ᠯᠥᠸᠧ ᠲᠦᠸᠧ ᠱᠠᠨ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ  ᠬᠠᠮᠳᠤ ᠶᠢᠨ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2024/1/10
 1 ᠰᠠᠷ᠎ᠠ ᠶᠢᠨ 8 ᠤ ᠡᠳᠦᠷ᠂ ᠯᠥᠸᠧ ᠲᠦᠸᠧ ᠱᠠᠨ ᠪᠠᠯᠭᠠᠰᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠤᠳᠤᠷᠢᠳᠬᠤ ᠪᠠᠭ ᠤᠨ ᠭᠡᠰᠢᠬᠦᠳ ᠠᠴᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠵᠣᠷᠢᠭ ᠰᠠᠨᠠᠭ᠎ᠠ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ  ᠨᠠᠮ ᠤᠨ ᠲᠥᠪ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠲᠠᠭᠠᠭᠤᠯᠤᠨ  ᠰᠤᠷᠤᠯᠴᠠᠪᠠ᠃ ᠬᠤᠷᠠᠯ ᠠᠴᠠ  ᠂ ᠨᠠᠮ ᠤᠨ ᠬᠠᠮᠤᠭ ᠤᠨ ᠶᠡᠭᠡ ᠤᠯᠤᠰ ᠲᠥᠷᠥ ᠶᠢᠨ ᠳᠠᠪᠠᠭᠤᠯᠢᠭ ᠪᠣᠯ ᠣᠯᠠᠨ ᠲᠦᠮᠡᠨ ᠲᠠᠢ ᠨᠢᠭᠲᠠ ᠬᠠᠷᠢᠯᠴᠠᠬᠤ ᠶᠠᠪᠤᠳᠠᠯ ᠪᠣᠯᠣᠨ᠎ᠠ᠂ ᠠᠷᠠᠳ ᠲᠦᠮᠡᠨ ᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠶᠢ ᠪᠠᠳᠤᠳᠬᠠᠨ᠂ ᠰᠢᠨ᠎ᠡ ᠪᠠᠶᠢᠳᠠᠯ ᠳᠣᠣᠷᠠᠬᠢ ᠤᠯᠠᠨ ᠲᠦᠮᠡᠨᠴᠢ ᠠᠵᠢᠯ ᠤᠨ ᠣᠨᠴᠠᠯᠢᠭ ᠪᠠ ᠵᠢᠮ᠎ᠡ ᠶᠣᠰᠣ ᠶᠢ ᠡᠵᠡᠮᠳᠡᠵᠦ᠂ ᠤᠯᠠᠨ ᠲᠦᠮᠡᠨᠴᠢ ᠱᠤᠭᠤᠮ ᠢᠶᠠᠷ ᠲᠦᠷᠦᠭᠦᠯᠡᠨ ᠰᠠᠶᠢᠲᠤᠷ ᠶᠠᠪᠤᠵᠤ᠂ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠡᠯ᠎ᠡ ᠲᠠᠯ᠎ᠠ ᠳᠤ ᠢᠯᠡᠷᠡᠬᠦᠯᠦᠨ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠴᠢᠷᠮᠠᠶᠢᠵᠤ᠂ ᠠᠷᠠᠳ ᠤᠯᠠᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ  ᠬᠢᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号