ᠬᠦᠨᠪᠤᠯᠠᠭ ᠰᠤᠮᠤ  ᠭᠡᠳᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ  ᠬᠤᠷᠠᠯ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2024/1/12
 1 ᠰᠠᠷ᠎ᠠ ᠶᠢᠨ 10 ᠤ ᠡᠳᠦᠷ᠂  ᠬᠦᠨᠪᠤᠯᠠᠭ ᠰᠤᠮᠤ  ᠭᠡᠳᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ ᠠᠵᠢᠯ ᠤᠨ ᠬᠤᠷᠠᠯ ᠬᠢᠵᠦ᠂  ᠨᠠᠮ ᠤᠨ ᠬᠤᠷᠢᠶᠠᠨ ᠤ ᠳᠡᠳ᠋ ᠱᠦᠵᠢ᠂  ᠰᠤᠮᠤᠨ  ᠳᠠᠷᠤᠭ᠎ᠠ ᠭᠦᠸᠧ ᠰᠢᠶᠣᠣ ᠮᠧᠩ ᠬᠤᠷᠠᠯ ᠢ ᠡᠷᠬᠢᠯᠡᠨ᠂  ᠰᠤᠮᠤᠨ ᠤ ᠤᠳᠤᠷᠢᠳᠬᠤ ᠪᠠᠭ ᠤᠨ ᠭᠡᠰᠢᠬᠦᠳ᠂ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ᠂  ᠠᠵᠢᠯᠯᠠᠬᠤ ᠠᠩᠭᠢ ᠶᠢᠨ ᠳᠠᠷᠤᠭ᠎ᠠ᠂  ᠭᠠᠴᠠᠭᠠᠨ ᠤ ᠨᠠᠮ ᠤᠨ ᠡᠭᠦᠷ ᠤᠨ ᠱᠦᠵᠢ᠂ ᠳᠡᠳ᠋ ᠲᠤᠰᠢᠶᠠᠯᠲᠠᠨ ᠂ ᠲᠠᠩᠰᠠ ᠮᠡᠳᠡᠭᠦᠯᠦᠭᠴᠢ ᠨᠠᠷ ᠬᠤᠷᠠᠯ ᠳᠤ ᠣᠷᠣᠯᠴᠠᠵᠠᠢ᠃ ᠰᠤᠮᠤᠨ ᠤ ᠬᠠᠤᠯᠢ ᠬᠡᠷᠡᠭᠵᠢᠭᠦᠯᠬᠦ ᠲᠤᠪᠴᠢᠶᠠᠨ ᠤ ᠳᠠᠷᠤᠭ᠎ᠠ  ᠪᠠᠶᠠᠷ ᠠᠴᠠ ᠥᠪᠡᠷᠲᠡᠭᠡᠨ ᠵᠠᠰᠠᠬᠤ ᠣᠷᠣᠨ ᠤ ︽ ᠪᠡᠯᠴᠢᠭᠡᠷ ᠤᠨ ᠲᠠᠭᠠᠭᠠᠴᠠ ᠠᠴᠠ ᠬᠡᠳᠦᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠠᠵᠢᠯ ᠤᠨ ᠲᠦᠰᠦᠪ︾ ᠢ ᠤᠯᠠᠮᠵᠢᠯᠠᠵᠤ᠂  ᠬᠡᠲᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ 10 ᠵᠦᠢᠯ ᠤᠨ ᠲᠠᠨᠢᠯᠴᠠᠭᠤᠯᠭ᠎ᠠ ᠶᠢᠨ ᠵᠠᠭᠪᠤᠷ ᠳᠤ ᠨᠠᠷᠢᠨ ᠲᠠᠶᠢᠯᠤᠮᠵᠢ ᠬᠢᠵᠡᠢ᠃  ᠳᠡᠳ᠋ ᠰᠤᠮᠤᠨ ᠳᠠᠷᠤᠭ᠎ᠠ ᠪᠠᠶᠠᠷ ᠠᠴᠠ  ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ᠂  ᠭᠠᠴᠠᠭᠠᠨ ᠤ ︽ᠬᠤᠶᠠᠷ ᠵᠥᠪᠯᠡᠯ︾  ᠤᠨ ᠬᠢᠨ ᠢ  ᠵᠢᠯ ᠤᠨ ᠡᠴᠦᠰ ᠤᠨ ᠮᠠᠯ ᠤᠨ ᠲᠤᠭ᠎ᠠ ᠪᠦᠷᠢᠳᠬᠡᠯ ᠤᠨ ᠠᠵᠢᠯ ᠢ ᠰᠠᠶᠢᠨ ᠬᠢᠵᠦ᠂ ᠪᠦᠷᠢᠳᠬᠡᠯ ᠤᠨ ᠬᠦᠰᠦᠨᠦᠭᠲᠦ ᠶᠢ ᠱᠠᠭᠠᠷᠳᠠᠯᠭ᠎ᠠ ᠶᠣᠰᠣᠭᠠᠷ ᠦᠨᠡᠨ ᠪᠣᠳᠠᠲᠠᠢ ᠪᠠᠷ ᠲᠦᠷᠢᠮᠵᠢᠯ ᠲᠠᠢ ᠰᠠᠶᠢᠬᠠᠨ ᠲᠠᠭᠯᠠᠬᠤ ᠬᠡᠷᠡᠭᠲᠡᠢ᠃ ᠮᠠᠯᠴᠢᠳ ᠤᠨ ᠪᠠᠩᠬᠢ ᠶᠢᠨ ᠵᠢᠭᠡᠯᠡᠯᠭᠡ ᠶᠢᠨ ᠲᠤᠭ᠎ᠠ᠂ ᠡᠪᠡᠰᠦ ᠪᠤᠷᠳᠤᠭᠠᠨ ᠤ ᠬᠡᠷᠡᠭᠴᠡᠭᠡ ᠵᠢᠴᠢ ᠬᠠᠰᠢᠶ᠎ᠠ ᠰᠠᠷᠠᠪᠴᠢ ᠵᠡᠷᠭᠡ ᠰᠠᠭᠤᠷᠢ ᠲᠥᠬᠦᠭᠡᠷᠦᠮᠵᠢ   ᠶᠢᠨ  ᠪᠠᠶᠢᠳᠠᠯ ᠢ ᠲᠣᠳᠣᠷᠬᠠᠢ ᠣᠶᠢᠯᠠᠭᠠᠬᠤ ᠬᠡᠷᠡᠭᠲᠡᠢ ᠬᠡᠵᠦ ᠱᠠᠭᠠᠷᠳᠠᠪᠠ᠃  ᠭᠦᠸᠧ ᠰᠢᠶᠣᠣ ᠮᠧᠩ ᠴᠢᠬᠤᠯᠠᠴᠢᠯᠠᠬᠤ ᠳᠠᠭᠠᠨ᠂ ᠡᠯ᠎ᠡ ᠭᠠᠴᠠᠭ᠎ᠠ ᠨᠢ ᠮᠠᠯ ᠤᠨ ᠲᠤᠭ᠎ᠠ ᠪᠦᠷᠢᠳᠬᠡᠯ ᠤᠨ ᠠᠵᠢᠯ ᠢ ᠨᠢᠮᠪᠠᠢ ᠬᠢᠵᠦ  ᠂ ︽ ᠨᠢᠭᠡ  ᠡᠷᠦᠬᠡ ᠶᠢ ᠴᠤ ᠣᠷᠬᠢᠭᠳᠠᠭᠤᠯᠬᠤ ᠦᠭᠡᠢ᠂  ᠨᠢᠬᠡ ᠮᠠᠯ ᠢ ᠴᠤ ᠭᠡᠭᠡᠭᠳᠡᠬᠦᠯᠬᠦ ᠦᠭᠡᠢ︾  ᠶᠢ ᠪᠠᠳᠤᠯᠠᠨ᠂  ᠨᠢᠭᠡᠳ ᠨᠢᠭᠡ ᠪᠠᠷ ᠲᠣᠭᠠᠯᠠᠨ ᠪᠦᠷᠢᠳᠬᠡᠵᠦ᠂ ᠲᠤᠭ᠎ᠠ ᠪᠠᠷᠢᠮᠲᠠ ᠶᠢᠨ ᠪᠣᠳᠠᠲᠠᠢ ᠪᠥᠭᠡᠳ ᠨᠠᠶᠢᠳᠠᠪᠤᠷᠢᠲᠠᠢ ᠪᠠᠶᠢᠬᠤ ᠶᠢ  ᠪᠡᠶᠡᠯᠡᠬᠦᠯᠦᠨ᠂ ᠳᠡᠭᠡᠳᠦ ᠱᠠᠲᠤᠨ ᠤ ᠠᠷᠭ᠎ᠠ ᠲᠦᠰᠦᠪ ᠲᠣᠭᠲᠠᠭᠠᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠪᠡ᠃ ᠰᠤᠮᠤᠨ ᠤ ᠨᠠᠮ ᠤᠨ ᠬᠤᠷᠢᠶᠠᠨ ᠤ ᠱᠦᠵᠢ ᠣᠷᠭᠢᠯ ᠳ᠋ᠦᠩᠨᠡᠯᠲᠡ   ᠶᠢᠨ ᠶᠠᠷᠢᠶᠠᠨ ᠳᠠᠭᠠᠨ᠂  ᠡᠯ᠎ᠡ ᠭᠠᠴᠠᠭᠠᠨ ᠤ ᠺᠠᠳ᠋ᠷᠴᠤᠳ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷᠲᠤ ᠴᠢᠨᠠᠷ ᠢᠶᠠᠨ ᠤᠯᠠᠮ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠲᠠᠰᠤᠷᠠᠯᠲᠠ ᠦᠭᠡᠢ ᠴᠢᠩᠭᠠᠳᠬᠠᠨ᠂ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ  ᠪᠠᠳᠠᠷᠠᠭᠤᠯᠤᠨ᠂ ᠲᠤᠷᠰᠢᠯᠲᠠ ᠶᠢᠨ ᠠᠵᠢᠯ ᠢ ᠨᠢᠭᠡ ᠲᠦᠷᠦᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠬᠤ ᠬᠡᠷᠡᠭᠲᠡᠢ᠃ ᠮᠠᠯᠴᠢᠨ ᠲᠦᠮᠡᠨ ᠤ ᠰᠠᠨᠠᠯ ᠢ ᠬᠤᠷᠢᠶᠠᠨ᠂ ᠪᠣᠳᠠᠲᠠᠢ   ᠠᠴᠠ ᠡᠭᠦᠰᠴᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨᠴᠢ ᠪᠥᠭᠡᠳ ᠦᠷ᠎ᠡ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠡᠲᠦ ᠮᠠᠯᠵᠢᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ ᠬᠠᠮᠲᠤ᠂ ᠮᠠᠯᠴᠢᠳ ᠤᠨ ᠣᠷᠣᠯᠭ᠎ᠠ ᠶᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠲᠥᠷᠥᠯ ᠤᠨ ᠤᠬᠠᠭᠤᠯᠭ᠎ᠠ ᠶᠢᠨ ᠠᠷᠭ᠎ᠠ ᠵᠠᠮ ᠢ ᠭᠦᠢᠴᠡᠳ ᠠᠰᠢᠭᠯᠠᠨ᠂ ᠨᠤᠳᠤᠭ ᠪᠡᠯᠴᠢᠭᠡᠷ ᠢ ᠬᠠᠮᠠᠭᠠᠯᠠᠨ ᠠᠰᠢᠭᠯᠠᠬᠤ ᠲᠥᠷᠥ ᠶᠢᠨ ᠪᠣᠳᠣᠯᠭ᠎ᠠ ᠬᠠᠤᠯᠢ ᠳᠦᠷᠢᠮ ᠢ ᠥᠷᠭᠡᠨ ᠢᠶᠠᠷ ᠤᠬᠠᠭᠤᠯᠵᠤ᠂ ᠮᠠᠯᠴᠢᠳ ᠲᠦᠮᠡᠨ ᠢ  ᠵᠢᠯᠤᠭᠤᠳᠴᠤ ᠪᠠᠶᠢᠭᠠᠳ ᠪᠡᠯᠴᠢᠭᠡᠷᠯᠡᠭᠦᠯᠬᠦ ᠶᠢ ᠴᠠᠭᠠᠵᠠᠯᠠᠬᠤ ᠶᠢᠨ ᠠᠴᠢ ᠬᠤᠯᠪᠤᠭᠳᠠᠯ ᠢ ᠲᠠᠨᠢᠭᠤᠯᠤᠨ᠂ ᠨᠤᠲᠤᠭ ᠪᠡᠯᠴᠢᠭᠡᠷ ᠤᠨ ᠠᠮᠠᠷᠠᠯᠳᠠ ᠶᠢ ᠠᠬᠢᠭᠤᠯᠵᠤ᠂  ᠠᠮᠢ ᠠᠬᠤᠢ ᠶᠢ ᠠᠯᠬᠤᠮ ᠠᠯᠬᠤᠮ ᠢᠶᠠᠷ ᠰᠡᠷᠭᠦᠭᠡᠨ ᠰᠠᠶᠢᠵᠢᠷᠠᠭᠤᠯᠬᠤ ᠭᠡᠷᠡᠭᠳᠡᠢ ᠬᠡᠵᠦ ᠴᠢᠬᠤᠯᠠᠴᠢᠯᠠᠭᠰᠠᠨ ᠪᠠᠶᠢᠨ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号