ᠬᠤᠩ ᠴᠢ ᠪᠠᠯᠭᠠᠰᠤ 2024 ᠣᠨ ᠤ ᠴᠡᠷᠢᠭ ᠤᠨ ᠶᠠᠪᠤᠳᠠᠯ ᠢ ᠵᠦᠪᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/16
 1 ᠰᠠᠷ᠎ᠠ  ᠶᠢᠨ 12  ᠤᠨ ᠡᠳᠦᠷ᠂  ᠬᠤᠩ ᠴᠢ ᠪᠠᠯᠭᠠᠰᠤ 2024 ᠣᠨ  ᠤ ᠴᠡᠷᠢᠭ  ᠤᠨ ᠶᠠᠪᠤᠳᠠᠯ   ᠢ ᠵᠦᠪᠯᠡᠬᠦ  ᠬᠤᠷᠠᠯ  ᠬᠢᠵᠦ᠂ ᠨᠠᠮ ᠤᠨ ᠬᠤᠷᠢᠶᠠᠨ ᠤ ᠱᠦᠵᠢ ᠰᠦᠨ ᠬᠠᠢ ᠹᠧᠩ  ᠬᠤᠷᠠᠯ ᠢ ᠡᠷᠬᠢᠯᠡᠨ᠂ ᠪᠠᠯᠭᠠᠰᠤᠨ ᠤ  ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠭᠡᠴᠡ   ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠨᠠᠮ ᠤᠨ ᠬᠤᠷᠢᠶᠠᠨ ᠤ ᠭᠡᠰᠢᠭᠦᠨ᠂ ᠳᠡᠳ᠋ ᠪᠠᠯᠭᠠᠰᠤᠨ ᠳᠠᠷᠤᠭ᠎ᠠ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠢᠶᠠ ᠶᠠᠨ ᠠᠴᠠ ᠪᠠᠯᠭᠠᠰᠤᠨ ᠤ 2023 ᠣᠨ ᠤ ᠵᠡᠪᠰᠡᠭᠲᠦ ᠬᠦᠴᠦᠨ ᠤ ᠠᠵᠢᠯ ᠤᠨ ᠲᠤᠬᠠᠢ ᠳ᠋ᠦᠩᠨᠡᠯᠲᠡ ᠬᠢᠵᠦ᠂ 2024 ᠣᠨ ᠤ ᠠᠵᠢᠯ ᠤᠨ ᠬᠠᠷᠠᠯᠲᠠ ᠶᠢ ᠲᠣᠳᠣᠷᠬᠠᠶᠢᠯᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠡ᠃  ᠰᠦᠨ ᠬᠠᠢ ᠹᠧᠩ ᠬᠤᠰᠢᠭᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠦᠪᠯᠡᠬᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂  2024 ᠣᠨ ᠤ ᠪᠦᠬᠦ ᠪᠠᠯᠭᠠᠰᠤᠨ ᠤ ᠵᠡᠪᠰᠡᠭᠲᠦ ᠬᠦᠴᠦᠨ ᠤ ᠠᠵᠢᠯ ᠤᠨ ᠲᠠᠯ᠎ᠠ ᠪᠠᠷ ᠱᠠᠭᠠᠷᠳᠠᠯᠭ᠎ᠠ ᠲᠤᠷᠠᠳᠴᠠᠢ᠃ ᠲᠤᠬᠠᠶᠢᠯᠠᠪᠠᠯ᠂ ᠬᠠᠷᠢᠭᠤᠴᠠᠯᠭᠠᠲᠤ ᠤᠬᠠᠮᠰᠠᠷ ᠢ ᠪᠠᠲᠤ ᠪᠤᠢ ᠪᠣᠯᠭᠠᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠬᠦᠷᠭᠡᠯᠡᠨ᠂ ᠰᠢ ᠶᠢᠨ ᠫᠢᠩ  ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠦᠨᠳᠦᠰᠦᠨ ᠵᠠᠷᠴᠢᠮ ᠪᠠ ᠦᠨᠳᠦᠰᠦᠨ ᠳᠦᠷᠢᠮ ᠢ  ᠭᠤᠶᠢᠪᠢᠰᠢ ᠦᠭᠡᠢ  ᠪᠠᠷᠢᠮᠳᠠᠯᠠᠨ᠂ ᠵᠡᠪᠰᠡᠭᠲᠦ ᠬᠦᠴᠦᠨ ᠤ ᠠᠵᠢᠯ ᠤᠨ ᠬᠠᠷᠠᠯᠲᠠ ᠶᠢᠨ ᠲᠣᠭᠤᠷᠢᠨ ᠳᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ︽ᠲᠠᠶᠢᠨ ᠳᠤ ᠪᠡᠯᠡᠳᠬᠡᠬᠦ︾  ᠤᠬᠠᠮᠰᠠᠷ ᠢ ᠴᠢᠩᠭᠠᠳᠬᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠦᠨᠢᠷ ᠥᠳᠬᠡᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠡᠷᠦᠭᠡ ᠶᠢᠨ ᠴᠡᠷᠢᠭ ᠤᠨ ᠬᠠᠮᠢᠶᠠᠷᠤᠯᠲᠠ ᠶᠢᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠠᠵᠢᠯ ᠤᠨ ᠬᠦᠴᠦᠨ ᠢ ᠭᠦᠢᠴᠡᠳ ᠪᠠᠳᠠᠷᠠᠭᠤᠯᠤᠨ᠂ ᠭᠠᠯ ᠰᠡᠷᠭᠡᠶᠢᠯᠡᠬᠦ᠂ ᠦᠶᠡᠷ ᠰᠡᠷᠭᠡᠶᠢᠯᠡᠬᠦ᠂ ᠬᠦᠴᠦᠷᠬᠡᠭᠯᠡᠯ ᠢ ᠰᠡᠷᠭᠡᠶᠢᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠ ᠡᠷᠦᠭᠡ ᠶᠢᠨ ᠴᠡᠷᠢᠭ ᠤᠨ ᠦᠨᠳᠦᠰᠦᠨ ᠪᠣᠯᠪᠠᠰᠤᠷᠠᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠡᠷᠦᠭᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃  ᠴᠡᠷᠢᠭ ᠡᠯᠰᠡᠬᠦ ᠠᠵᠢᠯ ᠢ ᠥᠨᠳᠥᠷ ᠪᠦᠲᠦᠮᠵᠢᠲᠡᠢ ᠪᠠᠷ ᠠᠬᠢᠭᠤᠯᠵᠤ᠂ ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠬᠤ ᠶᠢᠨ ᠬᠠᠮᠲᠤ ᠵᠠᠯᠠᠭᠤᠴᠤᠳ ᠤᠨ ᠢᠳᠡᠪᠬᠢᠲᠡᠢ ᠪᠠᠷ ᠨᠡᠷ᠎ᠡ ᠮᠡᠳᠡᠭᠦᠯᠵᠦ ᠴᠡᠷᠢᠭ ᠲᠤ ᠣᠷᠣᠬᠤ ᠶᠢ ᠲᠠᠶᠢᠴᠢᠯᠠᠨ ᠵᠣᠷᠢᠭᠵᠢᠭᠤᠯᠵᠤ᠂ ᠨᠡᠩ ᠤᠯᠠᠨ ᠤᠯᠤᠰ ᠲᠦᠷᠦ ᠶᠢᠨ ᠬᠡᠪ ᠪᠣᠯᠪᠠᠰᠤᠷᠠᠯ ᠢᠶᠠᠷ ᠥᠨᠳᠥᠷ᠂ ᠪᠡᠶ᠎ᠡ ᠰᠡᠳᠬᠢᠯ ᠤᠨ ᠬᠡᠪ ᠴᠢᠨᠠᠷ ᠢᠶᠠᠷ ᠰᠠᠶᠢᠨ ᠰᠢᠯᠢᠳᠡᠭ ᠴᠡᠷᠢᠭ ᠢ ᠡᠯᠰᠡᠬᠦ ᠬᠡᠷᠡᠭᠲᠡᠢ᠃  ᠦᠨᠳᠦᠰᠦ ᠪᠠᠨ ᠪᠠᠲᠤᠳᠬᠠᠵᠤ ᠰᠠᠭᠤᠷᠢ ᠪᠠᠨ ᠪᠠᠬᠢᠵᠢᠭᠦᠯᠬᠦ ᠶᠢ  ᠪᠠᠷᠢᠮᠳᠠᠯᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢ ᠴᠢᠨᠠᠷ ᠰᠠᠶᠢᠲᠠᠢ ᠠᠬᠢᠭᠤᠯᠬᠤ ᠳᠤ ᠪᠠᠲᠤᠯᠠᠭ᠎ᠠ ᠬᠠᠩᠭᠠᠵᠤ᠂ ᠡᠷᠦᠬᠡ ᠶᠢᠨ ᠴᠡᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠦᠷᠢᠮᠵᠢᠭᠰᠡᠨ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠶᠠᠪᠤᠴᠠ ᠳᠤ ᠬᠠᠷᠢᠭᠤᠴᠠᠯᠭ᠎ᠠ ᠡᠬᠦᠷᠭᠡᠯᠡᠨ᠂ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号