ᠪᠦᠦ ᠴᠢᠩ ᠱᠠᠨ ᠬᠦᠳᠡᠭᠡ ᠲᠣᠰᠬᠤᠨ ᠳᠤ ᠬᠦᠨᠵᠡᠬᠡᠶᠢᠷᠡᠵᠦ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2024/1/2
 12 ᠰᠠᠷ᠎ᠠ ᠶᠢᠨ 28 ᠤ ᠡᠳᠦᠷ᠂ ᠳᠡᠳ᠋ ᠬᠤᠰᠢᠭᠤ ᠳᠠᠷᠤᠭ᠎ᠠ ᠪᠦᠦ ᠴᠢᠩ ᠱᠠᠨ ᠬᠤᠪᠢᠳᠠᠨ  ᠲᠠᠭᠠᠭᠠᠴᠢᠯᠠᠭᠰᠠᠨ ᠴᠡᠭ ᠪᠤᠯᠬᠤ ᠴᠢᠶᠠᠨ ᠶᠢᠨ ᠭᠧᠦ ᠪᠠᠯᠭᠠᠰᠤᠨ ᠤ ᠯᠢᠦ ᠮᠢᠶᠠᠨ ᠵᠢᠩ ᠲᠣᠰᠬᠤᠨ ᠳᠤ ᠬᠦᠨᠵᠡᠬᠡᠶᠢᠷᠡᠵᠦ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠵᠠᠢ᠃ ᠪᠠᠯᠭᠠᠰᠤᠨ ᠤ ᠨᠠᠮ ᠤᠨ ᠬᠤᠷᠢᠶᠠᠨ  ᠤ ᠱᠦᠵᠢ᠂  ᠲᠤᠰᠬᠤᠨ ᠲᠠᠭᠠᠭᠠᠴᠢᠯᠠᠭᠰᠠᠨ ᠤᠳᠤᠷᠢᠳᠤᠯᠭ᠎ᠠ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠣᠰᠬᠤᠨ ᠤ ᠨᠠᠮ ᠤᠨ ᠡᠭᠦᠷ ᠤᠨ ᠱᠦᠵᠢ ᠪᠠ ᠨᠠᠮ ᠤᠨ ᠭᠡᠰᠢᠬᠦᠳ ᠬᠢᠴᠢᠶᠡᠯ ᠰᠣᠨᠣᠰᠪᠠ᠃ ᠪᠦᠦ ᠴᠢᠩ ᠱᠠᠨ ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠣᠯᠣᠨ ᠶᠣᠰᠣ ᠤᠴᠢᠷ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾  ᠪᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠰᠢᠰᠲ᠋ᠧᠮ ᠲᠠᠢ ᠪᠥᠭᠡᠳ ᠪᠦᠬᠦ ᠲᠠᠯ᠎ᠠ ᠶᠢᠨ᠂ ᠭᠦᠨᠵᠡᠭᠡᠢ ᠪᠥᠭᠡᠳ ᠣᠶᠢᠯᠠᠭᠠᠮᠵᠢᠲᠠᠢ  ᠬᠢᠴᠢᠶᠡᠯ ᠲᠠᠶᠢᠯᠤᠮᠵᠢ ᠬᠢᠭᠰᠡᠨ ᠪᠠᠶᠢᠨ᠎ᠠ᠃ ᠬᠢᠴᠢᠶᠡᠯ ᠤᠨ ᠲᠠᠷᠠᠭ᠎ᠠ᠂ ᠪᠦᠦ ᠴᠢᠩ ᠱᠠᠨ ᠪᠠᠰᠠ ᠪᠠᠯᠭᠠᠰᠤ ᠲᠣᠰᠬᠤᠨ ᠬᠤᠶᠠᠷ ᠱᠠᠲᠤᠨ ᠤ ᠨᠠᠮ ᠤᠨ ᠭᠡᠰᠢᠭᠦᠨ ᠺᠠᠳ᠋ᠷ ᠲᠠᠢ ᠯᠢᠦ ᠮᠢᠶᠠᠨ ᠵᠢᠩ ᠲᠣᠰᠬᠤᠨ ᠤ ᠬᠤᠶᠢᠰᠢᠳᠠ ᠶᠢᠨ ᠴᠤᠭᠴᠠᠯᠠᠯᠳᠠ   ᠬᠥᠭᠵᠢᠯᠲᠡ ᠶᠢᠨ ᠲᠤᠬᠠᠢ ᠶᠠᠷᠢᠯᠴᠠᠨ ᠵᠦᠪᠳᠡᠯᠴᠡᠵᠦ ᠰᠠᠨᠠᠯ ᠢᠶᠠᠨ ᠰᠣᠯᠢᠯᠴᠠᠪᠠ᠃ ᠬᠤᠷᠠᠯ ᠳᠤ ᠣᠷᠣᠯᠴᠠᠭᠰᠠᠳ ᠢᠯᠡᠷᠭᠡᠶᠢᠯᠡᠬᠦ ᠳᠡᠭᠡᠨ᠂ ᠡᠨᠡ ᠤᠳᠠᠭᠠᠨ ᠤ ᠲᠤᠰᠬᠠᠢ ᠰᠡᠳᠦᠪᠲᠦ ᠨᠠᠮ ᠤᠨ ᠬᠢᠴᠢᠶᠡᠯ ᠢᠶᠠᠷ ᠲᠠᠮᠵᠢᠭᠠᠳ ︽ᠲᠠᠪᠤᠨ ᠦᠬᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ  ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾  ᠲᠤᠬᠠᠢ ᠨᠡᠩ ᠪᠦᠬᠦ ᠲᠠᠯ᠎ᠠ ᠶᠢᠨ ᠭᠦᠨᠵᠡᠭᠡᠢ ᠲᠠᠨᠢᠯᠲᠠ ᠲᠠᠢ ᠪᠤᠯᠤᠯ᠎ᠠ᠂ ᠡᠨᠡ  ᠤᠳᠠᠭᠠᠨ   ᠤ ᠨᠠᠮ ᠤᠨ ᠬᠢᠴᠢᠶᠡᠯ ᠢᠶᠠᠷ ᠠᠵᠠ ᠲᠣᠬᠢᠶᠠᠯ ᠪᠤᠯᠭᠠᠨ᠂ ᠤᠯᠤᠰ ᠲᠦᠷᠦ ᠶᠢᠨ ᠬᠡᠪ ᠪᠣᠯᠪᠠᠰᠤᠷᠠᠯ ᠢᠶᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠪᠣᠳᠠᠲᠠᠢ   ᠠᠮᠵᠢᠯᠲᠠ ᠪᠦᠲᠦᠮᠵᠢ ᠪᠤᠳᠠᠳᠠᠢ ᠦᠢᠯᠡ  ᠠᠵᠢᠯᠯᠠᠭ᠎ᠠ ᠪᠠᠷ ᠢᠶᠠᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠬᠥᠳᠡᠭᠡ ᠲᠣᠰᠬᠤᠨ ᠤ ᠬᠦᠭᠵᠢᠯ ᠮᠠᠨᠳᠤᠯ ᠢ ᠠᠬᠢᠭᠤᠯᠬᠤ ᠬᠦᠴᠦᠷᠬᠡᠭ ᠶᠡᠭᠡ ᠬᠦᠳᠡᠯᠭᠡᠭᠴᠢ ᠬᠦᠴᠦᠨ ᠪᠣᠯᠭᠠᠨ ᠬᠤᠪᠢᠷᠠᠭᠤᠯᠬᠤ   ᠪᠠᠷ ᠴᠢᠷᠮᠠᠶᠢᠨ᠎ᠠ ᠬᠡᠵᠡᠭᠡᠪᠡ᠃
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号