ᠰᠢᠨᠵᠢᠯᠡᠬᠦ ᠤᠬᠠᠭᠠᠨᠴᠢ ᠪᠠᠷ ᠲᠦᠮᠦᠰᠦ ᠨᠤᠭᠤᠭ᠎ᠠ ᠳᠠᠷᠢᠵᠤ ᠠᠵᠤ ᠦᠢᠯᠡᠰ ᠤᠨ ᠰᠢᠨ᠎ᠡ ᠭᠠᠶᠢᠬᠠᠮᠰᠢᠭ ᠢ ᠪᠢᠴᠢᠭᠯᠡᠨ᠎ᠡ
ᠨᠡᠶᠢᠲᠡᠯᠡᠭᠰᠡᠨ ᠴᠠᠭ᠄
2024/1/10
   ᠤᠶᠢᠷ᠎ᠠ ᠳᠤ᠂ ᠰᠤᠷᠪᠤᠯᠵᠢᠯᠠᠭᠴᠢ ᠪᠤᠤᠴᠠᠩ ᠪᠠᠯᠭᠠᠰᠤᠨ ᠤ ᠹᠦ᠋ ᠰᠢᠩ ᠲᠣᠰᠬᠤᠨ ᠤ ᠯᠢ ᠶᠤᠸᠠᠨ ᠲᠥᠮᠥᠰᠥ ᠲᠠᠷᠢᠬᠤ ᠬᠢᠵᠠᠭᠠᠷᠲᠤ ᠺᠣᠮᠫᠠᠨᠢ ᠶᠢᠨ ᠲᠦᠮᠦᠰᠦᠨ ᠤ ᠬᠥᠮᠥᠷᠭᠡ  ᠳᠤ ᠬᠦᠷᠬᠦ ᠳᠤ᠂ ᠠᠵᠢᠯᠴᠢᠳ ᠶᠠᠭ ᠤᠭᠤᠲᠠᠯᠠᠭᠰᠠᠨ ᠲᠥᠮᠥᠰᠥ ᠪᠠᠨ ᠲᠠᠮᠵᠢᠭᠤᠯᠭ᠎ᠠ ᠶᠢᠨ ᠪᠦᠰᠡ ᠪᠠᠷ  ᠲᠡᠷᠭᠡᠨ ᠳᠤ ᠲᠡᠭᠡᠭᠡᠵᠦ᠂ ᠰᠦᠵᠧᠦ᠂ ᠱᠠᠩᠬᠠᠢ᠂ ᠵᠧᠵᠢᠶᠠᠩ ᠵᠡᠷᠭᠡ ᠭᠠᠵᠠᠷ ᠲᠤ ᠬᠦᠷᠭᠡᠬᠦ ᠪᠠᠷ ᠶᠠᠭᠠᠷᠠᠯᠳᠤᠵᠤ ᠪᠠᠶᠢᠬᠤ ᠲᠠᠢ ᠲᠠᠭᠠᠷᠠᠯ᠎ᠠ᠃  ᠰᠠᠭᠤᠷᠢᠨ ᠭᠠᠵᠠᠷ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ 2023 ᠣᠨ ᠳᠤ ᠡᠳᠡᠨᠡᠶᠢᠬᠢᠨ 2100 ᠮᠦ ᠲᠥᠮᠥᠰᠥ ᠳᠠᠷᠢᠵᠤ᠂  ᠮᠤ᠋ ᠪᠦᠷᠢ ᠶᠢᠨ ᠲᠡᠭᠰᠢᠳᠭᠡᠭᠰᠡᠨ ᠤᠨᠠᠯᠲᠠ 5639.29 ᠺᠢᠯᠣᠭ᠍ᠷᠠᠮ ᠳᠤ ᠬᠦᠷᠦᠭᠡᠳ  ᠂ ᠨᠢᠳᠤᠨᠤᠨ ᠤ ᠬᠠᠮᠤᠭ ᠤᠨ ᠥᠨᠳᠥᠷ ᠤᠨᠠᠯᠲᠠ ᠠᠴᠠ 465.59 ᠺᠢᠯᠣᠭ᠍ᠷᠠᠮ  ᠨᠡᠮᠡᠭᠳᠡᠭᠰᠡᠨ ᠭᠡᠨ᠎ᠡ᠃  ᠰᠠᠭᠤᠷᠢᠨ ᠭᠠᠵᠠᠷ ᠨᠢ ᠡᠷᠡᠮᠡᠯᠵᠡᠯᠡᠨ ᠮᠡᠳᠡᠭᠦᠯᠬᠦ᠂ ᠰᠢᠯᠢᠨ ᠰᠣᠩᠭᠤᠬᠤ ᠶᠠᠪᠤᠴᠠ ᠪᠠᠷ ᠳᠠᠮᠵᠢᠭᠠᠳ ᠪᠣᠬᠢᠷᠲᠤᠯ ᠦᠭᠡᠢ ᠥᠨᠳᠥᠷ ᠤᠨᠠᠯᠲᠠ ᠥᠨᠳᠥᠷ ᠦᠷ᠎ᠡ ᠠᠰᠢᠭ ᠲᠠᠢ ᠮᠢᠩᠭᠠᠨ ᠮᠦ ᠶᠢᠨ ᠲᠦᠮᠦᠰᠦ ᠲᠠᠷᠢᠬᠤ  ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ ᠲᠤᠭᠳᠠᠭᠠᠭᠳᠠᠭᠰᠠᠨ ᠤ ᠲᠠᠷᠠᠭ᠎ᠠ᠂  ᠪᠣᠬᠢᠷᠲᠤᠯ ᠦᠭᠡᠢ ᠲᠠᠷᠢᠶᠠᠯᠠᠭ᠎ᠠ ᠪᠠ ᠤᠨᠠᠯᠲᠠ ᠶᠢᠨ ᠨᠡᠮᠡᠭᠳᠡᠯ ᠢ ᠤᠶᠠᠯᠳᠤᠭᠤᠯᠬᠤ᠂ ᠥᠪᠡᠷ ᠤᠨ ᠦᠷᠳᠡᠭ ᠤᠨ ᠠᠷᠪᠢᠯᠠᠯᠳᠠ ᠪᠠ ᠦᠷ᠎ᠡ ᠠᠰᠢᠭ ᠤᠨ ᠨᠡᠮᠡᠭᠳᠡᠯ ᠢ ᠤᠶᠠᠯᠳᠤᠭᠤᠯᠬᠤ᠂ ᠤᠨᠠᠯᠲᠠ ᠪᠠ ᠶᠠᠰᠤ ᠴᠢᠨᠠᠷ ᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠳᠠᠯᠠᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠤᠰᠤᠨ  ᠳᠤ ᠠᠷᠪᠢᠳᠠᠢ ᠥᠨᠳᠥᠷ ᠪᠦᠲᠦᠮᠵᠢᠲᠡᠢ ᠲᠠᠷᠢᠬᠤ ᠮᠡᠷᠭᠡᠵᠢᠯ ᠢᠶᠠᠷ ᠭᠤᠣᠯ ᠪᠤᠯᠭᠠᠨ᠂ ᠡᠯ᠎ᠡ ᠱᠠᠲᠤᠨ ᠤ ᠲᠤᠰᠬᠠᠢ ᠮᠡᠷᠭᠡᠵᠢᠯᠲᠡᠨ ᠤ ᠵᠢᠯᠣᠭᠤᠳᠤᠯᠭ᠎ᠠ ᠪᠠ ᠬᠠᠪᠰᠤᠷᠤᠯᠭ᠎ᠠ  ᠲᠤᠤᠷ᠎ᠠ ᠠᠵᠢᠯ ᠢᠶᠠᠨ ᠡᠷᠴᠢᠮᠳᠡᠢ ᠦᠷᠨᠢᠬᠦᠯᠦᠭᠰᠡᠨ ᠢᠶᠠᠷ 2023 ᠣᠨ ᠤ ᠲᠦᠮᠦᠰᠦᠨ ᠤ ᠦᠢᠯᠡᠳᠪᠦᠷᠢᠯᠡᠯ ᠤᠨ ᠪᠠᠶᠢᠳᠠᠯ ᠨᠢ ᠥᠩᠭᠡᠷᠡᠭᠰᠡᠨ ᠵᠢᠯ ᠤᠳ ᠠᠴᠠ ᠬᠤᠯᠠ ᠰᠠᠶᠢᠨ ᠪᠣᠯᠵᠠᠢ᠃    ᠯᠢ ᠶᠤᠸᠠᠨ ᠲᠥᠮᠥᠰᠥ ᠲᠠᠷᠢᠬᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠵᠠᠩ ᠵᠢᠶᠦ᠋ᠨ᠄  ᠪᠢᠳᠡ ᠲᠥᠮᠥᠰᠥ ᠳᠠᠷᠢᠬᠤ ᠳᠠᠭᠠᠨ ᠰᠢᠨᠵᠢᠯᠡᠬᠦ ᠤᠬᠠᠭᠠᠨᠴᠢ ᠠᠷᠭ᠎ᠠ ᠮᠡᠷᠭᠡᠵᠢᠯ ᠢ ᠭᠡᠷᠡᠭᠯᠡᠵᠦ᠂ ᠪᠣᠷᠳᠣᠭᠤᠷ ᠤᠨ ᠬᠡᠮᠵᠢᠶ᠎ᠡ ᠶᠢ ᠵᠦᠢ ᠵᠤᠵᠢᠰᠳᠠᠢ ᠲᠤᠬᠢᠷᠠᠭᠤᠯᠤᠨ᠂  ᠲᠠᠷᠢᠶᠠᠨ ᠭᠠᠵᠠᠷ ᠤᠨ ᠠᠷᠠᠴᠢᠯᠠᠭ᠎ᠠ ᠬᠠᠮᠢᠶᠠᠷᠤᠯᠳᠠ ᠶᠢ ᠨᠢᠮᠪᠠᠢ ᠬᠢᠵᠦ᠂ ᠲᠦᠮᠦᠰᠦᠨ ᠤ ᠦᠷ᠎ᠡ   ᠶᠢ ᠡᠷᠡᠭᠦᠯ   ᠢᠶᠠᠷ ᠪᠤᠶᠢᠵᠢᠭᠤᠯᠳᠠᠭ︾  ᠃    30 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠲᠦᠯᠦᠪᠯᠡᠭᠡ ᠲᠠᠢ ᠥᠪᠥᠷ ᠮᠣᠩᠭᠤᠯ ᠤᠨ ᠺᠠᠢ ᠳ᠋ᠠ ᠾᠧᠩ ᠶᠧ ᠢᠳᠡᠭᠡᠨ ᠤ ᠬᠢᠵᠠᠭᠠᠷᠲᠤ ᠺᠣᠮᠫᠠᠨᠢ ᠶᠢᠨ ᠲᠥᠮᠥᠰᠥᠨ ᠤ ᠠᠵᠤ ᠦᠢᠯᠡᠰ ᠤᠨ ᠬᠦᠷᠢᠶᠡᠯᠡᠩ ᠨᠢ 2022 ᠣᠨ ᠤ ᠡᠴᠦᠰ ᠢᠶᠠᠷ ᠲᠠᠶᠢᠹᠤᠰᠧ ᠬᠤᠰᠢᠭᠤᠨ ᠳᠤ ᠨᠤᠳᠤᠭᠰᠢᠵᠤ᠂ 2023 ᠣᠨ ᠤ 3 ᠰᠠᠷ᠎ᠠ ᠳᠤ ᠪᠠᠷᠢᠯᠭ᠎ᠠ ᠡᠬᠢᠯᠡᠪᠡ᠃  ᠵᠢᠱᠢᠯᠲᠡ ᠪᠠᠷ 2027 ᠣᠨ ᠳᠤ ᠪᠦᠬᠦ ᠲᠠᠯ᠎ᠠ ᠶᠢᠨ ᠦᠢᠯᠡᠳᠪᠦᠷᠢᠯᠡᠯ ᠡᠬᠢᠯᠡᠵᠦ᠂  ᠹᠷᠠᠨᠼᠢ ᠮᠠᠶ᠋ᠢᠭ ᠤᠨ  ᠲᠦᠮᠦᠰᠦᠨ  ᠵᠦᠰᠦᠮ ᠦᠢᠯᠡᠳᠪᠦᠷᠢᠯᠡᠬᠦ ᠦᠢᠯᠡᠳᠪᠦᠷᠢᠯᠡᠯ ᠤᠨ ᠱᠤᠭᠤᠮ 3᠂  ᠲᠦᠮᠦᠰᠦᠨ ᠪᠤᠤᠪᠤ ᠦᠢᠯᠡᠳᠪᠦᠷᠢᠯᠡᠬᠦ ᠦᠢᠯᠡᠳᠪᠦᠷᠢᠯᠡᠯ ᠤᠨ ᠱᠤᠭᠤᠮ 2  ᠢ ᠪᠠᠶᠢᠭᠤᠯᠤᠨ᠂  ᠤᠶᠢᠷ᠎ᠠ ᠬᠠᠪᠢ ᠶᠢᠨ 50 ᠲᠦᠮᠡᠨ ᠮᠦ ᠲᠥᠮᠥᠰᠥ ᠲᠠᠷᠢᠬᠤ ᠵᠠᠬᠢᠶᠠᠯᠠᠭ᠎ᠠ ᠶᠢᠨ ᠰᠠᠭᠤᠷᠢᠨ ᠭᠠᠵᠠᠷ ᠢ  ᠲᠠᠶᠢᠴᠢᠯᠠᠵᠤ᠂  60 ᠲᠦᠮᠡᠨ ᠲᠣᠨ ᠲᠦᠮᠦᠰᠦ ᠬᠠᠳᠠᠭᠠᠯᠠᠬᠤ ᠴᠢᠳᠠᠮᠵᠢ ᠪᠠ 25 ᠲᠦᠮᠡᠨ ᠲᠣᠨ ᠬᠦᠢᠲᠡᠨ ᠬᠡᠯᠬᠢᠶᠡᠲᠦ ᠬᠥᠮᠥᠷᠭᠡ ᠶᠢᠨ ᠴᠢᠳᠠᠮᠵᠢ ᠶᠢ ᠪᠡᠶᠡᠯᠡᠬᠦᠯᠬᠦ  ᠪᠠᠷ ᠪᠠᠶᠢᠨ᠎ᠠ᠃    ᠥᠪᠥᠷ ᠮᠣᠩᠭᠤᠯ ᠤᠨ ᠺᠠᠢ ᠳ᠋ᠠ ᠾᠧᠩ ᠶᠧ ᠢᠳᠡᠭᠡᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠳᠠᠨ ᠼᠤᠤ ᠯᠦ᠄ ᠲᠦᠷᠦᠯ ᠵᠦᠢᠯ ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠵᠢᠯ ᠳᠤ ᠪᠠᠷᠤᠭ 70 ᠲᠦᠮᠡᠨ ᠲᠣᠨ ᠰᠢᠬᠠᠮ ᠲᠥᠮᠥᠰᠥ ᠪᠤᠯᠪᠠᠰᠤᠷᠠᠭᠤᠯᠤᠨ᠎ᠠ᠂  ᠵᠢᠱᠢᠯᠳᠡ ᠪᠠᠷ ᠲᠤᠬᠠᠢ ᠶᠢᠨ ᠭᠠᠵᠠᠷ ᠤᠨ ᠨᠢᠭᠡᠳᠦᠭᠡᠷ ᠠᠵᠤ ᠦᠢᠯᠡᠰ ᠤᠨ ᠦᠢᠯᠡᠳᠪᠦᠷᠢᠯᠡᠯ ᠤᠨ ᠦᠷᠳᠡᠭ ᠢ ᠲᠠᠶᠢᠴᠢᠯᠠᠨ 15 ᠳ᠋ᠦᠩᠰᠢᠭᠤᠷ ᠲᠤ ᠬᠦᠷᠬᠡᠵᠦ᠂ ᠬᠤᠶᠠᠳᠤᠭᠠᠷ ᠠᠵᠤ ᠦᠢᠯᠡᠰ ᠤᠨ ᠦᠢᠯᠡᠳᠪᠦᠷᠢᠯᠡᠯ ᠤᠨ ᠦᠷᠳᠡᠭ ᠢ  ᠲᠠᠶᠢᠴᠢᠯᠠᠨ 40 ᠳ᠋ᠦᠩᠰᠢᠭᠤᠷ ᠲᠤ ᠬᠦᠷᠭᠡᠵᠦ᠂  1000 ᠭᠠᠷᠤᠢ ᠬᠥᠮᠥᠨ ᠳᠤ ᠠᠵᠢᠯ ᠤᠯᠭᠤᠨ  ᠂ 2 ᠲᠦᠮᠡᠨ ᠬᠥᠮᠥᠨ ᠳᠤ ᠳᠠᠮ ᠢᠶᠠᠷ ᠠᠵᠢᠯ ᠣᠯᠭᠤᠬᠤ ᠪᠣᠯᠣᠨ᠎ᠠ  ᠃   ᠣᠶᠢᠷ᠎ᠠ ᠶᠢᠨ ᠵᠢᠯ ᠳᠤ᠂ ᠲᠥᠮᠥᠰᠥ ᠲᠠᠷᠢᠬᠤ  ᠭᠡᠪᠴᠢᠶ᠎ᠡ ᠬᠡᠮᠵᠢᠶ᠎ᠡ ᠨᠡᠮᠡᠭᠳᠡᠬᠦ ᠶᠢ ᠲᠠᠭᠠᠯᠳᠤᠭᠠᠳ᠂ ᠪᠦᠲᠦᠭᠡᠭᠳᠡᠬᠦᠨ ᠤ ᠶᠠᠰᠤ ᠴᠢᠨᠠᠷ ᠴᠤ ᠰᠠᠶᠢᠵᠢᠷᠠᠵᠤ᠂  ᠦᠢᠯᠡᠳᠪᠦᠷᠢᠯᠡᠯ ᠤᠨ ᠴᠢᠳᠠᠪᠤᠷᠢ ᠵᠣᠬᠢᠴᠠᠩᠭᠤᠢ ᠪᠠᠷ ᠲᠡᠭᠡᠭᠰᠢᠯᠡᠨ᠂ ᠲᠠᠷᠢᠶᠠᠴᠢᠳ ᠤᠨ ᠣᠷᠣᠯᠭ᠎ᠠ ᠤᠨ ᠨᠡᠮᠡᠭᠳᠡᠯ ᠢ ᠲᠠᠶᠢᠴᠢᠯᠠᠵᠠᠢ᠃  ᠲᠠᠶᠢᠹᠤᠰᠧ ᠬᠤᠰᠢᠭᠤ ᠨᠢ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠤᠯᠭᠠᠨ᠂ ᠲᠦᠮᠦᠰᠦᠨ ᠤ ︽ᠦᠢᠯᠡᠳᠪᠦᠷᠢᠯᠡᠬᠦ ︱ ᠡᠳ᠋ᠰᠢᠭᠦᠯᠬᠦ ︱ ᠪᠣᠷᠣᠯᠠᠭᠤᠯᠬᠤ︾ ᠡᠯ᠎ᠡ  ᠭᠤᠭᠴᠤᠭᠠᠨ ᠤ ᠶᠠᠰᠤ ᠴᠢᠨᠠᠷ ᠤᠨ ᠪᠤᠭᠤᠮᠳᠠ ᠶᠢ ᠴᠢᠩᠭ᠎ᠠ ᠠᠳᠬᠤᠵᠤ᠂  ᠲᠦᠮᠦᠰᠦᠨ ᠤ ᠭᠠᠷᠤᠯᠲᠠ ᠶᠢᠨ ᠣᠷᠣᠨ ᠤ ᠳᠠᠪᠠᠭᠤᠯᠢᠭ ᠲᠠᠭᠠᠨ ᠲᠦᠰᠢᠭᠯᠡᠨ᠂ ᠭᠠᠷᠤᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ᠂ ᠰᠢᠨ᠎ᠡ ᠶᠢ ᠡᠬᠦᠳᠴᠦ ᠬᠥᠲᠥᠯᠥᠨ ᠳᠠᠭᠠᠭᠤᠯᠬᠤ᠂ ᠶᠠᠰᠤ ᠴᠢᠨᠠᠷ ᠢ ᠲᠠᠰᠤᠷᠠᠯᠳᠠ ᠦᠬᠡᠢ ᠳᠡᠭᠡᠭᠰᠢᠯᠡᠭᠦᠯᠬᠦ ᠭᠤᠷᠪᠠᠨ ᠭᠤᠣᠯ ᠱᠤᠭᠤᠮ ᠲᠠᠢ ᠨᠢᠭᠲᠠ ᠤᠶᠠᠯᠳᠤᠭᠤᠯᠵᠤ᠂ ᠲᠦᠮᠦᠰᠦᠨ ᠤ ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠢ ᠪᠠᠷ ᠪᠣᠶᠢᠵᠢᠭᠤᠯᠤᠨ ᠤᠷᠲᠤᠳᠬᠠᠵᠤ᠂ ᠬᠡᠪᠴᠢᠶᠡᠵᠢᠭᠦᠯᠦᠨ ᠦᠢᠯᠡᠳᠪᠦᠷᠢᠯᠡᠬᠦ᠂ ᠡᠷᠴᠢᠮᠵᠢᠭᠦᠯᠦᠨ ᠬᠠᠮᠢᠶᠠᠷᠬᠤ᠂ ᠠᠵᠤ ᠦᠶᠢᠯᠡᠰᠵᠢᠭᠦᠯᠦᠨ ᠡᠵᠡᠩᠨᠡᠬᠦ ᠶᠢ ᠪᠡᠶᠡᠯᠡᠬᠦᠯᠦᠭᠡᠳ᠂ ᠲᠤᠬᠠᠢ ᠶᠢᠨ ᠭᠠᠵᠠᠷ ᠤᠨ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠬᠦᠴᠦᠲᠡᠢ ᠠᠬᠢᠭᠤᠯᠤᠭᠰᠠᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号