ᠬᠠᠤᠯᠢ ᠪᠤᠰᠤ ᠪᠠᠷ ᠫᠤᠤᠵᠢᠩ ᠬᠠᠳᠠᠭᠠᠯᠠᠬᠤ ᠫᠤᠤᠵᠢᠩ ᠵᠦᠬᠡᠬᠡᠪᠦᠷᠢᠯᠡᠬᠦ ᠫᠤᠤᠵᠢᠩ ᠲᠠᠯᠪᠢᠬᠤ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2024/1/12
ᠲᠠᠶᠢᠹᠤᠰᠧ ᠬᠤᠰᠢᠭᠤᠨ ᠤ ᠥᠷᠭᠡᠨ ᠣᠯᠠᠨ ᠠᠷᠠᠳ ᠢᠷᠭᠡᠳ ᠲᠤ᠄    ᠰᠢᠨ᠎ᠡ ᠵᠢᠯ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂  ᠫᠤᠤᠵᠢᠩ ᠲᠠᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂  ᠫᠤᠤᠵᠢᠩ ᠬᠠᠳᠠᠭᠠᠯᠠᠬᠤ᠂ ᠫᠤᠤᠵᠢᠩ ᠵᠥᠭᠡᠭᠡᠪᠦᠷᠢᠯᠡᠬᠦ᠂ ᠫᠤᠤᠵᠢᠩ ᠲᠠᠯᠪᠢᠬᠤ ᠵᠡᠷᠭᠡ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠶᠤᠯᠬᠦᠢ ᠦᠢᠯᠡᠳᠪᠦᠷᠢᠯᠡᠯ ᠤᠨ ᠤᠰᠤᠯ ᠠᠳᠡᠯ ᠢ  ᠰᠡᠷᠭᠡᠶᠢᠯᠡᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠳᠤᠯᠠᠬᠤ ᠶᠢᠨ ᠲᠤᠰᠠᠳᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠬᠦᠢ ᠦᠢᠯᠡᠳᠪᠦᠷᠢᠯᠡᠯ   ᠤᠨ ᠬᠠᠤᠯᠢ︾᠂ ︽ ᠫᠤᠤᠵᠢᠩ ᠲᠠᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾  ᠂ ︽ᠫᠤᠤᠵᠢᠩ ᠤᠨ ᠦᠢᠯᠡᠳᠪᠦᠷᠢᠯᠡᠯ ᠡᠵᠡᠩᠨᠡᠯᠲᠡ ᠶᠢᠨ ᠠᠮᠤᠷ ᠲᠦᠪᠰᠢᠨ ᠢ  ᠪᠠᠳᠤᠯᠠᠬᠤ ᠲᠣᠭᠲᠠᠭᠠᠯ︾   ᠵᠡᠷᠭᠡ ᠬᠠᠤᠯᠢ ᠲᠦᠷᠢᠮ ᠢ ᠦᠨᠳᠦᠰᠦᠯᠡᠨ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ  ᠵᠠᠷᠯᠠᠨ ᠮᠡᠳᠡᠭᠳᠡᠪᠡ᠄      ᠨᠢᠭᠡ᠂ ᠲᠠᠶᠢᠹᠤᠰᠧ ᠬᠤᠰᠢᠭᠤᠨ ᠤ ᠬᠡᠪᠴᠢᠶᠡᠨ ᠳᠤ᠂ ᠶᠠᠮᠠᠷᠪᠠ ᠨᠢᠭᠡᠴᠡ ᠪᠣᠯᠣᠨ ᠬᠤᠪᠢ ᠬᠥᠮᠥᠨ ᠨᠢ ᠵᠥᠪᠰᠢᠶᠡᠷᠡᠯ ᠦᠭᠡᠢ ᠪᠠᠷ ᠫᠤᠤᠵᠢᠩ ᠤᠨ ᠵᠦᠢᠯ ᠢ  ᠬᠠᠤᠯᠢ ᠪᠤᠰᠤ ᠪᠠᠷ ᠬᠠᠳᠠᠭᠠᠯᠠᠵᠤ᠂  ᠵᠦᠬᠡᠬᠡᠪᠦᠷᠢᠯᠡᠵᠦ᠂ ᠲᠠᠯᠪᠢᠵᠤ ᠪᠣᠯᠬᠤ ᠦᠭᠡᠢ᠃  ᠡᠶᠢᠮᠦ ᠪᠠᠶᠢᠳᠠᠯ ᠢ ᠣᠯᠵᠤ ᠮᠡᠳᠡᠪᠡᠯ ᠬᠠᠤᠯᠢ ᠶᠣᠰᠣᠭᠠᠷ ᠬᠤᠷᠢᠶᠠᠨ ᠠᠪᠬᠤ ᠶᠢᠨ ᠬᠠᠮᠲᠤ ᠬᠤᠯᠪᠣᠭᠳᠠᠯ ᠪᠦᠬᠦᠢ ᠬᠦᠮᠦᠰ ᠢ ᠵᠠᠯᠬᠠᠭᠠᠨ ᠰᠢᠳᠭᠡᠵᠦ᠂ ᠦᠶᠯᠡ ᠪᠠᠶᠢᠳᠠᠯ ᠨᠢ ᠬᠦᠨᠳᠦ ᠨᠣᠴᠢᠲᠠᠢ ᠪᠠᠶᠢᠵᠤ ᠶᠠᠯᠠᠳᠤ ᠠᠵᠢᠯᠯᠠᠭ᠎ᠠ ᠪᠤᠯᠤᠭᠰᠠᠨ  ᠪᠤᠯ  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠲᠤᠭᠳᠠᠭᠠᠯ ᠶᠣᠰᠣᠭᠠᠷ ᠬᠤᠯᠪᠣᠭᠳᠠᠯ ᠪᠦᠬᠦᠢ ᠬᠥᠮᠥᠰ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠬᠤᠶᠠᠷ᠂  ᠬᠠᠤᠯᠢ ᠪᠤᠰᠤ ᠪᠠᠷ ᠫᠤᠤᠵᠢᠩ ᠬᠠᠳᠠᠭᠠᠯᠠᠬᠤ ᠵᠡᠷᠭᠡ ᠥᠢᠯᠡ ᠠᠵᠢᠯᠯᠠᠭ᠎ᠠ ᠲᠠᠢ ᠬᠤᠯᠪᠤᠭᠳᠠᠭᠰᠠᠨ ᠨᠢᠭᠡᠴᠡ ᠪᠠ ᠬᠤᠪᠢ ᠬᠥᠮᠥᠨ ᠡᠷᠬᠡᠪᠰᠢ ᠬᠠᠤᠯᠢ ᠪᠤᠰᠤ ᠠᠵᠢᠯᠯᠠᠭ᠎ᠠ ᠪᠠᠨ ᠳᠠᠷᠤᠶᠢᠬᠠᠨ ᠵᠣᠭᠰᠤᠭᠠᠬᠤ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠦᠷᠴᠦ ᠪᠠᠶᠢᠳᠠᠯ ᠢᠶᠠᠨ ᠲᠣᠳᠣᠷᠬᠠᠶᠢᠯᠠᠨ᠂  ᠪᠠᠶᠢᠴᠠᠭᠠᠯᠳᠠ ᠳᠤ ᠬᠠᠮᠵᠢᠯᠴᠠᠵᠤ᠂ ᠬᠠᠳᠠᠭᠠᠯᠠᠭᠰᠠᠨ ᠫᠤᠤᠵᠢᠩ ᠢᠶᠠᠨ   ᠭᠠᠷᠭᠠᠵᠤ ᠲᠤᠰᠢᠶᠠᠪᠠᠯ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠥᠢᠯᠡ ᠪᠠᠶᠢᠳᠠᠯ ᠢ ᠨᠢ ᠦᠵᠡᠵᠦ ᠪᠠᠶᠢᠭᠠᠳ ᠬᠥᠩᠭᠡᠨ ᠢᠶᠠᠷ ᠰᠢᠳᠬᠡᠬᠦ ᠪᠤᠶᠤ ᠰᠢᠳᠭᠡᠯ ᠢ ᠬᠦᠩᠬᠡᠷᠡᠬᠦᠯᠵᠦ᠂ ᠬᠡᠯᠳᠦᠷᠢᠬᠦᠯᠵᠦ ᠪᠤᠯᠤᠨ᠎ᠠ᠃ ᠭᠠᠯ ᠤᠨ ᠠᠶᠤᠯ ᠭᠠᠷᠭᠠᠭᠰᠠᠨ ᠪᠣᠯ ᠬᠠᠮᠢᠶ᠎ᠠ ᠪᠦᠬᠦᠢ ᠬᠠᠤᠯᠢ  ᠲᠦᠷᠢᠮ ᠤᠨ ᠲᠠᠭᠠᠤ ᠬᠠᠷᠢᠭᠤᠴᠠᠯᠭ᠎ᠠ ᠨᠡᠬᠡᠮᠵᠢᠯᠡᠨ᠎ᠡ᠃     ᠭᠤᠷᠪᠠ᠂ ᠶᠠᠮᠠᠷᠪᠠ ᠨᠢᠭᠡᠴᠡ ᠪᠠ ᠬᠤᠪᠢ ᠬᠥᠮᠥᠨ ᠨᠢ ᠭᠡᠷ ᠪᠠᠶᠢᠰᠢᠩ᠂ ᠲᠡᠷᠭᠡ ᠬᠥᠰᠬᠡ᠂ ᠦᠢᠯᠡᠳᠪᠦᠷᠢᠯᠡᠯ ᠡᠵᠡᠩᠨᠡᠯᠲᠡ ᠶᠢᠨ  ᠲᠠᠯᠠᠪᠤᠷ ᠪᠠ ᠵᠥᠪᠰᠢᠶᠡᠷᠡᠯ ᠤᠨ ᠦᠨᠡᠮᠯᠡᠯ ᠢᠶᠠᠨ ᠪᠤᠰᠤᠳ ᠲᠤ ᠲᠦᠷᠢᠶᠡᠰᠦᠯᠡᠨ ᠥᠭᠴᠦ ᠬᠠᠤᠯᠢ ᠪᠤᠰᠤ ᠪᠠᠷ ᠫᠤᠤᠵᠢᠩ ᠤᠨ ᠵᠦᠢᠯ ᠢ ᠡᠵᠡᠩᠨᠡᠬᠦ᠂ ᠬᠠᠳᠠᠭᠠᠯᠠᠬᠤ᠂ ᠵᠥᠭᠡᠭᠡᠪᠦᠷᠢᠯᠡᠬᠦ ᠠᠵᠢᠯ ᠬᠢᠯᠭᠡᠵᠦ ᠪᠣᠯᠬᠤ ᠦᠭᠡᠢ᠂  ᠬᠡᠷᠪᠡ ᠲᠡᠭᠡᠪᠡᠯ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂  ᠶᠠᠯᠠᠳᠤ ᠠᠵᠢᠯᠯᠠᠭ᠎ᠠ ᠪᠤᠯᠤᠭᠰᠠᠨ ᠪᠤᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ᠳᠥᠷᠪᠡ᠂ ᠥᠷᠭᠡᠨ ᠤᠯᠠᠨ ᠠᠷᠠᠳ ᠢᠷᠭᠡᠳ ᠡᠷᠭᠡᠪᠰᠢ ᠠᠮᠤᠷ ᠲᠦᠪᠰᠢᠨ ᠤ ᠤᠬᠠᠮᠰᠠᠷ᠂ ᠬᠠᠤᠯᠢ ᠴᠠᠭᠠᠵᠠ  ᠶᠢᠨ ᠤᠬᠠᠮᠰᠠᠷ ᠢᠶᠠᠨ ᠴᠢᠩᠭᠠᠳᠬᠠᠵᠤ᠂ ᠬᠠᠤᠯᠢ ᠪᠤᠰᠤ ᠪᠠᠷ ᠫᠤᠤᠵᠢᠩ ᠬᠠᠳᠠᠭᠠᠯᠠᠵᠤ ᠫᠤᠤᠵᠢᠩ ᠵᠥᠭᠡᠭᠡᠪᠦᠷᠢᠯᠡᠬᠦ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠬᠡᠷᠡᠭᠲᠡᠢ᠃ ᠬᠠᠤᠯᠢ ᠪᠤᠰᠤ ᠦᠶᠯᠡ ᠠᠵᠢᠯᠯᠠᠭ᠎ᠠ ᠶᠢ ᠤᠯᠵᠤ ᠮᠡᠳᠡᠪᠡᠯ  ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠰᠠᠯᠠᠭ᠎ᠠ ᠮᠥᠴᠢᠷ ᠲᠤ ᠢᠳᠡᠪᠬᠢᠲᠡᠢ ᠪᠠᠷ ᠢᠯᠡᠴᠢᠯᠡᠨ ᠮᠡᠳᠡᠬᠦᠯᠬᠦ ᠭᠡᠷᠡᠭᠳᠡᠢ᠃  ᠮᠡᠳᠡᠭᠦᠯᠦᠭᠰᠡᠨ ᠰᠦᠪᠡᠭᠴᠢ ᠨᠢ ᠦᠨᠡᠨ ᠪᠤᠳᠠᠳᠠᠢ ᠪᠤᠯ ᠲᠤᠬᠠᠢ ᠶᠢᠨ ᠬᠦᠮᠦᠨ ᠢ ᠲᠣᠭᠲᠠᠭᠠᠯ ᠶᠣᠰᠣᠭᠠᠷ ᠱᠠᠩᠨᠠᠨ ᠵᠤᠷᠢᠬᠵᠢᠭᠤᠯᠬᠤ ᠪᠦᠭᠡᠳ ᠬᠤᠪᠢ ᠬᠥᠮᠥᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠨ᠎ᠠ᠃  ᠶᠠᠯᠠᠲᠤ ᠡᠲᠡᠭᠡᠳ ᠢ ᠥᠮᠥᠭᠯᠡᠭᠰᠡᠨ ᠪᠤᠶᠤ ᠳᠤᠷ᠎ᠠ ᠪᠠᠷ ᠨᠢ ᠲᠠᠯᠪᠢᠭᠰᠠᠨ ᠬᠦᠮᠦᠰ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃      ᠢᠯᠡᠴᠢᠯᠡᠨ ᠮᠡᠳᠡᠭᠦᠯᠬᠦ ᠤᠲᠠᠰᠤ᠄ 5227110  ᠪᠤᠶᠤ 110                                               ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                   2024 ᠣᠨ ᠤ 1 ᠰᠠᠷ᠎ᠠ ᠶᠢᠨ 10 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号