2023 ᠣᠨ ᠤ ᠡᠯ᠎ᠡ ᠲᠣᠰᠬᠤᠨ ᠤ ᠭᠤᠣᠯᠳᠠᠯᠭ᠎ᠠ ᠲᠠᠢ ᠠᠵᠢᠯ ᠢᠶᠠᠨ ᠥᠷᠨᠢᠭᠦᠯᠵᠦ ᠪᠠᠶᠢᠭ᠎ᠠ ᠪᠠᠶᠢᠳᠠᠯ᠂ | ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ | ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠦᠵᠡᠵᠦ᠂ ᠰᠢᠯᠢᠳᠡᠭ ᠰᠠᠶᠢᠨ ᠠᠵᠢᠯ ᠤᠨ ᠠᠷᠭ᠎ᠠ ᠲᠤᠷᠰᠢᠯᠭ᠎ᠠ ᠶᠢ | ᠳ᠋ᠦᠩᠨᠡᠨ᠂ ᠬᠦᠷᠦᠯᠴᠡᠬᠦ ᠦᠭᠡᠢ ᠲᠠᠯ᠎ᠠ ᠶᠢ ᠣᠨᠣᠪᠴᠢᠲᠠᠢ ᠡᠷᠢᠵᠦ᠂ 2024 ᠣᠨ ᠤ ᠠᠵᠢᠯ ᠢ ᠰᠠᠶᠢᠲᠤᠷ | ᠲᠥᠯᠥᠪᠵᠢᠭᠦᠯᠵᠦ ᠰᠠᠶᠢᠲᠤᠷ ᠨᠠᠶᠢᠳᠠᠪᠤᠷᠢᠵᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠶᠢᠨ ᠲᠦᠯᠦᠭᠡ᠂ | ᠶᠦᠩ ᠹᠧᠩ ᠪᠠᠯᠭᠠᠰᠤ ᠪᠠᠷᠢᠮᠵᠢᠶᠠᠨ ᠤ ᠪᠣᠭᠤᠮᠲᠠ᠂ ᠠᠯᠬᠤᠮ ᠲᠠᠷᠠᠭᠠᠯᠠᠯ ᠤᠨ ᠪᠣᠭᠤᠮᠲᠠ ᠪᠣᠯᠣᠨ ᠦᠷ᠎ᠡ | ᠳ᠋ᠦᠩ ᠤᠨ ᠬᠡᠷᠡᠭᠯᠡᠯᠲᠡ ᠶᠢᠨ ᠪᠣᠭᠤᠮᠲᠠ ᠶᠢ ᠰᠠᠶᠢᠲᠤᠷ ᠡᠵᠡᠮᠳᠡᠵᠦ᠂ 2023 ᠣᠨ ᠤ ᠲᠣᠰᠬᠤᠨ ᠱᠠᠳᠤᠨ ᠤ ᠬᠢᠨᠠᠨ | ᠰᠢᠯᠭᠠᠯᠲᠠ ᠶᠢ ᠪᠦᠬᠦ ᠲᠠᠯ᠎ᠠ ᠪᠠᠷ ᠠᠬᠢᠭᠤᠯᠵᠤ ᠪᠠᠶᠢᠨ᠎ᠠ᠃ ᠨᠢᠭᠡ ᠳᠤ᠂ ᠪᠠᠯᠭᠠᠰᠤᠨ ᠤ ᠨᠠᠮ ᠤᠨ ᠬᠤᠷᠢᠶᠠᠨ ᠤ | ᠬᠤᠷᠠᠯ ᠢ ᠬᠤᠷᠠᠯᠳᠤᠭᠤᠯᠤᠨ᠂ ᠬᠢᠨᠠᠨ ᠰᠢᠯᠭᠠᠬᠤ ᠠᠷᠭ᠎ᠠ ᠳᠦᠷᠢᠮ ᠢ ᠨᠠᠷᠢᠨ ᠨᠢᠮᠪᠠᠢ ᠶᠠᠷᠢᠯᠴᠠᠨ ᠰᠤᠳᠤᠯᠵᠤ᠂ ︽ | 2023 ᠣᠨ ᠤ ᠲᠣᠰᠬᠤᠨ ᠱᠠᠳᠤᠨ ᠤ ᠬᠢᠨᠠᠨ ᠰᠢᠯᠭᠠᠯᠲᠠ ᠶᠢ ᠬᠢᠬᠦ ᠲᠤᠬᠠᠢ ᠮᠡᠳᠡᠭᠳᠡᠯ︾ ︽ 2023 ᠣᠨ ᠤ | ᠲᠣᠰᠬᠤᠨ ᠱᠠᠳᠤᠨ ᠤ ᠬᠢᠨᠠᠨ ᠰᠢᠯᠭᠠᠯᠲᠠ ᠶᠢᠨ ᠨᠠᠷᠢᠨ ᠳᠦᠷᠢᠮ︾ ᠵᠡᠷᠭᠡ ᠪᠢᠴᠢᠭ ᠮᠠᠲ᠋ᠧᠷᠢᠶᠠᠯ ᠢ ᠲᠠᠷᠬᠠᠭᠠᠵᠤ᠂ | ᠬᠢᠨᠠᠨ ᠰᠢᠯᠭᠠᠬᠤ ᠱᠠᠭᠠᠷᠳᠠᠯᠭ᠎ᠠ ᠪᠠᠷᠢᠮᠵᠢᠶ᠎ᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠪᠡ᠃ ᠬᠤᠶᠠᠷ ᠲᠤ᠂ | ᠪᠠᠯᠭᠠᠰᠤᠨ ᠤ ᠬᠢᠨᠠᠨ ᠰᠢᠯᠭᠠᠬᠤ ᠳᠤᠭᠤᠶᠢᠯᠠᠩ ᠨᠢ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ᠂ | ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠲᠡᠨ ᠨᠢᠭᠡᠳᠦᠮᠡᠯ ᠹᠷᠣᠨᠲ ᠤᠨ ᠠᠵᠢᠯ᠂ ︽ | ᠭᠤᠷᠪᠠᠨ ᠶᠠᠪᠤᠳᠠᠯ ᠢ ᠢᠯᠡ ᠪᠣᠯᠭᠠᠬᠤ︾᠂ ᠠᠶᠤᠯᠬᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠭ᠎ᠠ ᠂ ᠲᠠᠷᠢᠶᠠᠯᠠᠩ | ᠮᠠᠯ ᠠᠵᠤ ᠠᠬᠤᠢ ᠣᠶ ᠰᠢᠭᠤᠢ ᠤᠰᠤᠨ ᠠᠰᠢᠭᠯᠠᠯᠳᠠ᠂ ᠠᠷᠠᠳ ᠤᠨ ᠶᠠᠪᠤᠳᠠᠯ ᠵᠡᠷᠭᠡ ᠭᠤᠣᠯᠳᠠᠯᠭ᠎ᠠ ᠲᠠᠢ ᠠᠵᠢᠯ | ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠢᠨᠠᠨ ᠰᠢᠯᠭᠠᠬᠤ ᠨᠠᠷᠢᠨ | ᠳᠦᠷᠢᠮ ᠲᠠᠢ ᠬᠠᠷᠢᠴᠠᠭᠤᠯᠵᠤ᠂ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ᠂ ᠶᠠᠷᠢᠯᠴᠠᠨ ᠣᠶᠢᠯᠠᠭᠠᠬᠤ᠂ | ᠲᠠᠩᠰᠠ ᠡᠪᠬᠡᠮᠡᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ 19 ᠲᠣᠰᠬᠤᠨ ᠳᠤ ᠬᠦᠨᠵᠡᠬᠡᠶᠢᠷᠡᠵᠦ ᠬᠢᠨᠠᠨ | ᠰᠢᠯᠭᠠᠵᠤ ᠬᠤᠪᠢ ᠤᠯᠭᠤᠵᠠᠢ᠃ ᠭᠤᠷᠪᠠ ᠳᠤ᠂ ᠰᠢᠯᠢᠳᠡᠭ ᠢ ᠱᠠᠩᠨᠠᠵᠤ ᠠᠨᠠᠢ ᠶᠢ ᠲᠣᠷᠭᠠᠬᠤ ᠲᠣᠭᠲᠠᠴᠠ ᠶᠢ | ᠦᠷᠭᠦᠯᠵᠢᠯᠡᠨ ᠨᠠᠶᠢᠳᠠᠪᠤᠷᠢᠵᠢᠭᠤᠯᠵᠤ᠂ ︽ᠭᠠᠴᠠᠭ᠎ᠠ ᠲᠣᠰᠬᠤᠨ ᠤ ᠺᠠᠳ᠋ᠷ ᠤᠨ ᠠᠵᠢᠯ ᠤᠨ ᠠᠮᠵᠢᠯᠲᠠ ᠶᠢ ᠬᠢᠨᠠᠨ | ᠰᠢᠯᠭᠠᠬᠤ ᠠᠷᠭ᠎ᠠ︾ ᠶᠢ ᠴᠢᠩᠭ᠎ᠠ ᠭᠡᠷᠡᠭᠵᠢᠬᠦᠯᠦᠨ᠂ ᠠᠮᠵᠢᠯᠳᠠ ᠪᠦᠳᠦᠮᠵᠢ ᠪᠠᠷ ᠠᠨᠠᠢ ᠪᠠᠶᠢᠭ᠎ᠠ ᠲᠣᠰᠬᠤᠨ ᠤ ︽ | ᠬᠤᠶᠠᠷ ᠵᠥᠪᠯᠡᠯ︾ ᠤᠨ ᠤᠳᠤᠷᠢᠳᠬᠤ ᠪᠠᠭ ᠲᠠᠢ ᠪᠣᠯᠵᠣᠨ ᠶᠠᠷᠢᠯᠴᠠᠬᠤ ᠶᠢᠨ ᠬᠠᠮᠲᠤ ᠂ ᠨᠡᠷᠡᠰ ᠤᠨ ᠵᠢᠬᠰᠠᠭᠠᠯᠳᠠ | ᠳᠤ ᠬᠤᠶᠢᠨ᠎ᠠ ᠤᠷᠤᠭᠰᠠᠨ 3 ᠨᠠᠮ ᠤᠨ ᠡᠭᠦᠷ ᠤᠨ ᠱᠦᠵᠢ ᠶᠢᠨ 10 % ᠶᠢᠨ ᠴᠠᠯᠢᠩ ᠢ ᠨᠢ ᠬᠠᠰᠤᠵᠤ᠂ ᠡᠮᠦᠨ᠎ᠡ | ᠤᠷᠤᠭᠰᠠᠨ 3 ᠱᠦᠵᠢ ᠶᠢ ᠱᠠᠩᠨᠠᠨ ᠵᠤᠷᠢᠬᠵᠢᠭᠤᠯᠬᠤ ᠳᠤ ᠭᠡᠷᠡᠭᠯᠡᠭᠡᠳ᠂ ᠲᠣᠰᠬᠤᠨ ᠤ ᠺᠠᠳ᠋ᠷ ᠤᠨ ᠲᠡᠷᠢᠭᠦᠨ ᠳᠤ | ᠣᠷᠣᠬᠤ ᠪᠠᠷ ᠴᠢᠷᠮᠠᠶᠢᠬᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠠᠬᠢᠭᠤᠯᠤᠭᠰᠠᠨ ᠪᠠᠶᠢᠨ᠎ᠠ᠃ |