ᠬᠤᠲᠠ ᠶᠢᠨ ᠲᠣᠭᠤᠷᠢᠭ ᠲᠤ ᠳᠤᠷ᠎ᠠ ᠪᠠᠷ ᠢᠶᠠᠨ ᠨᠢᠲᠤᠯᠬᠤ ᠪᠠ ᠳᠤᠷ᠎ᠠ ᠪᠠᠷ ᠢᠶᠠᠨ ᠤᠪᠤᠭᠠᠯᠠᠬᠤ ᠵᠡᠷᠭᠡ ᠦᠶᠯᠡ ᠠᠵᠢᠯᠯᠠᠭ᠎ᠠ ᠶᠢ ᠴᠡᠭᠴᠡᠯᠡᠨ ᠵᠠᠰᠠᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/1/10
ᠥᠷᠭᠡᠨ ᠤᠯᠠᠨ ᠰᠠᠭᠤᠭᠠᠯᠢ ᠠᠷᠠᠳ ᠲᠤ᠄    ᠣᠶᠢᠷ᠎ᠠ ᠳᠤ᠂ ᠮᠠᠨ ᠤ ᠬᠤᠰᠢᠭᠤᠨ ᠤ ᠣᠨᠴᠠ ᠵᠠᠷᠢᠮ ᠬᠤᠳᠠᠯᠳᠤᠭᠠᠨ ᠤ ᠡᠷᠦᠬᠡ ᠪᠠ ᠰᠠᠭᠤᠭᠠᠯᠢ ᠠᠷᠠᠳ ᠨᠢ ᠬᠤᠲᠠ ᠶᠢᠨ ᠲᠣᠭᠤᠷᠢᠭ ᠲᠤ ᠮᠠᠯ ᠵᠢᠭᠦᠷᠲᠡᠨ ᠢ ᠳᠤᠷ᠎ᠠ ᠪᠠᠷ ᠢᠶᠠᠨ ᠠᠯᠠᠵᠤ ᠨᠢᠲᠤᠯᠬᠤ ᠪᠠ ᠠᠮᠢᠲᠠᠨ ᠤ ᠠᠷᠠᠰᠤ ᠰᠢᠷᠢ ᠵᠡᠷᠭᠡ ᠶᠢ ᠲᠠᠯᠪᠢᠵᠤ ᠤᠪᠤᠭᠠᠯᠠᠭᠰᠠᠨ ᠠᠴᠠ ᠪᠤᠯᠤᠭᠠᠳ ᠬᠤᠲᠠ ᠪᠠᠯᠭᠠᠰᠤᠨ ᠤ ᠳᠦᠷᠰᠦ ᠪᠠᠶᠢᠳᠠᠯ ᠢ ᠬᠦᠨᠳᠦ ᠨᠣᠴᠢᠲᠠᠢ ᠨᠥᠯᠥᠭᠡᠯᠡᠭᠰᠡᠨ ᠢᠶᠠᠷ ᠪᠠᠷᠠᠬᠤ ᠦᠭᠡᠢ᠂  ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠴᠤ ᠲᠦᠪᠡᠭ ᠤᠴᠠᠷᠠᠭᠤᠯᠵᠤ ᠪᠠᠶᠢᠨ᠎ᠠ᠃ ᠬᠤᠲᠠ ᠶᠢᠨ ᠬᠠᠮᠢᠶᠠᠷᠤᠯᠲᠠ ᠶᠢ ᠦᠨᠡᠨᠬᠦ  ᠴᠢᠩᠭᠠᠳᠬᠠᠵᠤ᠂  ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠲᠦᠷᠢᠮᠵᠢᠬᠦᠯᠬᠦ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠭᠡᠯ ᠤᠯᠭᠤᠬᠤ  ᠬᠠᠤᠯᠢ︾ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ︽ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠠᠯᠬᠠᠭᠠᠨ ᠰᠢᠳᠭᠡᠬᠦ ᠲᠣᠭᠲᠠᠭᠠᠯ︾ ᠢ ᠦᠨᠳᠦᠰᠦᠯᠡᠨ᠂ ᠡᠳᠦᠭᠡ ᠬᠤᠲᠠ ᠶᠢᠨ ᠲᠣᠭᠤᠷᠢᠭ ᠲᠠᠬᠢ ᠳᠤᠷ᠎ᠠ ᠪᠠᠷ ᠢᠶᠠᠨ ᠠᠯᠠᠵᠤ ᠨᠢᠲᠤᠯᠬᠤ ᠦᠶᠯᠡ  ᠠᠵᠢᠯᠯᠠᠭ᠎ᠠ ᠳᠤ ᠭᠤᠤᠯᠳᠠᠯᠭ᠎ᠠ ᠲᠠᠢ ᠴᠡᠭᠴᠡᠯᠡᠯᠳᠡ ᠬᠢᠬᠦ   ᠪᠠᠷ ᠪᠤᠯᠵᠤ ᠠᠯᠪᠠᠨ ᠵᠠᠷᠯᠠᠯ ᠨᠡᠶᠢᠳᠡᠯᠡᠪᠡ᠃     ᠨᠢᠭᠡ᠂ ᠶᠠᠮᠠᠷᠪᠠ ᠨᠢᠭᠡᠴᠡ ᠪᠠ ᠬᠤᠪᠢ ᠬᠥᠮᠥᠨ ᠬᠤᠲᠠ ᠶᠢᠨ ᠲᠣᠭᠤᠷᠢᠭ ᠲᠠᠬᠢ ᠣᠯᠠᠨ ᠨᠡᠶᠢᠲᠡ ᠶᠢᠨ ᠲᠠᠯᠠᠪᠠᠢ  ᠳᠤ ᠡᠯᠳᠡᠪ ᠵᠦᠢᠯ ᠤᠨ ᠰᠢᠯᠳᠠᠭ ᠢᠶᠠᠷ ᠮᠠᠯ ᠵᠢᠭᠦᠷᠲᠡᠨ ᠠᠯᠠᠵᠤ  ᠨᠢᠳᠤᠯᠵᠤ ᠪᠤᠯᠬᠤ ᠦᠬᠡᠢ᠃ ᠡᠷᠬᠡᠪᠰᠢ ᠠᠮᠢᠲᠠᠨ ᠤ ᠡᠪᠡᠳᠴᠢᠨ ᠬᠢᠵᠢᠭ ᠰᠡᠷᠭᠡᠶᠢᠯᠡᠬᠦ ᠰᠠᠯᠠᠭ᠎ᠠ ᠮᠥᠴᠢᠷ ᠤᠨ ᠲᠣᠭᠲᠠᠭᠠᠭᠰᠠᠨ ᠭᠠᠵᠠᠷ ᠲᠤ ᠠᠯᠠᠵᠤ ᠨᠢᠳᠤᠯᠬᠤ ᠭᠡᠷᠡᠭᠳᠡᠢ  ᠃      ᠬᠤᠶᠠᠷ᠂ ᠵᠡᠭᠡᠯᠢ ᠳᠠᠭᠠᠤ ᠲᠡᠯᠬᠡᠬᠦᠷ ᠬᠤᠳᠠᠯᠳᠤᠭᠠᠨ ᠤ ᠡᠬᠦᠳᠡᠨ ᠳᠠᠬᠢ ᠤᠯᠠᠨ ᠨᠡᠶᠢᠲᠡ ᠶᠢᠨ ᠲᠠᠯᠠᠪᠠᠢ ᠶᠢ ᠡᠵᠡᠯᠡᠨ᠂  ᠠᠷᠠᠰᠤ ᠰᠢᠷᠢ  ᠪᠤᠶᠤ ᠪᠤᠰᠤᠳ ᠡᠯᠳᠡᠪ ᠶᠠᠭᠤᠮ᠎ᠠ ᠶᠢ ᠣᠪᠣᠭᠠᠯᠠᠵᠤ ᠲᠠᠯᠪᠢᠬᠤ ᠶᠢ ᠴᠠᠭᠠᠵᠠᠯᠠᠨ᠎ᠠ᠃      ᠭᠤᠷᠪᠠ᠂ ᠮᠠᠯ ᠵᠢᠭᠦᠷᠲᠡᠨ ᠤ ᠢᠯᠭᠠᠳᠠᠰᠤ ᠶᠢ ᠭᠡᠷ ᠤᠨ ᠭᠠᠳᠠᠨ᠎ᠠ ᠤᠬᠢᠶᠠᠵᠤ ᠴᠡᠪᠡᠷᠯᠡᠬᠦ ᠪᠠ ᠰᠢᠢᠳᠪᠦᠷᠢᠯᠡᠬᠦ᠂  ᠤᠬᠢᠶᠠᠵᠤ ᠴᠡᠪᠡᠷᠯᠡᠭᠰᠡᠨ ᠪᠣᠬᠢᠷ ᠤᠰᠤ ᠪᠠᠨ ᠳᠤᠷ᠎ᠠ ᠪᠠᠷ ᠠᠰᠬᠠᠵᠤ ᠴᠢᠳᠬᠤᠬᠤ ᠶᠢ  ᠴᠠᠭᠠᠵᠠᠯᠠᠨ᠎ᠠ᠃     ᠳᠥᠷᠪᠡ᠂ ᠬᠤᠰᠢᠭᠤᠨ ᠵᠠᠰᠠᠭ ᠤᠨ ᠣᠷᠳᠣᠨ ᠨᠢ ᠪᠤᠤᠴᠠᠩ ᠪᠠᠯᠭᠠᠰᠤᠨ ᠤ ᠵᠠᠰᠠᠭ ᠤᠨ ᠣᠷᠳᠣᠨ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠ ᠬᠤᠲᠠ ᠶᠢᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢ ᠵᠣᠬᠢᠶᠠᠨ ᠪᠠᠶᠢᠭᠤᠯᠵᠤ᠂ ᠳᠤᠷ᠎ᠠ ᠪᠠᠷ ᠢᠶᠠᠨ ᠠᠯᠠᠵᠤ ᠨᠢᠲᠤᠯᠬᠤ ᠠᠵᠢᠯᠯᠠᠭ᠎ᠠ ᠳᠤ ᠴᠡᠭᠴᠡᠯᠡᠯᠳᠡ ᠬᠢᠨ᠎ᠡ  ᠃ ᠢᠳᠬᠠᠯ   ᠢ ᠰᠣᠨᠣᠰᠬᠤ ᠦᠬᠡᠢ ᠪᠤᠶᠤ  ᠠᠯᠪᠠᠨ ᠠᠵᠢᠯ ᠭᠦᠢᠴᠡᠳᠬᠡᠬᠦ ᠶᠢ ᠬᠠᠷᠰᠢᠯᠠᠭᠰᠠᠨ ᠨᠢᠭᠡᠴᠡ ᠪᠠ ᠬᠤᠪᠢ ᠬᠥᠮᠥᠨ   ᠢ ᠬᠠᠤᠯᠢ ᠲᠦᠷᠢᠮ ᠤᠨ ᠲᠠᠭᠠᠤ ᠴᠢᠩᠭ᠎ᠠ ᠰᠢᠢᠳᠪᠦᠷᠢᠯᠡᠨ᠎ᠡ᠃      ᠲᠠᠪᠤ᠂  ᠬᠤᠳᠠ ᠶᠢᠨ ᠲᠣᠭᠤᠷᠢᠭ ᠲᠠᠬᠢ ᠳᠤᠷ᠎ᠠ ᠪᠠᠷ ᠢᠶᠠᠨ ᠠᠯᠠᠵᠤ ᠨᠢᠲᠤᠯᠬᠤ ᠪᠠ ᠳᠤᠷ᠎ᠠ ᠪᠠᠷ ᠢᠶᠠᠨ ᠲᠠᠯᠪᠢᠵᠤ ᠣᠪᠣᠭᠠᠯᠠᠬᠤ ᠥᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠎ᠠ᠃      ᠢᠯᠡᠴᠢᠯᠡᠨ ᠮᠡᠳᠡᠭᠦᠯᠬᠦ ᠤᠲᠠᠰᠤ᠄ ᠬᠤᠲᠠ ᠶᠢᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ  0479-5222204      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  0479-2265345      ᠪᠤᠤᠴᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ 0479 ︱ 5222227      ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ  0479-5226996      ᠨᠢᠭᠡᠳᠦᠭᠡᠷ ᠲᠣᠮᠢᠯᠠᠭᠰᠠᠨ ᠰᠠᠯᠪᠤᠷᠢ 0479-5222655      ᠬᠤᠶᠠᠳᠤᠭᠠᠷ ᠲᠣᠮᠢᠯᠠᠭᠰᠠᠨ ᠰᠠᠯᠪᠤᠷᠢ 0479-5222155      ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ  ᠤᠷᠴᠢᠨ ᠲᠤᠭᠤᠷᠢᠨ ᠪᠠ ᠢᠳᠡᠭᠡᠨ ᠡᠮ ᠤᠨ ᠵᠦᠢᠯ ᠤᠨ ᠲᠠᠩᠨᠠᠨ ᠪᠠᠶᠢᠴᠠᠭᠠᠬᠤ ᠶᠡᠭᠡ ᠠᠩᠭᠢ 0479-5223874                                                ᠲᠠᠶᠢᠹᠤᠰᠧ ᠬᠤᠰᠢᠭᠤᠨ ᠤ ᠠᠷᠠᠳ ᠤᠨ  ᠵᠠᠰᠠᠭ   ᠤᠨ ᠣᠷᠳᠣᠨ                       2024 ᠣᠨ ᠤ 1 ᠰᠠᠷ᠎ᠠ ᠶᠢᠨ 9   ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号