶᠢᠨ ᠬᠢᠵᠢᠭ ᠤᠨ Ⅲ ᠳᠡᠰ ᠤᠨ ᠪᠠᠴᠢᠮ | ᠪᠠᠶᠢᠳᠠᠯ ᠢ ᠠᠷᠭᠠᠴᠠᠬᠤ ᠠᠵᠢᠯ ᠢ ᠡᠬᠢᠯᠡᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠵᠢᠴᠢ ᠬᠤᠰᠢᠭᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠤᠨ | ᠪᠠᠶᠢᠷᠢᠯᠠᠭᠤᠯᠤᠯᠲᠠ ᠶᠣᠰᠣᠭᠠᠷ᠂ 9 ᠰᠠᠷ᠎ᠠ ᠶᠢᠨ 7 ᠤ ᠡᠳᠦᠷ ᠯᠥᠸᠧ ᠲᠦᠸᠧ ᠱᠠᠨ ᠪᠠᠯᠭᠠᠰᠤ ᠨᠢ 2023 ᠣᠨ ᠤ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠵᠤ᠂ ᠪᠠᠯᠭᠠᠰᠤᠨ ᠤ | ᠤᠳᠤᠷᠢᠳᠬᠤ ᠪᠠᠭ ᠤᠨ ᠭᠡᠰᠢᠬᠦᠳ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠲᠠᠩᠰᠠ ᠮᠡᠳᠡᠭᠦᠯᠦᠭᠴᠢ | ᠬᠤᠷᠠᠯ ᠳᠤ ᠣᠷᠣᠯᠴᠠᠪᠡ᠃ ᠬᠤᠷᠠᠯ ᠠᠴᠠ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠬᠤ᠂ | ᠰᠡᠷᠭᠡᠶᠢᠯᠡᠯᠳᠡ ᠵᠠᠰᠠᠯᠳᠠ ᠶᠢ ᠤᠶᠠᠯᠳᠤᠭᠤᠯᠬᠤ᠂ ᠬᠠᠤᠯᠢ ᠶᠣᠰᠣᠭᠠᠷ ᠰᠡᠷᠭᠡᠶᠢᠯᠡᠨ ᠡᠵᠡᠮᠳᠡᠬᠦ᠂ ᠬᠤᠯᠪᠤᠭᠠᠯᠠᠨ | ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ︾ ᠠᠷᠭ᠎ᠠ | ᠪᠣᠳᠣᠯᠭ᠎ᠠ ᠶᠢ ᠪᠠᠷᠢᠮᠲᠠᠯᠠᠵᠤ᠂ ᠶᠡᠭᠡ ᠲᠠᠯ᠎ᠠ ᠶᠢᠨ ᠤᠬᠠᠮᠰᠠᠷ ᠢ ᠪᠤᠢ ᠪᠤᠯᠭᠠᠨ᠂ ᠬᠠᠷᠢᠭᠤᠴᠠᠯᠭ᠎ᠠ ᠶᠢᠨ ᠤᠬᠠᠮᠰᠠᠷ ᠢᠶᠠᠨ | ᠴᠢᠩᠭᠠᠳᠬᠠᠵᠤ᠂ ᠮᠢᠨᠴᠦᠬᠦᠷᠡᠵᠦ ᠰᠤᠯᠠᠷᠠᠬᠤ ᠦᠵᠡᠯ ᠰᠠᠨᠠᠭ᠎ᠠ᠂ ᠠᠵᠠ ᠬᠠᠷᠠᠬᠤ ᠪᠤᠳᠤᠯ ᠰᠡᠳᠬᠢᠴᠡ ᠶᠢ ᠲᠡᠪᠴᠢᠨ | ᠂ ᠢᠲᠡᠭᠡᠯ ᠵᠣᠷᠢᠭ ᠢᠶᠠᠨ ᠪᠠᠳᠤᠳᠬᠠᠵᠤ᠂ ᠰᠢᠷᠭᠠᠬᠤ ᠬᠠᠲᠠᠭᠤᠵᠢᠯᠲᠠᠢ ᠠᠵᠢᠯᠯᠠᠨ ᠂ ᠬᠤᠯᠤᠭᠠᠨ᠎ᠠ ᠶᠢᠨ ᠬᠢᠵᠢᠭ ᠢ | ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ | ᠬᠤᠷᠠᠯ ᠠᠴᠠ ᠱᠠᠭᠠᠷᠳᠠᠬᠤ ᠳᠠᠭᠠᠨ᠂ ᠨᠢᠬᠡ ᠳᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠨ | ᠬᠢᠵᠦ᠂ ᠬᠢᠵᠢᠭ ᠤᠨ ᠪᠠᠶᠢᠳᠠᠯ ᠢ ᠲᠦᠷᠢᠮᠵᠢᠯ ᠲᠠᠢ ᠰᠢᠢᠳᠪᠦᠷᠢᠯᠡᠬᠦ ᠶᠢ ᠴᠢᠩᠭᠠᠳᠬᠠᠨ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ ᠪᠠᠶᠢᠭᠠᠳ ᠬᠤᠯᠤᠭᠠᠨ᠎ᠠ ᠤᠰᠠᠳᠬᠠᠬᠤ ᠨᠣᠬᠠᠢ ᠶᠢᠨ ᠪᠥᠭᠡᠰᠦ ᠤᠰᠠᠳᠬᠠᠬᠤ ᠠᠵᠢᠯ ᠢ ᠥᠷᠨᠢᠭᠦᠯᠵᠦ᠂ | ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠠᠷᠭ᠎ᠠ ᠪᠠᠷᠢᠯ ᠢ ᠴᠢᠩᠭᠠᠳᠬᠠᠬᠤ ᠭᠡᠷᠡᠭᠳᠡᠢ᠃ | ᠬᠤᠶᠠᠷ ᠲᠤ ᠭᠤᠣᠯᠳᠠᠯᠭ᠎ᠠ ᠲᠠᠢ ᠬᠥᠮᠥᠰ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠡᠮ ᠡᠮᠨᠡᠯᠭᠡ ᠶᠢᠨ | ᠠᠪᠤᠷᠠᠨ ᠵᠠᠰᠠᠬᠤ ᠬᠠᠮᠢᠶᠠᠷᠤᠯᠲᠠ ᠶᠢ ᠡᠷᠴᠢᠮᠵᠢᠬᠦᠯᠦᠨ᠂ ᠲᠤᠤᠷᠴᠢᠯᠠᠭᠰᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ | ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠭᠤᠷᠪᠠ ᠶᠢ ᠴᠡᠭᠡᠷᠯᠡᠵᠦ ᠭᠤᠷᠪᠠ ᠶᠢ ᠪᠠᠷᠢᠮᠳᠠᠯᠠᠬᠤ︾ | ᠬᠢᠨᠠᠯᠳᠠ ᠬᠠᠮᠢᠶᠠᠷᠤᠯᠳᠠ ᠶᠢᠨ ᠠᠵᠢᠯ ᠢ ᠡᠷᠴᠢᠮᠳᠡᠢ ᠦᠷᠨᠢᠬᠦᠯᠦᠨ᠂ ᠭᠡᠨᠡᠳᠲᠡ ᠶᠢᠨ ᠪᠠᠶᠢᠳᠠᠯ ᠲᠣᠬᠢᠶᠠᠯᠳᠤᠪᠠᠯ ᠴᠠᠭ | ᠲᠤᠬᠠᠢ ᠳᠤᠨᠢ ᠪᠠᠯᠭᠠᠰᠤᠨ ᠤ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠃ ᠭᠤᠷᠪᠠ ᠳᠤ ᠬᠢᠵᠢᠭ ᠰᠡᠷᠭᠡᠶᠢᠯᠡᠬᠦ | ᠠᠵᠢᠯᠲᠠᠨ ᠤ ᠲᠤᠰᠬᠠᠢ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠨᠥᠭᠡᠴᠡ | ᠡᠳ᠋ ᠪᠣᠳᠠᠰ ᠢ ᠪᠦᠷᠢᠨᠰᠢᠬᠦᠯᠵᠦ᠂ ᠶᠡᠷᠦᠩᠬᠡᠶᠢᠯᠡᠭᠰᠡᠨ ᠴᠢᠨᠠᠷᠲᠠᠢ ᠪᠤᠯᠪᠠᠰᠤᠷᠠᠯ ᠰᠣᠷᠢᠯᠲᠠ ᠶᠢ ᠥᠷᠨᠢᠭᠦᠯᠦᠨ᠂ | ᠬᠤᠯᠤᠭᠠᠨ᠎ᠠ ᠶᠢᠨ ᠬᠢᠵᠢᠭ ᠵᠡᠷᠭᠡ ᠭᠡᠨᠡᠳᠲᠡ ᠶᠢᠨ ᠪᠠᠶᠢᠳᠠᠯ ᠢ ᠠᠷᠭᠠᠴᠠᠬᠤ ᠦᠶ᠎ᠡ ᠳᠤ ᠲᠦᠷᠭᠡᠨ ᠲᠤᠰᠬᠠᠵᠤ | ᠪᠦᠲᠦᠮᠵᠢᠲᠡᠶ ᠰᠢᠢᠳᠪᠦᠷᠢᠯᠡᠬᠦ ᠶᠢ ᠪᠠᠳᠤᠯᠠᠬᠤ ᠬᠡᠷᠡᠭᠲᠡᠢ᠃ ᠳᠥᠷᠪᠡ ᠳᠤ ᠣᠷᠣᠨ᠂ ᠠᠶᠢᠮᠠᠭ᠂ ᠬᠤᠰᠢᠭᠤᠨ ᠤ ᠬᠠᠮᠢᠶ᠎ᠠ | ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ | ᠲᠤᠬᠠᠢ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠤᠨ᠂ ᠢᠯᠠᠩᠭᠤᠶ᠎ᠠ ᠮᠠᠯᠴᠢᠨ ᠲᠠᠷᠢᠶᠠᠴᠢᠨ᠂ ᠬᠡᠭᠡᠷ᠎ᠡ | ᠭᠠᠳᠠᠨ᠎ᠠ ᠠᠵᠢᠯᠯᠠᠵᠤ ᠪᠠᠶᠢᠭ᠎ᠠ ᠬᠥᠮᠥᠰ᠂ ᠨᠤᠲᠤᠭ ᠲᠠᠭᠠᠨ ᠪᠤᠴᠠᠭᠰᠠᠳ᠂ ᠵᠢᠭᠤᠯᠴᠢᠯᠠᠭᠴᠢᠳ ᠵᠡᠷᠭᠡ ᠬᠥᠮᠥᠰ ᠲᠤ | ᠬᠠᠨᠳᠤᠭᠰᠠᠨ ᠤᠬᠠᠭᠤᠯᠭ᠎ᠠ ᠬᠦᠮᠦᠵᠢᠯ ᠪᠠ ᠬᠠᠮᠢᠶᠠᠷᠤᠯᠳᠠ ᠡᠵᠡᠮᠳᠡᠯ ᠢ ᠭᠤᠣᠯᠳᠠᠯᠭ᠎ᠠ ᠲᠠᠢ ᠴᠢᠩᠭᠠᠳᠬᠠᠵᠤ᠂ | ᠰᠡᠷᠭᠡᠶᠢᠯᠡᠯᠳᠡ ᠬᠠᠮᠠᠭᠠᠯᠠᠯᠳᠠ ᠶᠢᠨ ᠦᠵᠡᠯ ᠤᠬᠠᠮᠰᠠᠷ ᠢ ᠦᠨᠡᠨᠬᠦ ᠲᠡᠭᠡᠭᠰᠢᠯᠡᠬᠦᠯᠬᠦ ᠭᠡᠷᠡᠭᠳᠡᠢ ᠭᠡᠵᠡᠢ᠃ |