ᠪᠤᠤᠴᠠᠩ ᠪᠠᠯᠭᠠᠰᠤ  ᠵᠢᠯ ᠤᠨ ᠡᠴᠦᠰ ᠤᠨ ᠱᠠᠭᠠᠷᠳᠠᠨ ᠪᠠᠶᠢᠴᠠᠭᠠᠵᠤ ᠬᠢᠨᠠᠨ ᠰᠢᠯᠭᠠᠬᠤ ᠠᠵᠢᠯ ᠢ  ᠰᠠᠶᠢᠲᠤᠷ ᠠᠳᠬᠤᠨ᠎ᠠ
ᠨᠡᠶᠢᠲᠡᠯᠡᠭᠰᠡᠨ ᠴᠠᠭ᠄
2024/1/11
    ᠲᠣᠰᠬᠤᠨ ᠱᠠᠳᠤᠨ ᠤ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠶᠢ ᠤᠯᠠᠮ ᠴᠢᠩᠭᠠᠳᠬᠠᠨ᠂ ︽ᠲᠠᠪᠤᠨ ᠬᠦᠴᠦᠷᠬᠡᠭ︾ ᠭᠠᠴᠠᠭ᠎ᠠ ᠲᠣᠰᠬᠤᠨ ᠤ  ᠪᠠᠶᠢᠭᠤᠯᠤᠯᠲᠠ ᠶᠢ ᠠᠬᠢᠭᠤᠯᠵᠤ᠂  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ  ᠠᠵᠢᠯ ᠢ ᠯᠠᠪᠳᠠᠭᠤᠨ ᠪᠠᠲᠤᠲᠠᠢ ᠠᠬᠢᠭᠤᠯᠬᠤ  ᠶᠢᠨ ᠲᠦᠯᠦᠭᠡ᠂ ᠪᠤᠤᠴᠠᠩ  ᠪᠠᠯᠭᠠᠰᠤᠨ ᠤ ᠬᠢᠨ 1 ᠰᠠᠷ᠎ᠠ ᠶᠢᠨ 4  ᠤ ᠡᠳᠦᠷ ᠠᠴᠠ 8  ᠤ ᠡᠳᠦᠷ ᠪᠣᠯᠲᠠᠯ᠎ᠠ ᠪᠦᠬᠦ  ᠪᠠᠯᠭᠠᠰᠤᠨ ᠤ 21 ᠵᠠᠰᠠᠭ ᠵᠠᠬᠢᠷᠭᠠᠨ ᠤ ᠲᠣᠰᠬᠤᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ  ᠠᠵᠢᠯ ᠤᠨ ︽ᠡᠷᠬᠢᠨ ᠬᠠᠷᠠᠬᠤ︾ ᠲᠤᠰᠬᠠᠢ ᠠᠵᠢᠯᠯᠠᠭ᠎ᠠ᠂  ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ ᠶᠢᠨ ᠱᠠᠭᠠᠷᠳᠠᠨ ᠪᠠᠶᠢᠴᠠᠭᠠᠬᠤ ᠠᠵᠢᠯᠯᠠᠭ᠎ᠠ᠂ ᠲᠣᠰᠬᠤᠨ ᠤ ︽ᠬᠤᠶᠠᠷ ᠵᠥᠪᠯᠡᠯ︾  ᠤᠨ ᠠᠵᠢᠯ ᠤᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠠᠵᠢᠯᠯᠠᠭ᠎ᠠ  ᠥᠷᠨᠢᠭᠦᠯᠵᠡᠢ᠃ ᠡᠭᠦᠨ ᠤ ᠬᠠᠮᠲᠤ ︽ᠲᠠᠶᠢᠹᠤᠰᠧ ᠬᠤᠰᠢᠭᠤᠨ ᠤ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷᠴᠤᠳ ᠤᠨ 2023 ᠣᠨ ᠤ ᠬᠢᠨᠠᠨ ᠰᠢᠯᠭᠠᠯᠲᠠ ᠶᠢᠨ ᠬᠡᠷᠡᠭᠵᠢᠭᠦᠯᠬᠦ ᠲᠦᠰᠦᠪ︾ ᠢ ᠦᠨᠳᠦᠰᠦᠯᠡᠨ ᠲᠣᠰᠬᠤᠨ ᠳᠤ ᠰᠠᠭᠤᠭ᠎ᠠ ᠺᠠᠳ᠋ᠷᠴᠤᠳ ᠢ  ᠬᠢᠨᠠᠨ ᠰᠢᠯᠭᠠᠭᠰᠠᠨ ᠪᠠᠶᠢᠨ᠎ᠠ᠃  ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ   ᠪᠠᠷ ᠲᠤᠭᠤᠶᠢᠯᠠᠩ ᠤᠨ ᠲᠠᠷᠤᠭ᠎ᠠ ᠪᠤᠯᠭᠠᠵᠤ᠂ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠠᠯᠪᠠᠨ ᠭᠡᠷ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠠᠵᠢᠯᠲᠠᠳ ᠢᠶᠠᠷ  ᠭᠡᠰᠢᠬᠦᠨ ᠪᠣᠯᠭᠠᠭᠰᠠᠨ ᠭᠤᠷᠪᠠᠨ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂  ᠡᠯ᠎ᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ  ᠶᠢᠨ ᠪᠠᠶᠢᠳᠠᠯ᠂ ᠲᠠᠷᠢᠶᠠᠴᠢᠳ ᠤᠨ ᠠᠵᠢᠯ ᠣᠯᠣᠭᠰᠠᠨ ᠲᠤᠭ᠎ᠠ ᠪᠠᠷᠢᠮᠲᠠ ᠪᠠ ᠶᠠᠰᠤ ᠴᠢᠨᠠᠷ ᠤᠨ ᠪᠠᠶᠢᠳᠠᠯ ᠢ ᠪᠠᠶᠢᠴᠠᠭᠠᠨ  ᠤᠶᠢᠯᠠᠭᠠᠭᠰᠠᠨ ᠪᠦᠭᠡᠳ ᠡᠯ᠎ᠡ ᠲᠣᠰᠬᠤᠨ ᠤ ᠤᠳᠤᠷᠢᠳᠬᠤ ᠪᠠᠭ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠠᠵᠢᠯ ᠤᠨ ᠪᠠᠶᠢᠳᠠᠯ ᠢ ᠬᠢᠨᠠᠨ ᠰᠢᠯᠭᠠᠵᠤ᠂ ᠨᠠᠮ ᠤᠨ ᠪᠠᠶᠢᠭᠤᠯᠤᠯᠲᠠ ᠶᠢᠨ ᠳᠠᠩᠰᠠ ᠡᠪᠬᠡᠮᠡᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠠᠵᠢᠯ ᠤᠨ ᠳᠠᠩᠰᠠ ᠡᠪᠬᠡᠮᠡᠯ ᠢ  ᠪᠠᠶᠢᠴᠠᠭᠠᠨ ᠦᠵᠡᠪᠡ᠃  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ︽ᠡᠷᠬᠢᠨ ᠬᠠᠷᠠᠬᠤ︾ ᠲᠤᠰᠬᠠᠢ ᠲᠦᠷᠦᠯ ᠤᠨ ᠱᠠᠭᠠᠷᠳᠠᠨ ᠪᠠᠶᠢᠴᠠᠭᠠᠬᠤ ᠠᠵᠢᠯᠯᠠᠭ᠎ᠠ ᠶᠢ  ᠦᠷᠨᠢᠬᠦᠯᠵᠦ᠂ ᠬᠢᠨᠠᠨ ᠰᠢᠯᠭᠠᠭᠰᠠᠨ ᠨᠡᠷᠡᠰ ᠤᠨ ᠵᠢᠭᠰᠠᠭᠠᠯᠲᠠ ᠶᠢ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠰᠢᠯᠢᠳᠡᠭ ᠢ ᠰᠢᠯᠭᠠᠷᠠᠭᠤᠯᠬᠤ ᠴᠢᠬᠤᠯᠠ ᠦᠨᠳᠦᠰᠦᠯᠡᠯ ᠪᠤᠯᠭᠠᠨ᠂ ᠨᠡᠷᠡᠰ ᠤᠨ ᠵᠢᠭᠰᠠᠭᠠᠯᠲᠠ ᠳᠤ  ᠬᠤᠶᠢᠭᠤᠷ ᠤᠷᠤᠭᠰᠠᠨ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠲᠠᠢ ᠪᠣᠯᠵᠣᠨ ᠶᠠᠷᠢᠯᠴᠠᠵᠤ᠂  ᠰᠢᠯᠢᠳᠡᠭ  ᠪᠠᠭ ᠢ ᠬᠥᠬᠢᠭᠦᠯᠦᠨ  ᠂ ᠬᠢᠷᠢ ᠲᠡᠩᠴᠡᠭᠰᠡᠨ ᠦᠭᠡᠢ  ᠪᠠᠭ ᠢ ᠪᠠᠯᠭᠠᠰᠤᠨ ᠤ ᠨᠠᠮ ᠤᠨ ᠬᠤᠷᠢᠶ᠎ᠠ ᠠᠴᠠ ᠲᠥᠪᠯᠡᠷᠡᠭᠦᠯᠦᠨ ᠴᠡᠭᠴᠡᠯᠡᠬᠦ ᠪᠠᠷ ᠪᠤᠯᠵᠠᠢ᠃  
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号