ᠲᠠᠶᠢᠹᠤᠰᠧ ᠬᠤᠰᠢᠭᠤᠨ ᠤ ᠬᠢᠨ ᠪᠠᠶᠢᠴᠠᠭᠠᠨ ᠴᠡᠭᠴᠡᠯᠡᠬᠦ ᠲᠤᠰᠬᠠᠢ ᠠᠵᠢᠯᠯᠠᠭ᠎ᠠ ᠦᠷᠨᠢᠬᠦᠯᠵᠦ  ᠪᠠᠶᠠᠷ ᠤᠨ ᠡᠳᠦᠷ ᠤᠨ ᠠᠮᠤᠷ ᠲᠦᠪᠰᠢᠨ ᠢ ᠬᠠᠮᠠᠭᠠᠯᠠᠨᠠᠮ
ᠨᠡᠶᠢᠲᠡᠯᠡᠭᠰᠡᠨ ᠴᠠᠭ᠄
2024/1/2
   ᠰᠢᠨ᠎ᠡ ᠤᠨ ᠢᠶᠠᠨ ᠤᠭᠳᠤᠬᠤ ᠦᠯᠵᠡᠢ ᠪᠡᠯᠭᠡᠳᠦ ᠮᠦᠴᠡ ᠳᠤ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠵᠤ᠂  ᠣᠯᠠᠨ ᠲᠦᠮᠡᠨ ᠤ ᠠᠮᠤᠷ ᠠᠮᠤᠭᠤᠯᠠᠩ ᠪᠡᠯᠭᠡ ᠲᠡᠮᠪᠡᠷᠢᠯ ᠲᠠᠢ ᠪᠠᠶᠠᠷ ᠤᠨ ᠡᠳᠦᠷ  ᠢᠶᠠᠨ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ 12 ᠰᠠᠷ᠎ᠠ ᠶᠢᠨ 28 ᠤ ᠡᠳᠦᠷ ᠠᠴᠠ ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ︽ᠲᠤᠭᠰᠢᠨ ᠨᠢᠷᠭᠡᠯᠳᠡ︾  ᠪᠠᠶᠢᠴᠠᠭᠠᠨ ᠴᠡᠭᠴᠡᠯᠡᠬᠦ ᠨᠢᠭᠡᠳᠦᠯᠲᠡᠢ ᠠᠵᠢᠯᠯᠠᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠥᠷᠨᠢᠭᠦᠯᠦᠭᠰᠡᠨ ᠪᠠᠶᠢᠨ᠎ᠠ᠃   ᠠᠷᠠᠳ ᠤᠨ ᠴᠠᠭᠳᠠᠭ᠎ᠠ ᠨᠠᠷ  ᠢᠷᠡᠵᠦ ᠶᠠᠪᠤᠬᠤ ᠬᠦᠮᠦᠨ ᠬᠠᠷ᠎ᠠ ᠤᠯᠠᠨ  ᠂ ᠠᠮᠤᠷ ᠲᠦᠪᠰᠢᠨ ᠤ ᠳᠠᠯᠳᠠ ᠬᠡᠮ   ᠨᠢ ᠶᠡᠭᠡ ᠭᠠᠵᠠᠷ  ᠣᠷᠣᠨ ᠢᠶᠠᠷ ᠪᠠᠶᠢᠴᠠᠭᠠᠯᠳᠠ ᠶᠢᠨ  ᠭᠤᠤᠯᠳᠠᠯᠭ᠎ᠠ ᠪᠠᠨ ᠪᠤᠯᠭᠠᠵᠤ᠂  ᠶᠠᠪᠠᠭᠠᠨ ᠢᠶᠠᠷ ᠲᠣᠭᠤᠷᠢᠨ ᠪᠠᠶᠢᠴᠠᠭᠠᠬᠤ ᠪᠠ ᠲᠡᠷᠭᠡ ᠪᠠᠷ ᠲᠣᠭᠤᠷᠢᠨ ᠪᠠᠶᠢᠴᠠᠭᠠᠬᠤ ᠶᠢ ᠤᠶᠠᠯᠳᠤᠭᠤᠯᠵᠤ᠂ ᠶᠠᠯ᠎ᠠ ᠬᠡᠮ ᠬᠢᠬᠦ ᠣᠷᠣᠨ ᠵᠠᠢ ᠶᠢ ᠬᠠᠮᠤᠭ ᠤᠨ ᠶᠡᠭᠡ ᠬᠡᠮᠵᠢᠶ᠎ᠡ ᠪᠠᠷ  ᠪᠠᠭᠠᠰᠬᠠᠬᠤ ᠶᠢᠨ ᠬᠠᠮᠲᠤ  ᠂   ᠭᠤᠣᠯᠳᠠᠯᠭ᠎ᠠ ᠲᠠᠢ ᠬᠦᠷᠢᠶ᠎ᠡ ᠴᠠᠷᠠᠭ᠎ᠠ   ᠳᠤ  ᠶᠡᠭᠡ ᠪᠠᠶᠢᠴᠠᠭᠠᠯᠳᠠ ᠴᠡᠭᠴᠡᠯᠡᠯᠳᠡ ᠶᠠᠪᠤᠭᠤᠯᠵᠤ᠂ ᠠᠮᠤᠷ ᠲᠦᠪᠰᠢᠨ ᠤ ᠬᠡᠮ ᠰᠣᠭᠤᠭ ᠢ ᠠᠷᠢᠯᠭᠠᠨ᠂ ᠨᠡᠶᠢᠭᠡᠮ ᠤᠨ ᠠᠮᠤᠷ ᠲᠦᠪᠰᠢᠨ ᠤ ᠣᠷᠴᠢᠨ ᠲᠣᠭᠤᠷᠢᠨ ᠢ ᠪᠦᠲᠦᠮᠵᠢᠲᠡᠢ  ᠴᠡᠪᠡᠷᠰᠢᠬᠦᠯᠪᠡ᠃ ᠲᠤᠰᠠᠯᠠᠭᠴᠢ ᠴᠠᠭᠳᠠᠭ᠎ᠠ ᠨᠠᠷ ᠪᠠᠭᠤᠳᠠᠯ᠂ KTV ᠵᠡᠷᠭᠡ ᠬᠥᠮᠥᠨ ᠬᠠᠷ᠎ᠠ ᠲᠥᠪᠯᠡᠷᠡᠭᠰᠡᠨ ᠭᠤᠣᠯᠳᠠᠯᠭ᠎ᠠ ᠲᠠᠢ ᠲᠠᠯᠠᠪᠤᠷ ᠲᠤ ᠭᠡᠨᠡᠳᠲᠡ ᠶᠢᠨ ᠪᠠᠶᠢᠴᠠᠭᠠᠯᠲᠠ ᠶᠠᠪᠤᠭᠤᠯᠵᠤ᠂  ᠵᠤᠴᠢᠳ ᠤᠨ ᠪᠠᠭᠤᠳᠠᠯ  ᠂ ᠴᠡᠩᠬᠡᠬᠦᠨ ᠤ  ᠲᠠᠯᠠᠪᠤᠷ ᠤᠨ ᠭᠠᠯ ᠤᠨᠲᠠᠷᠠᠭᠠᠬᠤ ᠲᠥᠬᠦᠭᠡᠷᠦᠮᠵᠢ ᠨᠢ ᠲᠣᠭᠲᠠᠭᠠᠯ ᠳᠤ ᠨᠡᠶᠢᠴᠡᠬᠦ ᠡᠰᠡᠬᠦ ᠂ ᠬᠢᠨᠠᠨ ᠡᠵᠡᠮᠳᠡᠬᠦ ᠲᠥᠬᠦᠭᠡᠷᠦᠮᠵᠢ ᠨᠢ ᠪᠦᠷᠢᠨ ᠪᠦᠳᠦᠨ ᠡᠰᠡᠬᠦ᠂ ᠦᠨᠡᠮᠯᠡᠯ ᠨᠢ ᠪᠦᠷᠢᠨ ᠭᠦᠢᠴᠡᠳ ᠡᠰᠡᠬᠦ ᠵᠡᠷᠭᠡ  ᠶᠢ ᠪᠥᠬᠦ ᠲᠠᠯ᠎ᠠ ᠪᠠᠷ ᠨᠠᠷᠢᠨ ᠪᠠᠶᠢᠴᠠᠭᠠᠭᠰᠠᠨ ᠪᠦᠭᠡᠳ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠱᠠᠭᠠᠷᠳᠠᠨ ᠴᠡᠭᠴᠡᠯᠡᠵᠡᠢ  ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠭᠤᠣᠯᠳᠠᠯᠭ᠎ᠠ ᠲᠠᠢ ᠭᠠᠵᠠᠷ ᠣᠷᠣᠨ᠂ ᠬᠥᠮᠥᠨ ᠤᠯᠠᠨᠳᠠᠢ ᠭᠠᠵᠠᠷ  ᠤᠷᠤᠨ ᠵᠢᠴᠢ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠭᠠᠵᠠᠷ  ᠤᠷᠤᠨ ᠳᠤ ᠬᠦᠨᠵᠡᠬᠡᠶᠢᠷᠡᠵᠦ᠂  ᠠᠴᠢᠶ᠎ᠠ ᠲᠡᠭᠡᠭᠡᠰᠢ ᠪᠤᠶᠤ ᠠᠶᠠᠨᠴᠢᠨ ᠤ ᠲᠤᠭ᠎ᠠ ᠬᠡᠳᠦᠷᠡᠬᠦ᠂ ᠰᠣᠭᠲᠣᠭᠤ ᠪᠠᠷ ᠲᠡᠷᠭᠡ ᠵᠢᠯᠤᠭᠤᠳᠬᠤ᠂ ᠲᠦᠷᠢᠮ ᠵᠦᠷᠢᠴᠡᠵᠦ ᠲᠡᠷᠭᠡ ᠵᠢᠯᠤᠭᠤᠳᠬᠤ ᠵᠡᠷᠭᠡ  ᠬᠠᠤᠯᠢ ᠪᠤᠰᠤ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠢᠳᠪᠦᠷᠢᠯᠡᠵᠦ᠂  ᠵᠠᠮ ᠬᠠᠷᠢᠯᠴᠠᠭᠠᠨ ᠤ ᠠᠮᠤᠷ ᠲᠦᠪᠰᠢᠨ ᠤ ᠲᠠᠯᠳᠠ ᠭᠡᠮ ᠢ ᠪᠥᠬᠦ ᠬᠦᠴᠦᠨ ᠢᠶᠠᠷ ᠠᠷᠢᠯᠭᠠᠭᠰᠠᠨ ᠪᠠᠶᠢᠨ᠎ᠠ᠃  ᠡᠨᠡ ᠤᠳᠠᠭᠠᠨ ᠤ ᠠᠵᠢᠯᠯᠠᠭ᠎ᠠ ᠳᠤ ᠨᠡᠶᠢᠲᠡ 140  ᠴᠠᠭᠳᠠᠭ᠎ᠠ ︵ᠤᠳᠠᠭ᠎ᠠ︶  ᠂ 46 ᠲᠡᠷᠭᠡ ︵ᠤᠳᠠᠭ᠎ᠠ︶  ᠬᠦᠳᠡᠯᠬᠡᠵᠦ᠂  2 ᠭᠠᠵᠠᠷ ᠲᠤ ᠪᠠᠶᠢᠴᠠᠭᠠᠯᠳᠠ ᠶᠢᠨ ᠪᠤᠭᠤᠮᠳᠠ ᠲᠤᠬᠢᠷᠠᠭᠤᠯᠤᠨ  ᠂ 562 ᠲᠡᠷᠭᠡ  611 ᠬᠦᠮᠦᠨ ᠳᠤ ᠪᠠᠶᠢᠴᠠᠭᠠᠯᠳᠠ ᠬᠢᠬᠦ ᠪᠠᠷ ᠲᠠᠮᠵᠢᠭᠠᠳ᠂  ᠵᠠᠮ ᠬᠠᠷᠢᠯᠴᠠᠭᠠᠨ ᠤ ᠬᠠᠤᠯᠢ ᠲᠦᠷᠢᠮ ᠵᠥᠷᠢᠴᠡᠭᠰᠡᠨ ᠦᠶᠯᠡ ᠠᠵᠢᠯᠯᠠᠭ᠎ᠠ 146 ᠶᠢ ᠪᠠᠶᠢᠴᠠᠭᠠᠨ ᠰᠢᠢᠳᠪᠦᠷᠢᠯᠡᠭᠰᠡᠨ ᠪᠦᠭᠡᠳ  150 ᠡᠷᠦᠬᠡ  ᠵᠤᠭ᠎ᠠ ᠴᠡᠩᠬᠡᠬᠦᠨ ᠤ  ᠲᠠᠯᠠᠪᠤᠷ ᠲᠤ ᠪᠠᠶᠢᠴᠠᠭᠠᠯᠳᠠ ᠬᠢᠵᠦ᠂   ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ 5 ᠶᠢ ᠢᠯᠡᠷᠡᠬᠦᠯᠦᠭᠡᠳ᠂  5 ᠬᠤᠪᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号