ᠬᠤᠩ ᠴᠢ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠠᠮᠵᠢᠯᠳᠠ ᠲᠠᠢ ᠬᠤᠷᠠᠯᠳᠤᠭᠰᠠᠨ
ᠨᠡᠶᠢᠲᠡᠯᠡᠭᠰᠡᠨ ᠴᠠᠭ᠄
2024/1/2
 12 ᠰᠠᠷ᠎ᠠ ᠶᠢᠨ 28 ᠤ ᠡᠳᠦᠷ᠂  ᠬᠤᠩ ᠴᠢ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠠᠮᠵᠢᠯᠳᠠ ᠲᠠᠢ ᠬᠤᠷᠠᠯᠳᠤᠵᠤ ᠦᠩᠭᠡᠷᠡᠯ᠎ᠡ᠃  ᠡᠨᠡ  ᠤᠳᠠᠭᠠᠨ ᠤ ᠶᠡᠭᠡ ᠬᠤᠷᠠᠯ ᠤᠨ ᠤᠷᠤᠯᠴᠠᠬᠤ ᠶᠤᠰᠤᠳᠠᠢ ᠲᠥᠯᠥᠭᠡᠯᠡᠭᠴᠢ 70 ᠬᠥᠮᠥᠨ᠂ ᠪᠣᠳᠠᠲᠠᠢ ᠣᠷᠣᠯᠴᠠᠭᠰᠠᠨ ᠨᠢ 63 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠲᠤᠭ᠎ᠠ ᠳᠤ  ᠨᠡᠶᠢᠴᠡᠵᠡᠢ᠃  ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠬᠠᠢ ᠹᠧᠩ ᠬᠤᠷᠠᠯ ᠢ ᠡᠷᠬᠢᠯᠡᠨ᠂ ᠪᠠᠯᠭᠠᠰᠤᠨ ᠳᠠᠷᠤᠭ᠎ᠠ ᠵᠠᠩ ᠱᠧᠦ ᠴᠢᠶᠠᠩ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠬᠢᠵᠦ 2023 ᠣᠨ ᠤ ᠠᠵᠢᠯ ᠢᠶᠠᠨ ᠪᠦᠬᠦ ᠲᠠᠯ᠎ᠠ  ᠪᠠᠷ ᠳ᠋ᠦᠩᠨᠡᠨ 2024 ᠣᠨ ᠤ  ᠭᠤᠤᠯ ᠪᠤᠯᠬᠤ ᠠᠵᠢᠯ ᠡᠬᠦᠷᠭᠡ ᠶᠢ ᠪᠠᠶᠢᠷᠢᠯᠠᠭᠤᠯᠵᠤ᠂  ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠲᠢᠶᠠᠨ ᠶᠦᠩ ᠠᠴᠠ  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠭᠡᠯ ᠬᠢᠪᠡ᠃  ᠬᠤᠷᠠᠯ ᠠᠴᠠ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠰᠢᠢᠳᠪᠦᠷᠢ ︵ᠲᠥᠰᠥᠯ︶᠂  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ ᠤᠨ ᠰᠢᠢᠳᠪᠦᠷᠢ ︵ᠲᠥᠰᠥᠯ︶ ᠶᠢ ᠪᠠᠳᠤᠯᠠᠭᠰᠠᠨ ᠪᠠᠶᠢᠨ᠎ᠠ᠃  ᠰᠦᠨ ᠬᠠᠢ ᠹᠧᠩ ᠳ᠋ᠦᠩᠨᠡᠯᠳᠡ ᠶᠢᠨ ᠶᠠᠷᠢᠶᠠᠨ ᠳᠠᠭᠠᠨ᠂  2023 ᠣᠨ ᠳᠤ ᠪᠦᠬᠦ ᠪᠠᠯᠭᠠᠰᠤ ᠪᠠᠷ ᠢᠶᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠲᠠᠢ ᠨᠢᠭᠲᠠ ᠤᠶᠠᠯᠳᠤᠭᠤᠯᠤᠨ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠠᠮᠢ ᠠᠬᠤᠢ ᠣᠷᠴᠢᠨ ᠲᠣᠭᠤᠷᠢᠨ ᠤ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ᠂ ᠨᠡᠶᠢᠭᠡᠮ ᠤᠨ ᠵᠠᠰᠠᠯᠲᠠ ᠵᠡᠷᠭᠡ ᠡᠯ᠎ᠡ ᠲᠦᠷᠦᠯ ᠤᠨ ᠠᠵᠢᠯ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠠᠢ᠃ ᠰᠢᠨ᠎ᠡ ᠨᠢᠭᠡ ᠵᠢᠯ ᠳᠤ ᠠᠷᠠᠳ ᠤᠨ ᠲᠥᠯᠥᠭᠡᠯᠡᠭᠴᠢᠳ ᠮᠠᠨ ᠤ ᠠᠵᠢᠯ  ᠳᠤ ᠦᠷᠭᠦᠯᠵᠢᠯᠡᠨ ᠬᠠᠯᠠᠮᠵᠢ ᠲᠡᠮᠵᠢᠯᠭᠡ ᠦᠵᠡᠬᠦᠯᠵᠦ᠂ ᠭᠠᠷ ᠬᠤᠯᠪᠣᠨ ᠬᠠᠮᠲᠤᠪᠠᠷ ᠴᠢᠷᠮᠠᠶᠢᠵᠤ᠂ ᠦᠵᠡᠰᠬᠦᠯᠡᠩᠲᠦ ᠰᠠᠶᠢᠬᠠᠨ ᠬᠤᠩ ᠴᠢ ᠪᠠᠯᠭᠠᠰᠤᠨ ᠤ ᠪᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠰᠡᠵᠦ ᠪᠠᠶᠢᠨ᠎ᠠ ᠭᠡᠪᠡ᠃  
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号