1 ᠰᠠᠷ᠎ᠠ ᠶᠢᠨ 15 ᠤ ᠡᠳᠦᠷ᠂ ᠴᠢᠶᠠᠨ ᠶᠢᠨ ᠭᠧᠦ ᠪᠠᠯᠭᠠᠰᠤ ᠭᠤᠣᠯ ᠰᠡᠳᠦᠪᠲᠦ ᠬᠥᠮᠦᠵᠢᠯ ᠤᠨ ᠲᠤᠰᠬᠠᠢ | ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠬᠠᠮᠳᠤ ᠶᠢᠨ ᠰᠤᠷᠤᠯᠴᠠᠯᠭ᠎ᠠ ᠬᠢᠵᠦ᠂ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠤ ᠶᠢᠩ ᠵᠦᠸᠧ ᠰᠤᠷᠤᠯᠴᠠᠯᠭ᠎ᠠ ᠶᠢ ᠡᠷᠬᠢᠯᠡᠨ᠂ ᠪᠠᠯᠭᠠᠰᠤᠨ ᠤ | ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠰᠤᠷᠤᠯᠴᠠᠯᠭ᠎ᠠ ᠳᠤ | ᠣᠷᠣᠯᠴᠠᠪᠠ᠃ ᠬᠤᠷᠠᠯ ᠠᠴᠠ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠲᠤᠰᠬᠠᠢ | ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ | ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠳᠣᠲᠣᠭᠠᠳᠤ ᠶᠢᠨ ᠤᠯᠤᠰ | ᠲᠦᠷᠦ ᠶᠢᠨ ᠠᠮᠢᠳᠤᠷᠠᠯ ᠢ ᠴᠢᠩᠳᠠᠯᠠᠬᠤ ᠲᠤᠬᠠᠢ ᠴᠢᠬᠤᠯᠠ ᠥᠭᠦᠯᠡᠯᠲᠡ᠂ ᠶᠡᠷᠦᠩᠬᠡᠢ ᠱᠦᠵᠢ ᠰᠢ ᠶᠢᠨ ᠫᠢᠩ ᠤᠨ | ︽ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ | ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯ ᠦᠢᠯᠡᠰ ᠢ ᠠᠬᠢᠭᠤᠯᠬᠤ︾ ᠲᠤᠬᠠᠢ | ᠴᠢᠬᠤᠯᠠ ᠥᠭᠦᠯᠡᠯᠲᠡ ᠵᠢᠴᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾᠂ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠤᠯᠭᠤᠬᠤ ᠳᠦᠷᠢᠮ︾᠂ ︽ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠨᠠᠮ ᠲᠦᠷᠦ ᠶᠢᠨ ᠪᠠᠶᠢᠭᠤᠯᠭ᠎ᠠ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷ | ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠣᠭᠲᠠᠭᠠᠯ ᠤᠳ︾ ᠵᠡᠷᠭᠡ ᠠᠭᠤᠯᠭ᠎ᠠ ᠶᠢ ᠶᠢ ᠤᠯᠠᠮᠵᠢᠯᠠᠨ | ᠰᠤᠷᠤᠯᠴᠠᠵᠠᠢ᠃ ᠬᠤᠷᠠᠯ ᠠᠴᠠ᠂ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ | ᠰᠠᠨᠠᠭᠠᠨ ᠤ ᠨᠡᠭᠡᠯᠡᠭᠡᠢ ᠪᠠᠨ ᠴᠢᠩᠭᠠᠯᠠᠬᠤ ᠬᠡᠷᠡᠭᠲᠡᠢ᠃ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ | ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ | ᠲᠠᠢ ᠨᠢᠭᠲᠠ ᠤᠶᠠᠯᠳᠤᠭᠤᠯᠤᠨ᠂ ︽ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ | ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ | ᠠᠵᠢᠯ ᠦᠢᠯᠡᠰ ᠢ ᠠᠬᠢᠭᠤᠯᠬᠤ︾︾ ᠪᠣᠳᠠᠲᠠᠢ ᠱᠠᠭᠠᠷᠳᠠᠯᠭ᠎ᠠ ᠯᠤᠭ᠎ᠠ ᠬᠠᠷᠢᠴᠠᠭᠤᠯᠵᠤ᠂ ᠤᠨᠤᠯ ᠤᠨ ᠵᠡᠪᠰᠡᠭᠯᠡᠯ ᠢ | ᠴᠥᠬᠦᠷᠡᠰᠢ ᠦᠭᠡᠢ ᠴᠢᠩᠭᠠᠳᠬᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠵᠡᠮᠰᠢᠨ ᠣᠶᠢᠯᠠᠭᠠᠬᠤ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠭᠦᠨᠵᠡᠭᠡᠢ | ᠰᠢᠰᠲ᠋ᠧᠮ ᠲᠠᠢ ᠰᠤᠷᠤᠯᠴᠠᠨ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ᠰᠤᠷᠤᠯᠴᠠᠬᠤ ᠰᠡᠳᠬᠢᠬᠦ ᠬᠡᠷᠡᠭᠯᠡᠬᠦ ᠂ | ᠮᠡᠳᠡᠬᠦ ᠢᠲᠡᠭᠡᠬᠦ ᠠᠵᠢᠯᠯᠠᠬᠤ ᠪᠠᠨ ᠨᠢᠭᠡᠳᠬᠡᠬᠦ ᠬᠡᠷᠡᠭᠲᠡᠢ᠃ ᠬᠤᠶᠠᠷ ᠲᠤ ᠵᠠᠩᠭᠢᠯᠠᠭ᠎ᠠ ᠭᠤᠣᠯᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠯᠠᠪᠳᠠᠭᠤᠨ ᠢᠶᠠᠷ ᠪᠠᠶᠢᠴᠠᠭᠠᠨ ᠰᠢᠨᠵᠢᠵᠦ ᠵᠠᠳᠠᠯᠤᠯᠲᠠ ᠬᠢᠬᠦ ᠬᠡᠷᠡᠭᠲᠡᠢ᠃ ᠤᠯᠤᠰ | ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠭ᠎ᠠ ᠵᠢᠷᠤᠮᠯᠠᠨ ᠂ ᠬᠤᠷᠠᠯ ᠠᠴᠠ | ᠡᠮᠦᠨᠡᠬᠢ ᠪᠡᠯᠡᠳᠬᠡᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ | ᠶᠢ ᠭᠦᠨᠵᠡᠭᠡᠢ ᠦᠷᠨᠢᠬᠦᠯᠦᠨ᠂ ᠥᠪᠡᠷ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ | ᠠᠰᠠᠭᠤᠳᠠᠯ ᠢ ᠶᠠᠷᠢᠯᠴᠠᠵᠤ᠂ ᠰᠠᠨᠠᠯ ᠢᠶᠠᠨ ᠲᠡᠯᠬᠡᠵᠦ᠂ ᠳᠡᠭᠡᠳᠦ ᠱᠠᠲᠤᠨ ᠤ ᠱᠠᠭᠠᠷᠳᠠᠯᠭ᠎ᠠ ᠲᠠᠢ ᠬᠠᠷᠢᠴᠠᠭᠤᠯᠤᠨ᠂ | ᠥᠪᠡᠷ ᠤᠨ ᠪᠡᠶ᠎ᠡ ᠪᠠᠨ ᠪᠠᠶᠢᠴᠠᠭᠠᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠣᠨᠣᠪᠴᠢᠲᠠᠢ ᠡᠷᠢᠵᠦ᠂ | ᠶᠠᠷᠢᠶᠠᠨ ᠤ ᠲᠣᠪᠴᠢ ᠪᠠᠨ ᠴᠢᠨᠠᠷ ᠰᠠᠶᠢᠲᠠᠢ ᠪᠢᠴᠢᠬᠦ ᠬᠡᠷᠡᠭᠲᠡᠢ᠃ ᠭᠤᠷᠪᠠ ᠳᠤ ᠲᠥᠪ ᠴᠢᠩᠭ᠎ᠠ ᠨᠠᠷᠢᠨ ᠬᠢᠨᠠᠮᠠᠭᠠᠢ ᠪᠠᠷ | ᠬᠠᠨᠳᠤᠵᠤ᠂ ᠬᠤᠷᠠᠯ ᠤᠨ ᠴᠢᠨᠠᠷ ᠴᠢᠨᠰᠠᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠭᠦᠮᠵᠢᠯᠡᠯ ᠪᠠ ᠥᠪᠡᠷ ᠤᠨ | ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠵᠦ᠂ ᠵᠥᠷᠢᠴᠡᠯ ᠠᠴᠠ ᠵᠠᠶᠢᠯᠠᠬᠤ ᠦᠭᠡᠢ᠂ ᠠᠰᠠᠭᠤᠳᠠᠯ ᠢ | ᠨᠢᠭᠤᠨ ᠳᠠᠯᠳᠠᠯᠠᠬᠤ ᠦᠭᠡᠢ ᠪᠠᠶᠢᠬᠤ ᠶᠢ ᠪᠠᠷᠢᠮᠳᠠᠯᠠᠨ᠂ ᠵᠣᠷᠢᠭᠲᠠᠢ ᠪᠠᠷ ᠬᠠᠳᠠᠭᠤ ᠶᠢ ᠬᠦᠨᠳᠡᠵᠤ᠂ ᠦᠨᠡᠨ ᠢ ᠬᠡᠯᠡᠵᠦ | ᠂ ᠨᠢᠭᠤᠷ ᠤᠯᠠᠶᠢᠯᠭᠠᠬᠤ᠂ ᠬᠥᠯᠥᠰᠦ ᠭᠠᠷᠭᠠᠬᠤ᠂ ᠬᠤᠣᠷ ᠢ ᠭᠠᠳᠠᠭᠰᠢᠯᠠᠭᠤᠯᠤᠨ ᠡᠪᠡᠳᠴᠢᠨ ᠢ ᠵᠠᠰᠠᠬᠤ ᠦᠷ᠎ᠡ | ᠪᠦᠲᠦᠮᠵᠢ ᠳᠤ ᠬᠦᠷᠴᠦ᠂ ᠪᠦᠯᠬᠦᠮᠳᠡᠯ ᠢ ᠴᠢᠩᠭᠠᠳᠬᠠᠬᠤ᠂ ᠨᠥᠬᠦᠷᠯᠡᠯ ᠢ ᠭᠦᠨᠵᠡᠭᠡᠶᠢᠷᠡᠭᠦᠯᠬᠦ᠂ ᠬᠠᠮᠲᠤ ᠪᠠᠷ | ᠳᠡᠭᠡᠭᠰᠢᠯᠡᠬᠦ ᠵᠣᠷᠢᠯᠭ᠎ᠠ ᠳᠤ ᠬᠦᠷᠴᠦ᠂ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠨᠡᠨ | ᠪᠤᠳᠠᠳᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ |