ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠨᠢ ᠶᠠᠭᠤ ᠬᠢᠳᠡᠭ ᠪᠣᠶ︖
ᠨᠡᠶᠢᠲᠡᠯᠡᠭᠰᠡᠨ ᠴᠠᠭ᠄
2024/1/11
 ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠦᠨᠳᠦᠰᠦᠨ ᠱᠠᠲᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠨ᠎ᠠ︾᠂ ︽ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠠᠮ ᠤᠨ ᠤᠳᠤᠷᠢᠳᠤᠯᠭ᠎ᠠ ᠶᠢ ᠪᠦᠲᠦᠮᠵᠢᠲᠡᠶ ᠪᠠᠷ ᠪᠡᠶᠡᠯᠡᠭᠦᠯᠬᠦ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠤᠨ᠎ᠠ︾ ᠭᠡᠵᠦ ᠲᠣᠳᠣᠷᠬᠠᠢ ᠳᠤᠷᠠᠳᠤᠨ ᠭᠠᠷᠭᠠᠵᠠᠢ᠃     ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠪᠣᠯ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ︽ᠪᠣᠳᠠᠰᠴᠢᠯᠠᠭᠰᠠᠨ︾ ᠲᠦᠰᠢᠭ  ᠂ ᠮᠥᠨᠴᠦ ᠨᠠᠮ ᠤᠨ ᠭᠡᠰᠢᠭᠦᠨ ᠤᠯᠠᠨ ᠲᠦᠮᠡᠨ ᠳᠤ ᠦᠢᠯᠡᠴᠢᠯᠡᠬᠦ ᠭᠤᠣᠯ  ᠰᠠᠭᠤᠷᠢᠨ ᠭᠠᠵᠠᠷ ᠪᠠᠶᠢᠵᠤ᠂ ᠰᠢᠨ᠎ᠡ ᠴᠠᠭ ᠦᠶ᠎ᠡ ᠳᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠠᠬᠢᠵᠢᠭᠦᠯᠬᠦ᠂ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ᠂ ᠦᠨᠳᠦᠰᠦᠨ ᠱᠠᠲᠤᠨ ᠤ ᠵᠠᠰᠠᠯᠲᠠ ᠶᠢ ᠵᠢᠯᠤᠭᠤᠳᠤᠨ ᠠᠬᠢᠭᠤᠯᠬᠤ ᠳᠤ ᠯᠤᠲᠤ ᠶᠡᠭᠡ ᠦᠢᠯᠡᠳᠦᠯ ᠲᠠᠢ ᠶᠤᠮ᠃    ᠣᠶᠢᠷ᠎ᠠ ᠶᠢᠨ ᠵᠢᠯ ᠳᠤ᠂ ᠶᠡᠷᠦᠩᠬᠡᠢ ᠱᠦᠵᠢ ᠰᠢ ᠶᠢᠨ ᠫᠢᠩ ᠠᠴᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠳᠤᠷᠠᠳᠤᠭᠰᠠᠨ ᠠᠬᠤᠢ ᠪᠠᠶᠢᠳᠠᠯ ᠳᠣᠣᠷ᠎ᠠ᠂ ᠪᠦᠬᠦ ᠤᠯᠤᠰ ᠤᠨ ᠡᠯ᠎ᠡ ᠭᠠᠵᠠᠷ ᠲᠤ  ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠬᠤᠷ᠎ᠠ ᠶᠢᠨ ᠳᠠᠷᠠᠭᠠᠬᠢ ᠬᠤᠯᠤᠰᠤᠨ ᠰᠦᠶ᠎ᠡ ᠮᠡᠲᠦ ᠮᠠᠰᠢ ᠬᠤᠷᠳᠤᠨ ᠪᠠᠶᠢᠭᠤᠯᠤᠭᠳᠠᠭᠰᠠᠨ ᠪᠠᠶᠢᠨ᠎ᠠ᠃ ᠮᠠᠨ ᠤ ᠨᠡᠩ ᠰᠠᠶᠢᠨ ᠮᠡᠳᠡᠳᠡᠭ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠲᠠᠢ ᠬᠠᠷᠢᠴᠠᠭᠤᠯᠪᠠᠯ᠂ ᠮᠠᠰᠢ ᠤᠯᠠᠨ ᠤᠯᠠᠨ ᠲᠦᠮᠡᠨ ᠲᠡᠭᠦᠨ ᠤ ᠰᠠᠶᠢᠨ ᠲᠠᠢ ᠲᠠᠯ᠎ᠠ ᠶᠢ ᠨᠢᠭᠡᠨᠲᠡ ᠣᠯᠵᠤ ᠮᠡᠳᠡᠵᠡᠢ᠂ ᠭᠡᠪᠡᠴᠦ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠭᠡᠭᠴᠢ ᠶᠠᠭᠤ ᠪᠣᠯᠬᠤ ᠶᠢ ᠪᠠᠰᠠ ᠵᠠᠷᠢᠮ ᠤᠯᠠᠨ ᠲᠦᠮᠡᠨ ᠪᠠᠰᠠ ᠣᠶᠢᠯᠠᠭᠠᠬᠤ ᠦᠭᠡᠢ ᠪᠠᠶᠢᠵᠤ ᠮᠡᠳᠡᠨ᠎ᠠ᠂  ᠲᠡᠭᠡᠪᠡᠯ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠭᠡᠳᠡᠭ ᠨᠢ ᠶᠠᠭᠤ ᠬᠢᠳᠡᠭ ᠭᠠᠵᠠᠷ ᠪᠣᠶ︖    ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠪᠣᠯ ᠨᠠᠮ ᠤᠨ ᠭᠡᠰᠢᠭᠦᠨ᠂ ᠦᠨᠳᠦᠰᠦᠨ ᠱᠠᠲᠤᠨ ᠤ ᠺᠠᠳ᠋ᠷ᠂ ᠨᠠᠮ ᠳᠤ ᠣᠷᠣᠬᠤ ᠢᠳᠡᠪᠬᠢᠲᠡᠨ ᠪᠠ ᠡᠷᠬᠢᠨ ᠲᠣᠭᠤᠷᠢᠨ ᠤ ᠤᠯᠠᠨ ᠲᠦᠮᠡᠨ ᠳᠤ ᠬᠠᠨᠳᠤᠭᠰᠠᠨ᠂ ᠨᠠᠮ ᠤᠨ ᠠᠵᠢᠯ  ᠪᠠ ᠲᠦᠷᠦ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠨᠠᠮ ᠤᠨ ᠳᠣᠲᠣᠭᠠᠳᠤ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠨᠠᠮ ᠤᠨ ᠪᠠᠶᠢᠭᠤᠯᠤᠯᠲᠠ ᠶᠢᠨ ᠤᠨᠤᠯ ᠤᠨ ᠮᠡᠳᠡᠯᠭᠡ ᠶᠢ ᠤᠯᠠᠮᠵᠢᠯᠠᠬᠤ᠂ ᠨᠠᠮ ᠤᠨ ᠭᠡᠰᠢᠭᠦᠨ ᠤ ᠤᠯᠤᠰ ᠲᠦᠷᠦ ᠶᠢᠨ ᠠᠮᠢᠳᠤᠷᠠᠯ ᠢ ᠬᠠᠩᠭᠠᠬᠤ ᠲᠠᠯᠠᠪᠤᠷ ᠪᠣᠯᠣᠨ᠎ᠠ᠃ ᠲᠡᠭᠦᠨ ᠤ ᠠᠵᠢᠯ ᠤᠨ ᠬᠡᠪᠴᠢᠶ᠎ᠡ ᠳᠤ ᠨᠠᠮ ᠤᠨ ᠪᠠᠶᠢᠭᠤᠯᠤᠯᠲᠠ ᠶᠢᠨ ᠵᠢᠯᠣᠭᠤᠳᠤᠯᠭ᠎ᠠ᠂ ᠨᠠᠮ ᠤᠨ ᠭᠡᠰᠢᠬᠦᠨ ᠪᠠ ᠣᠯᠠᠨ ᠲᠦᠮᠡᠨ ᠳᠤ ᠦᠢᠯᠡᠴᠢᠯᠡᠬᠦ᠂ ᠰᠤᠷᠭᠠᠨ ᠬᠥᠮᠦᠵᠢᠯ ᠤᠨ ᠬᠠᠮᠢᠶᠠᠷᠤᠯᠲᠠ᠂ ᠦᠢᠯᠡᠰ ᠪᠣᠰᠬᠠᠬᠤ ᠦᠢᠯᠡᠴᠢᠯᠡᠭᠡ᠂ ᠴᠢᠳᠠᠪᠤᠷᠢᠲᠠᠨ ᠲᠠᠢ ᠬᠠᠷᠢᠯᠴᠠᠬᠤ᠂ ᠰᠠᠶᠢᠨ ᠳᠤᠷ᠎ᠠ ᠶᠢᠨ ᠬᠠᠪᠰᠤᠷᠤᠯᠭ᠎ᠠ᠂ ᠺᠠᠳ᠋ᠷᠴᠤᠳ ᠢ ᠳᠣᠷᠣᠭᠰᠢ ᠪᠠᠭᠤᠯᠭᠠᠵᠤ ᠲᠠᠪᠳᠠᠨ ᠪᠤᠯᠪᠠᠰᠤᠷᠠᠭᠤᠯᠬᠤ ᠵᠢᠴᠢ ᠰᠣᠶᠣᠯ ᠰᠤᠷᠭᠠᠨ ᠬᠦᠮᠦᠵᠢᠯ᠂ ᠠᠷᠠᠳ ᠲᠤ ᠲᠦᠭᠦᠮ ᠦᠵᠡᠭᠦᠯᠬᠦ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠨᠠᠮ ᠵᠠᠰᠠᠭ ᠤᠨ ᠦᠨᠳᠦᠰᠦᠨ ᠱᠠᠲᠤᠨ ᠳᠤ ᠬᠠᠷᠢᠯᠴᠠᠵᠤ ᠦᠢᠯᠡᠴᠢᠯᠡᠬᠦ ᠠᠭᠤᠯᠭ᠎ᠠ ᠶᠢ ᠪᠠᠭᠲᠠᠭᠠᠵᠤ ᠪᠣᠯᠣᠨ᠎ᠠ᠃    ᠬᠤᠲᠠ ᠰᠢᠶᠠᠨ ᠱᠠᠲᠤᠨ ᠤ ᠬᠢᠨ ᠲᠦᠷᠦᠯ ᠵᠦᠢᠯ ᠤᠨ ᠴᠢᠳᠠᠮᠵᠢ ᠶᠢᠨ ᠲᠠᠯ᠎ᠠ ᠪᠠᠷ ᠨᠡᠩ ᠤᠯᠠᠨ ᠦᠢᠯᠡᠴᠢᠯᠡᠭᠡ ᠬᠠᠩᠭᠠᠵᠤ᠂ ᠪᠠᠯᠭᠠᠰᠤ ︵ᠵᠡᠭᠡᠯᠢ ᠭᠤᠳᠤᠮᠵᠢ︶ ᠲᠣᠰᠬᠤᠨ ︵ᠨᠡᠶᠢᠭᠡᠮ ᠲᠣᠭᠤᠷᠢᠭ︶ ᠱᠠᠲᠤᠨ ᠤ ᠬᠢᠨ ᠤᠬᠠᠭᠤᠯᠭ᠎ᠠ ᠬᠦᠮᠦᠵᠢᠯ   ᠤᠨ ᠰᠠᠭᠤᠷᠢᠨ ᠳᠡᠭᠡᠷ᠎ᠡ᠂ ᠨᠠᠮ ᠤᠨ ᠭᠡᠰᠢᠭᠦᠨ ᠳᠤ ᠬᠠᠨᠳᠤᠭᠰᠠᠨ ᠦᠢᠯᠡᠴᠢᠯᠡᠭᠡ᠂ ᠠᠷᠠᠳ ᠤᠨ ᠶᠠᠪᠤᠳᠠᠯ᠂ ᠨᠡᠶᠢᠭᠡᠮ ᠤᠨ ᠪᠠᠲᠤᠯᠠᠭ᠎ᠠ᠂  ᠡᠮ ᠡᠮᠨᠡᠯᠭᠡ᠂ ᠬᠠᠤᠯᠢ ᠴᠠᠭᠠᠵᠠ ᠶᠢᠨ ᠯᠠᠪᠯᠠᠯᠭ᠎ᠠ ᠵᠡᠷᠭᠡ ᠤᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠤᠭᠳᠠᠭᠰᠠᠨ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠬᠠᠩᠭᠠᠬᠤ ᠶᠢ ᠨᠡᠩ ᠢᠯᠡᠭᠦᠦ  ᠴᠢᠬᠤᠯᠠᠴᠢᠯᠠᠨ᠎ᠠ᠃     ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ ᠭᠤᠷᠪᠠᠨ ᠪᠠᠶᠢᠷᠢ ᠲᠣᠭᠲᠠᠭᠠᠯᠲᠠ  ᠄    ᠨᠢᠭᠡ᠂ ᠬᠤᠳᠠ ᠬᠥᠳᠡᠭᠡ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠰᠠᠭᠤᠷᠢᠨ ᠭᠠᠵᠠᠷ ᠤᠨ ᠪᠠᠳᠤᠯᠠᠭᠠᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠣᠨ ᠠᠵᠢᠯᠯᠠᠭᠠᠨ ᠤ ᠴᠢᠳᠠᠪᠤᠷᠢ ᠶᠢ ᠢᠯᠡᠷᠡᠭᠦᠯᠵᠦ᠂ ᠨᠡᠭᠡᠭᠡᠯᠲᠡᠲᠡᠢ ᠡᠷᠴᠢᠮᠯᠢᠭ ᠬᠠᠮᠲᠤᠪᠠᠷ ᠡᠳ᠋ᠯᠡᠬᠦ ᠰᠠᠭᠤᠷᠢᠨ ᠭᠠᠵᠠᠷ ᠤᠨ ᠰᠢᠰᠲ᠋ᠧᠮ ᠤᠨ ᠴᠢᠬᠤᠯᠠ ᠠᠴᠢᠶᠠᠯᠠᠪᠤᠷᠢ ᠶᠢ ᠪᠠᠶᠢᠭᠤᠯᠤᠨ᠎ᠠ᠃ ᠵᠣᠬᠢᠶᠠᠨ ᠪᠠᠶᠢᠭᠤᠯᠬᠤ ᠬᠦᠴᠦᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠰᠠᠭᠤᠷᠢᠨ ᠭᠠᠵᠠᠷ ᠤᠨ ᠪᠠᠷᠢᠮᠵᠢᠶᠠᠵᠢᠭᠰᠠᠨ ᠲᠦᠷᠢᠮᠵᠢᠭᠰᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠢ ᠠᠬᠢᠭᠤᠯᠬᠤ ᠪᠣᠯ ᠨᠠᠮ ᠤᠨ ᠦᠨᠳᠦᠰᠦᠨ ᠱᠠᠲᠤᠨ ᠤ ᠠᠵᠢᠯ ᠤᠨ ᠨᠢᠭᠡᠨ ᠴᠢᠬᠤᠯᠠ ᠬᠦᠴᠦᠯᠡᠬᠦ ᠴᠡᠭ ᠮᠥᠨ ᠃ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠪᠣᠯ ᠳᠠᠷᠤᠢ ᠨᠠᠮ ᠤᠨ ᠵᠣᠬᠢᠶᠠᠨ ᠪᠠᠶᠢᠭᠤᠯᠤᠯᠲᠠ ᠠᠴᠠ ᠲᠦᠷᠦᠭᠦᠯᠡᠨ ᠪᠠᠶᠢᠭᠤᠯᠵᠤ ᠬᠠᠮᠢᠶᠠᠷᠤᠭᠰᠠᠨ᠂ ᠠᠵᠢᠯᠯᠠᠭᠠᠨ ᠤ ᠲᠠᠯᠠᠪᠤᠷ ᠲᠠᠢ᠂ ᠦᠢᠯᠡᠴᠢᠯᠡᠭᠡᠨ ᠤ ᠲᠥᠬᠦᠭᠡᠷᠦᠮᠵᠢ ᠲᠠᠢ᠂ ᠵᠠᠷᠤᠳᠠᠯ ᠤᠨ ᠪᠠᠲᠤᠯᠠᠭ᠎ᠠ ᠲᠠᠢ᠂ ᠲᠤᠰᠬᠠᠢ ᠠᠵᠢᠯᠲᠠᠨ ᠲᠠᠢ ᠨᠠᠮ ᠤᠨ ᠭᠡᠰᠢᠭᠦᠨ ᠤᠯᠠᠨ ᠲᠦᠮᠡᠨ ᠳᠤ  ᠬᠠᠨᠳᠤᠭᠰᠠᠨ ᠨᠡᠭᠡᠭᠡᠯᠲᠡ ᠲᠠᠢ ᠬᠠᠮᠲᠤᠪᠠᠷ ᠡᠳ᠋ᠯᠡᠬᠦ ᠣᠷᠣᠨ ᠵᠠᠢ  ᠮᠦᠨ᠃  ᠪᠠᠶᠢᠭᠤᠯᠭ᠎ᠠ ᠨᠢᠭᠡᠴᠡ᠂ ᠠᠵᠢᠯ ᠲᠦᠷᠦᠯ ᠪᠠ  ᠡᠯ᠎ᠡ ᠬᠦᠷᠢᠶᠡᠨ ᠤ ᠨᠠᠮ ᠤᠨ ᠵᠣᠬᠢᠶᠠᠨ ᠪᠠᠶᠢᠭᠤᠯᠤᠯᠲᠠ ᠲᠠᠢ ᠬᠠᠷᠢᠯᠴᠠᠬᠤ ᠬᠤᠯᠪᠣᠭᠠᠰᠤ᠂ ᠤᠯᠤᠰ ᠲᠦᠷᠦ ᠶᠢᠨ ᠴᠢᠳᠠᠮᠵᠢ᠂ ᠦᠢᠯᠡᠴᠢᠯᠡᠭᠡᠨ ᠤ ᠴᠢᠳᠠᠮᠵᠢ᠂ ᠠᠭᠤᠰᠤᠯᠴᠠᠯ ᠤᠨ ᠴᠢᠳᠠᠮᠵᠢ ᠲᠠᠢ ᠬᠤᠪᠢᠰᠬᠠᠯ ᠤᠨ ᠭᠡᠷ ᠣᠷᠣᠨ  ᠮᠦᠨ᠃ ᠨᠠᠮ ᠤᠨ ᠪᠠᠶᠢᠭᠤᠯᠤᠯᠲᠠ᠂ ᠵᠠᠰᠠᠭ ᠵᠠᠬᠢᠷᠭᠠᠨ ᠤ ᠡᠬᠢ ᠪᠠᠶᠠᠯᠢᠭ ᠪᠠ  ︽ᠬᠤᠶᠠᠷ ᠰᠢᠨ᠎ᠡ ᠵᠣᠬᠢᠶᠠᠨ ᠪᠠᠶᠢᠭᠤᠯᠤᠯᠲᠠ︾᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠨᠠᠮ ᠤᠨ ᠭᠡᠰᠢᠭᠦᠨ ᠰᠠᠶᠢᠨ ᠲᠤᠷᠠᠳᠠᠳ ᠵᠡᠷᠭᠡ ᠡᠯ᠎ᠡ ᠲᠦᠷᠦᠯ ᠤᠨ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠨᠠᠮ ᠤᠨ ᠭᠡᠰᠢᠭᠦᠨ ᠤᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡ ᠬᠠᠩᠭᠠᠬᠤ  ᠲᠤᠯᠭᠠᠭᠤᠷᠢ ᠲᠠᠪᠴᠠᠩ ᠮᠥᠨ᠃     ᠬᠤᠶᠠᠷ᠂  ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠪᠣᠳᠠᠲᠠᠢ ᠴᠢᠳᠠᠮᠵᠢ ᠶᠢ ᠬᠠᠷᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠯᠠᠪᠤᠷ ᠭᠠᠵᠠᠷ ᠪᠤᠯᠤᠨ᠎ᠠ᠃  ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠪᠣᠯ ᠨᠠᠮ ᠤᠨ ᠭᠡᠰᠢᠭᠦᠨ ᠣᠯᠠᠨ ᠲᠦᠮᠡᠨ ᠳᠤ ᠦᠢᠯᠡᠴᠢᠯᠡᠬᠦ ᠴᠤᠩᠬᠤᠪᠴᠢ ᠰᠠᠭᠤᠷᠢᠨ ᠭᠠᠵᠠᠷ  ᠂ ᠨᠠᠮ ᠤᠨ ᠪᠠᠶᠢᠭᠤᠯᠤᠯᠲᠠ ᠶᠢᠨ ᠤᠬᠠᠭᠤᠯᠭ᠎ᠠ᠂ ᠦᠢᠯᠡᠴᠢᠯᠡᠭᠡ᠂ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠡᠬᠢ ᠪᠠᠶᠠᠯᠢᠭ ᠢ ᠬᠠᠷᠢᠯᠴᠠᠨ ᠨᠡᠪᠲᠡᠷᠡᠭᠦᠯᠬᠦ  ᠬᠤᠪᠢᠰᠬᠠᠯ ‍ᠤ᠊ ᠰᠠᠭᠤᠷᠢᠨ ᠭᠠᠵᠠᠷ᠂ ᠵᠣᠬᠢᠶᠠᠨ ᠪᠠᠶᠢᠭᠤᠯᠤᠯᠲᠠ ᠶᠢᠨ ᠤᠴᠢᠷ ᠶᠠᠪᠤᠳᠠᠯ ᠢ ᠭᠦᠢᠴᠡᠳᠬᠡᠬᠦ᠂  ᠠᠵᠢᠯᠯᠠᠬᠤ᠂ ᠰᠣᠷᠪᠤᠯᠵᠢᠯᠠᠭ᠎ᠠ ᠬᠦᠯᠢᠶᠡᠬᠦ᠂ ᠬᠤᠷᠠᠯ ᠬᠢᠬᠦ᠂ ᠪᠤᠯᠪᠠᠰᠤᠷᠠᠯ ᠬᠥᠮᠦᠵᠢᠯ ᠬᠢᠬᠦ᠂ ᠰᠡᠳᠬᠢᠯ ᠤᠨ ᠦᠭᠡ ᠪᠠᠨ  ᠶᠠᠷᠢᠯᠴᠠᠬᠤ᠂  ᠳᠡᠯᠭᠡᠨ ᠦᠵᠡᠭᠦᠯᠬᠦ᠂ ᠨᠣᠮ ᠰᠡᠳᠬᠦᠯ ᠤᠩᠰᠢᠬᠤ᠂ ᠣᠯᠠᠨ ᠲᠦᠮᠡᠨᠴᠢ ᠪᠦᠯᠬᠦᠮ ᠤᠨ ᠠᠵᠢᠯᠯᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠡ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ᠂ ᠰᠣᠶᠣᠯ ᠲᠠᠮᠢᠷ ᠤᠨ ᠠᠵᠢᠯᠯᠠᠭ᠎ᠠ ᠦᠷᠨᠢᠬᠦᠯᠬᠦ ᠵᠡᠷᠭᠡ ᠴᠢᠳᠠᠮᠵᠢ ᠲᠠᠢ ᠪᠠᠶᠢᠬᠤ ᠬᠡᠷᠡᠭᠲᠡᠢ᠃ ᠡᠭᠦᠨ ᠤ ᠬᠠᠮᠲᠤ ᠪᠣᠳᠠᠲᠠᠢ ᠬᠡᠷᠡᠭᠴᠡᠭᠡ ᠪᠠᠨ ᠦᠨᠳᠦᠰᠦᠯᠡᠨ ᠵᠠᠰᠠᠭ ᠤᠨ ᠶᠠᠪᠤᠳᠠᠯ ᠤᠨ ᠰᠢᠭᠤᠳ ᠨᠡᠪᠲᠡᠷᠡᠬᠦ ᠦᠢᠯᠡᠴᠢᠯᠡᠭᠡ᠂ ᠴᠢᠳᠠᠪᠤᠷᠢᠲᠠᠨ ᠤ ᠦᠢᠯᠡᠴᠢᠯᠡᠭᠡ ᠵᠡᠷᠭᠡ ᠴᠢᠳᠠᠮᠵᠢ ᠶᠢ ᠨᠡᠮᠡᠭᠳᠡᠭᠦᠯᠵᠦ᠂ ᠰᠦᠯᠵᠢᠶᠡᠨ ᠭᠠᠳᠠᠨᠠᠬᠢ ᠰᠤᠷᠭᠠᠨ ᠬᠥᠮᠦᠵᠢᠯ ᠤᠨ ᠳᠠᠶᠢᠴᠢᠯᠠᠯᠲᠠ ᠶᠢ ᠰᠦᠯᠵᠢᠶᠡᠨ ᠳᠡᠭᠡᠷᠡᠬᠢ ᠰᠣᠯᠢᠯᠴᠠᠭ᠎ᠠ ᠲᠠᠢ ᠤᠶᠠᠯᠳᠤᠭᠤᠯᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ  ᠨᠢ ᠬᠠᠷᠢᠯᠴᠠᠨ ᠬᠤᠯᠪᠣᠭᠠᠯᠠᠵᠤ ᠬᠠᠷᠢᠯᠴᠠᠨ ᠦᠢᠯᠡᠳᠦᠯᠴᠡᠬᠦ ᠶᠢ ᠬᠡᠷᠡᠭᠵᠢᠭᠦᠯᠵᠦ᠂ ᠨᠠᠮ ᠤᠨ ᠭᠡᠰᠢᠭᠦᠨ᠂ ᠣᠯᠠᠨ ᠲᠦᠮᠡᠨ ᠣᠶᠢᠷ᠎ᠠ ᠬᠠᠪᠢ ᠳᠠᠭᠠᠨ ᠶᠠᠮᠠᠷᠪᠠ ᠨᠢᠭᠡᠨ  ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠲᠤ ᠬᠦᠷᠴᠦ  ᠬᠡᠷᠡᠭ ᠶᠠᠪᠤᠳᠠᠯ  ᠭᠦᠢᠴᠡᠳᠬᠡᠬᠦ ᠳᠤ ᠣᠷᠣᠯᠴᠠᠵᠤ ᠪᠣᠯᠣᠨ᠎ᠠ᠃ ᠲᠡᠭᠦᠨ ᠤ ᠴᠢᠳᠠᠪᠬᠢ ᠨᠢ ᠨᠢᠭᠡᠨᠲᠡ ᠲᠠᠩ ᠴᠤᠯᠭᠤᠢ ᠬᠡᠷᠡᠭ ᠡᠷᠬᠢᠯᠡᠬᠦ ᠲᠠᠯᠠᠪᠤᠷ ᠤᠨ ᠭᠡᠪᠴᠢᠶ᠎ᠡ ᠠᠴᠠ ᠳᠠᠪᠠᠵᠤ᠂ ᠦᠵᠡᠯ ᠰᠠᠨᠠᠭᠠᠨ ᠤ ᠬᠥᠮᠦᠵᠢᠯ᠂ ᠤᠯᠤᠰ ᠲᠦᠷᠦ ᠶᠢᠨ ᠵᠢᠯᠣᠭᠤᠳᠤᠯᠭ᠎ᠠ᠂ ᠰᠡᠳᠬᠢᠴᠡ ᠶᠢᠨ ᠵᠢᠯᠣᠭᠤᠳᠤᠯᠭ᠎ᠠ᠂ ᠵᠣᠬᠢᠴᠠᠭᠤᠯᠤᠨ ᠨᠡᠪᠲᠡᠷᠡᠯᠴᠡᠬᠦ᠂ ᠡᠬᠢ ᠪᠠᠶᠠᠯᠢᠭ ᠢ ᠨᠡᠶᠢᠳᠬᠡᠬᠦ᠂ ᠬᠡᠷᠡᠭ ᠶᠠᠪᠤᠳᠠᠯ ᠢ ᠨᠠᠶᠢᠳᠠᠪᠤᠷᠢᠵᠢᠭᠤᠯᠬᠤ᠂ ᠨᠠᠮ ᠤᠨ ᠭᠡᠰᠢᠬᠦᠨ ᠤᠯᠠᠨ ᠲᠦᠮᠡᠨ ᠬᠠᠮᠲᠤᠪᠠᠷ ᠪᠠᠶᠢᠭᠤᠯᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠡᠯ᠎ᠡ ᠲᠠᠯ᠎ᠠ ᠶᠢ ᠬᠠᠮᠤᠷᠤᠭᠰᠠᠨ ᠪᠠᠶᠢᠨ᠎ᠠ᠃    ᠭᠤᠷᠪᠠ᠂ ᠬᠤᠳᠠ ᠬᠦᠳᠡᠭᠡ ᠶᠢᠨ ᠨᠠᠮ ᠤᠨ ᠠᠵᠢᠯ ᠤᠨ ᠴᠢᠬᠤᠯᠠ ᠰᠠᠭᠤᠷᠢᠨ ᠭᠠᠵᠠᠷ ᠪᠣᠯᠣᠨ᠎ᠠ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠠᠮ ᠤᠨ ᠵᠣᠷᠢᠯᠲᠠ ᠶᠢ ᠤᠬᠠᠭᠤᠯᠬᠤ᠂ ᠨᠠᠮ ᠤᠨ ᠲᠣᠭᠲᠠᠭᠠᠯ ᠢ  ᠲᠤᠤᠱᠯᠠᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠬᠤ᠂ ᠤᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠬᠤ᠂ ᠥᠭᠡᠷᠡᠴᠢᠯᠡᠯᠲᠡ ᠬᠥᠭᠵᠢᠯᠲᠡ ᠶᠢ ᠲᠦᠯᠬᠢᠨ ᠠᠬᠢᠭᠤᠯᠬᠤ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠳᠤ ᠨᠠᠮ ᠤᠨ ᠬᠤᠳᠠ ᠬᠥᠳᠡᠭᠡ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠬᠤ ᠪᠠ ᠴᠢᠩᠭᠠᠳᠬᠠᠵᠤ᠂ ᠨᠠᠮ ᠤᠨ ᠬᠤᠳᠠ ᠬᠥᠳᠡᠭᠡ ᠳᠠᠬᠢ ᠲᠦᠷᠦ ᠪᠠᠷᠢᠬᠤ ᠰᠠᠭᠤᠷᠢ ᠶᠢ ᠪᠠᠲᠤᠳᠬᠠᠬᠤ ᠴᠢᠬᠤᠯᠠᠲᠠᠢ ᠶᠤᠮ᠃ ᠡᠨᠡ ᠬᠦ ᠤᠳᠬ᠎ᠠ ᠠᠭᠤᠯᠭ᠎ᠠ ᠠᠴᠠ ᠠᠪᠴᠤ ᠬᠡᠯᠡᠪᠡᠯ᠂  ᠨᠠᠮ ᠤᠨ ᠭᠡᠰᠢᠬᠦᠨ ᠣᠯᠠᠨ ᠲᠦᠮᠡᠨ  ᠳᠤ ᠦᠢᠯᠡᠴᠢᠯᠡᠬᠦ ᠲᠥᠪ ᠪᠣᠯ ᠳᠠᠷᠤᠢ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠬᠤ ᠤᠯᠤᠰ ᠲᠦᠷᠦ ᠶᠢᠨ ᠲᠥᠪ ᠂ ᠤᠯᠠᠨ ᠲᠦᠮᠡᠨ ᠢ ᠤᠬᠠᠭᠤᠯᠤᠨ ᠬᠥᠮᠥᠵᠢᠭᠦᠯᠬᠦ ᠰᠣᠶᠣᠯ ᠤᠨ ᠲᠥᠪ᠂ ᠤᠯᠠᠨ ᠲᠦᠮᠡᠨ ᠲᠠᠢ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠬᠦ ᠠᠷᠠᠳ ᠲᠤ ᠳᠦᠭᠦᠮ ᠦᠵᠡᠭᠦᠯᠬᠦ ᠲᠥᠪ  ᠪᠤᠯᠤᠨ᠎ᠠ᠃  ᠭᠡᠬᠦ ᠳᠡᠭᠡᠨ ᠨᠠᠮ ᠤᠨ ᠭᠡᠰᠢᠭᠦᠨ ᠤᠯᠠᠨ ᠲᠦᠮᠡᠨ ᠢ ᠬᠡᠷᠬᠢᠨ ᠳᠤᠷᠠᠲᠠᠶ᠎ᠠ ᠣᠷᠣᠭᠤᠯᠵᠤ  ᠠᠪᠴᠢᠷᠠᠬᠤ᠂  ᠦᠯᠡᠳᠡᠭᠡᠵᠦ ᠳᠡᠶᠢᠯᠬᠦ᠂ ᠲᠠᠬᠢᠨ ᠢᠷᠡᠭᠦᠯᠬᠦ ᠶᠢ ᠪᠤᠳᠤᠬᠤ ᠭᠡᠷᠡᠭᠳᠡᠢ  ᠂ ᠲᠤᠬᠠᠶᠢᠯᠠᠪᠠᠯ  ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠢᠶᠠᠷ ᠠᠴᠢᠶᠠᠯᠠᠪᠤᠷᠢ ᠪᠤᠯᠭᠠᠨ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠲᠣᠭᠲᠠᠴᠠ᠂ ᠠᠷᠠᠳᠴᠢᠯᠠᠯ ᠢᠶᠠᠷ ᠵᠥᠪᠳᠡᠯᠴᠡᠬᠦ ᠲᠣᠭᠲᠠᠴᠠ᠂ ᠣᠯᠠᠨ ᠲᠦᠮᠡᠨᠴᠢ ᠪᠦᠯᠬᠦᠮ ᠤᠨ ᠳᠠᠶᠢᠴᠢᠯᠠᠬᠤ ᠲᠣᠭᠲᠠᠴᠠ᠂ ᠨᠡᠶᠢᠭᠡᠮ ᠤᠨ ᠣᠷᠣᠯᠴᠠᠬᠤ ᠲᠣᠭᠲᠠᠴᠠ ᠵᠡᠷᠭᠡ ᠶᠢ ᠪᠠᠶᠢᠭᠤᠯᠤᠨ  ᠲᠡᠬᠦᠯᠳᠡᠷᠵᠢᠬᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠵᠠᠰᠠᠭ ᠤᠨ ᠣᠷᠳᠣᠨ ᠪᠠ ᠣᠯᠠᠨ ᠲᠦᠮᠡᠨᠴᠢ ᠪᠦᠯᠬᠦᠮ ᠤᠨ ᠬᠦᠴᠦᠨ ᠢ ᠨᠢᠭᠲᠠᠷᠠᠭᠤᠯᠵᠤ᠂  ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠤᠨ ᠠᠵᠢᠯᠯᠠᠭᠠᠨ ᠤ ᠬᠠᠮᠢᠶᠠᠷᠤᠯᠲᠠ ᠳᠤ ᠬᠠᠮᠲᠤ ᠪᠠᠷ ᠤᠷᠤᠯᠴᠠᠨ᠎ᠠ᠃ ᠨᠠᠮ ᠤᠨ ᠭᠡᠰᠢᠭᠦᠨ ᠤ ᠦᠢᠯᠡᠴᠢᠯᠡᠭᠡ᠂ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ᠂ ᠬᠠᠪᠰᠤᠷᠤᠨ ᠬᠢᠵᠦ ᠣᠷᠣᠯᠠᠨ ᠭᠦᠢᠴᠡᠳᠬᠡᠬᠦ᠂ ᠵᠥᠪᠯᠡᠯᠭᠡ ᠥᠭᠴᠦ ᠢᠯᠡᠴᠢᠯᠡᠨ ᠵᠠᠭᠠᠯᠳᠤᠬᠤ ᠵᠡᠷᠭᠡ ᠲᠤᠰᠬᠠᠢ ᠴᠣᠩᠬᠤᠪᠴᠢ ᠭᠠᠷᠭᠠᠵᠤ᠂ ᠨᠠᠮ ᠤᠨ ᠪᠠᠶᠢᠭᠤᠯᠤᠯᠲᠠ᠂ ᠤᠯᠤᠰ ᠲᠦᠷᠦ ᠬᠠᠤᠯᠢ ᠴᠠᠭᠠᠵᠠ᠂ ᠤᠬᠠᠭᠤᠯᠭ᠎ᠠ᠂ ᠬᠥᠮᠦᠵᠢᠯ᠂  ᠶᠡᠷᠦᠩᠬᠡᠶᠢᠯᠡᠭᠰᠡᠨ ᠵᠠᠰᠠᠯᠳᠠ᠂ ᠠᠷᠠᠳ ᠤᠨ ᠶᠠᠪᠤᠳᠠᠯ᠂ ᠬᠥᠳᠡᠭᠡ ᠠᠵᠤ ᠠᠬᠤᠢ ᠬᠥᠳᠡᠭᠡ ᠲᠣᠰᠬᠤᠨ ᠵᠡᠷᠭᠡ ᠰᠠᠯᠠᠭ᠎ᠠ ᠮᠥᠴᠢᠷ ᠤᠨ ᠬᠢᠨ ᠦᠨᠳᠦᠰᠦᠨ ᠱᠠᠲᠤᠨ ᠤ ᠵᠠᠰᠠᠯᠲᠠ ᠶᠢ ᠦᠨᠳᠦᠰᠦᠨ ᠱᠠᠲᠤᠨ ᠳᠤ ᠬᠦᠷᠲᠡᠯ᠎ᠡ ᠰᠤᠨᠤᠭᠠᠵᠤ᠂ ᠦᠢᠯᠡᠴᠢᠯᠡᠭᠡ ᠶᠢ ᠴᠣᠩᠬᠤᠪᠴᠢ ᠳᠤ ᠬᠦᠷᠲᠡᠯ᠎ᠡ ᠰᠤᠨᠤᠭᠠᠨ᠎ᠠ᠃ ᠨᠠᠮ ᠤᠨ ᠭᠡᠰᠢᠬᠦᠨ ᠣᠯᠠᠨ ᠲᠦᠮᠡᠨ  ᠬᠠᠮᠲᠤᠪᠠᠷ ᠡᠳ᠋ᠯᠡᠬᠦ᠂ ᠡᠬᠢ ᠪᠠᠶᠠᠯᠢᠭ ᠢ ᠬᠠᠮᠲᠤᠪᠠᠷ ᠬᠡᠷᠡᠭᠯᠡᠬᠦ ᠶᠢ ᠠᠬᠢᠭᠤᠯᠵᠤ᠂ ︽ᠨᠢᠭᠡ ᠭᠡᠷ ᠤᠨ ᠬᠢᠨ ᠪᠦᠯᠬᠦᠮᠳᠡᠨ ᠨᠢᠬᠳᠠᠷᠠᠬᠤ︾ ︽ᠬᠤᠯᠠ ᠶᠢᠨ ᠰᠠᠳᠤᠨ ᠠᠴᠠ ᠬᠥᠷᠰᠢ ᠵᠡᠷᠭᠡᠯᠡᠳᠡᠭᠡ  ︾  ᠬᠡᠮᠡᠬᠦ ᠣᠶᠢᠯᠠᠭᠠᠭᠳᠠᠬᠤᠨ ᠢ ᠪᠣᠶ ᠪᠣᠯᠭᠠᠨ᠎ᠠ᠃ ᠢᠷᠡᠯᠳᠡ᠄  ᠲᠠᠶᠢᠹᠤᠰᠧ ᠬᠤᠰᠢᠭᠤᠨ ᠤ ᠤᠬᠠᠭᠤᠯᠭ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号