ᠬᠦᠨᠪᠤᠯᠠᠭ ᠰᠤᠮᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠳᠤ ᠶᠢᠨ ᠰᠤᠷᠤᠯᠴᠠᠯᠭ᠎ᠠ ᠡᠷᠬᠢᠯᠡᠪᠡ
ᠨᠡᠶᠢᠲᠡᠯᠡᠭᠰᠡᠨ ᠴᠠᠭ᠄
2024/1/19
  1 ᠰᠠᠷ᠎ᠠ ᠶᠢᠨ 15  ᠤ ᠡᠳᠦᠷ᠂ ᠬᠦᠨᠪᠤᠯᠠᠭ ᠰᠤᠮᠤ 2024 ᠣᠨ ᠤ ᠨᠠᠮ ᠤᠨ  ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ  ᠵᠢᠴᠢ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ  ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠰᠤᠳᠤᠯᠤᠨ ᠶᠠᠷᠢᠯᠴᠠᠬᠤ ᠬᠤᠷᠠᠯ ᠢ ᠬᠤᠷᠠᠯ ᠢ  ᠡᠷᠬᠢᠯᠡᠪᠡ᠃ ᠨᠠᠮ ᠤᠨ ᠬᠤᠷᠢᠶᠠᠨ ᠤ ᠱᠦᠵᠢ ᠤᠷᠬᠢᠯ ᠬᠤᠷᠠᠯ ᠢ ᠡᠷᠬᠢᠯᠡᠵᠦ᠂  ᠤᠳᠤᠷᠢᠳᠬᠤ ᠪᠠᠭ ᠤᠨ ᠭᠡᠰᠢᠬᠦᠳ ᠬᠤᠷᠠᠯ ᠳᠤ ᠤᠷᠤᠯᠴᠠᠵᠠᠢ᠃ ᠬᠤᠷᠠᠯ  ᠲᠡᠭᠡᠷ᠎ᠡ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠂ ︽ᠰᠢ ᠶᠢᠨ ᠫᠢᠩ ᠶᠡᠷᠦᠩᠬᠡᠢ ᠱᠦᠵᠢ   ᠶᠢᠨ ᠴᠢᠬᠤᠯᠠ ᠴᠣᠬᠤᠯᠠᠪᠤᠷᠢ   ᠶᠢᠨ ᠵᠣᠷᠢᠭ ᠰᠠᠨᠠᠭ᠎ᠠ   ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠨᠠᠮ ᠵᠠᠰᠠᠭ ᠤᠨ ᠪᠠᠶᠢᠭᠤᠯᠭ᠎ᠠ   ᠶᠢᠨ ᠠᠷᠪᠢᠯᠠᠨ ᠭᠠᠮᠨᠠᠵᠤ ᠠᠮᠢᠳᠤᠷᠠᠬᠤ  ᠲᠠᠳᠬᠠᠯ ᠲᠠᠢ ᠪᠤᠯᠬᠤ ᠶᠢ ᠠᠬᠢᠭᠤᠯᠬᠤ ᠲᠤᠬᠠᠢ ᠮᠡᠳᠡᠭᠳᠡᠯ︾ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ   ᠶᠢᠨ ᠰᠢᠳᠬᠡᠯ ᠥᠭᠬᠦ ᠳᠦᠷᠢᠮ︾ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠪᠠᠷᠢᠮᠵᠢᠶ᠎ᠠ ᠨᠤᠭᠤᠳ︾᠂ ︽ᠰᠢᠶᠠᠨ ᠤ ᠱᠠᠲᠤᠨ   ᠠᠴᠠ ᠳᠡᠭᠡᠭᠰᠢᠬᠢ ᠨᠠᠮ ᠲᠥᠷᠥ ᠶᠢᠨ ᠪᠠᠶᠢᠭᠤᠯᠭ᠎ᠠ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠣᠭᠲᠠᠭᠠᠯ ᠤᠳ︾ ᠪᠠ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠠᠯᠪᠠᠨ ᠭᠡᠷ ᠤᠨ ︽ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ  ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠲᠤᠬᠠᠢ ᠮᠡᠳᠡᠭᠳᠡᠯ︾ ᠵᠡᠷᠭᠡ ᠠᠭᠤᠯᠭ᠎ᠠ  ᠶᠢ ᠤᠯᠠᠮᠵᠢᠯᠠᠨ ᠰᠤᠷᠤᠯᠴᠠᠵᠤ᠂  ᠤᠳᠤᠷᠢᠳᠬᠤ ᠪᠠᠭ ᠤᠨ ᠭᠡᠰᠢᠬᠦᠳ ᠰᠤᠷᠤᠯᠴᠠᠯᠭ᠎ᠠ ᠶᠢᠨ ᠭᠤᠣᠯ ᠰᠡᠳᠦᠪ  ᠤᠨ ᠲᠤᠭᠤᠷᠢᠨ ᠳᠤ᠂ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠷᠠᠯ ᠠᠴᠠ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠱᠤᠭᠤᠮ ᠲᠠᠢ ᠨᠢᠭᠲᠠ ᠤᠶᠠᠯᠳᠤᠭᠤᠯᠵᠤ᠂ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠂ ᠦᠵᠡᠯ ᠰᠠᠨᠠᠭ᠎ᠠ ᠪᠠᠨ ᠤᠯᠠᠮ ᠨᠢᠭᠡᠳᠬᠡᠵᠦ᠂ ᠲᠠᠨᠢᠯᠲᠠ ᠪᠠᠨ ᠭᠦᠨᠵᠡᠭᠡᠶᠢᠷᠡᠭᠦᠯᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ  ᠃ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠵᠡᠷᠭᠡ ᠪᠣᠳᠠᠲᠠᠢ ᠠᠵᠢᠯ ᠢ ᠪᠠᠶᠢᠴᠠᠭᠠᠨ ᠰᠢᠨᠵᠢᠯᠡᠵᠦ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠡᠯ᠎ᠡ ᠲᠦᠷᠦᠯ ᠤᠨ ᠠᠵᠢᠯ ᠢ  ᠨᠢᠮᠪᠠᠢ  ᠰᠠᠶᠢᠨ ᠬᠢᠵᠦ᠂ ᠪᠣᠭᠤᠮᠲᠠ ᠶᠢ ᠴᠢᠩᠭ᠎ᠠ  ᠰᠠᠬᠢᠨ᠂  ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠬᠤᠷᠠᠯᠳᠤᠭᠤᠯᠬᠤ ᠭᠡᠷᠡᠭᠳᠡᠢ ᠬᠡᠵᠦ ᠴᠢᠬᠤᠯᠠᠴᠢᠯᠠᠪᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号