ᠪᠤᠤᠴᠠᠩ ᠪᠠᠯᠭᠠᠰᠤ ᠰᠢᠨ᠎ᠡ ᠤᠨ ᠢᠶᠠᠨ ᠤᠭᠳᠤᠬᠤ  ᠰᠣᠨᠢᠷᠬᠠᠯᠲᠤ ᠲᠠᠮᠢᠷ ᠤᠨ ᠴᠤᠭᠯᠠᠭᠠᠨ ᠡᠷᠭᠢᠯᠡᠪᠡ
ᠨᠡᠶᠢᠲᠡᠯᠡᠭᠰᠡᠨ ᠴᠠᠭ᠄
2024/1/2
  ᠰᠢᠨ᠎ᠡ  ᠤᠨ ᠢᠶᠠᠨ ᠤᠭᠳᠤᠨ ᠪᠡᠯᠬᠡᠯᠡᠬᠦ ᠲᠠᠰᠢᠷᠠᠮ ᠳᠤ᠂ ᠪᠥᠬᠦ ᠪᠠᠯᠭᠠᠰᠤᠨ ᠤ ᠺᠠᠳ᠋ᠷ ᠠᠵᠢᠯᠳᠠᠳ ᠢ ᠵᠢᠯᠤᠭᠤᠳᠤᠨ ᠲᠠᠶᠢᠴᠢᠯᠠᠵᠤ᠂  ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠳᠤ ᠢᠳᠡᠪᠬᠢᠳᠡᠢ ᠤᠷᠤᠯᠴᠠᠭᠤᠯᠤᠨ᠂ ᠪᠡᠶ᠎ᠡ ᠮᠠᠬᠠᠪᠤᠳ ᠤᠨ ᠬᠡᠪ ᠴᠢᠨᠠᠷ ᠢ ᠲᠡᠭᠡᠭᠰᠢᠯᠡᠬᠦᠯᠵᠦ᠂  ᠨᠢᠭᠲᠠᠷᠠᠯ ᠤᠨ ᠬᠦᠴᠦᠨ ᠢ ᠴᠢᠩᠭᠠᠳᠬᠠᠨ᠂ ᠠᠵᠢᠯ ᠤᠨ ᠴᠢᠯᠦᠭᠡᠨ ᠤ ᠠᠮᠢᠳᠤᠷᠠᠯ ᠢ ᠪᠠᠶᠠᠯᠢᠬᠵᠢᠭᠤᠯᠵᠤ᠂ ᠰᠢᠨ᠎ᠡ ᠴᠠᠭ ᠦᠶ᠎ᠡ ᠶᠢᠨ ᠺᠠᠳ᠋ᠷ ᠠᠵᠢᠯᠲᠠᠨ ᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠶᠢᠨ ᠲᠥᠯᠥᠭᠡ᠂ 12 ᠰᠠᠷ᠎ᠠ ᠶᠢᠨ 28 ᠤ ᠡᠳᠦᠷ ᠪᠤᠤᠴᠠᠩ ᠪᠠᠯᠭᠠᠰᠤᠨ ᠤ ᠬᠢᠨ ︽ᠤᠨ ᠤ ᠤᠭᠳᠤᠯᠭ᠎ᠠ ᠬᠤᠨᠳᠠᠭᠠᠲᠤ︾ ᠺᠠᠳ᠋ᠷ ᠠᠵᠢᠯᠲᠠᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠪᠡ᠃ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠶᠢᠨ ᠺᠠᠳ᠋ᠷ ᠠᠵᠢᠯᠲᠠᠨ ᠨᠡᠶᠢᠳᠡ 60 ᠭᠠᠷᠤᠢ ᠬᠥᠮᠥᠨ ᠡᠨᠡ  ᠤᠳᠠᠭᠠᠨ ᠤ ᠬᠦᠳᠡᠯᠪᠦᠷᠢ ᠠᠵᠢᠯᠯᠠᠭ᠎ᠠ ᠳᠤ ᠤᠷᠤᠯᠴᠠᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠰᠢ ᠪᠢᠨ ᠳᠠᠶᠢᠴᠢᠯᠠᠯᠲᠠ ᠶᠢᠨ  ᠶᠠᠷᠢᠶ᠎ᠠ ᠲᠠᠯᠪᠢᠵᠠᠢ᠃ ᠡᠨᠡ ᠤᠳᠠᠭᠠᠨ ᠤ ᠲᠠᠮᠢᠷ ᠤᠨ ᠴᠤᠭᠯᠠᠭᠠᠨ ᠳᠤ 6 ᠠᠩᠭᠢ ᠨᠢᠭᠡᠴᠡ ᠤᠷᠤᠯᠴᠠᠵᠤ᠂ ᠬᠤᠪᠢᠩ ᠬᠠᠶᠠᠬᠤ᠂ ᠳᠡᠭᠡᠰᠦ ᠦᠰᠦᠷᠬᠦ᠂ ᠲᠡᠪᠡᠭ ᠢᠰᠬᠦᠯᠬᠦ ᠵᠡᠷᠭᠡ ᠰᠤᠨᠢᠨ ᠰᠠᠶᠢᠬᠠᠨ ᠤᠷᠤᠯᠳᠤᠭᠠᠨ ᠤ ᠲᠦᠷᠦᠯ ᠢ ᠲᠤᠬᠢᠷᠠᠭᠤᠯᠤᠭᠰᠠᠨ ᠪᠠᠶᠢᠨ᠎ᠠ᠃ ᠡᠨᠡ ᠤᠳᠠᠭᠠᠨ ᠤ ᠠᠵᠢᠯᠯᠠᠭ᠎ᠠ ᠨᠢ ᠺᠠᠳ᠋ᠷ ᠠᠵᠢᠯᠲᠠᠨ ᠤ ᠤᠷᠬᠢᠯᠤᠮ᠎ᠠ ᠬᠠᠯᠠᠭᠤᠨ ᠲᠡᠮᠡᠴᠡᠯ ᠤᠨ ᠵᠣᠷᠢᠭ ᠪᠠ ᠪᠦᠯᠬᠦᠮᠳᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠺᠠᠳ᠋ᠷ ᠠᠵᠢᠯᠲᠠᠨ ᠤ ᠬᠠᠷᠢᠯᠴᠠᠭ᠎ᠠ ᠰᠣᠯᠢᠯᠴᠠᠭ᠎ᠠ ᠶᠢ ᠠᠬᠢᠭᠤᠯᠤᠨ᠂ ᠡᠷᠡᠭᠦᠯ ᠥᠭᠡᠳᠡᠷᠬᠡᠭ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠪᠣᠶ ᠪᠣᠯᠭᠠᠵᠤ᠂ ᠠᠵᠢᠯᠲᠠᠨ ᠤ ᠡᠩᠨᠡᠭᠡᠨ ᠤ ᠨᠢᠭᠲᠠᠷᠠᠯ ᠤᠨ ᠬᠦᠴᠦᠨ ᠢ ᠤᠯᠠᠮ ᠴᠢᠩᠭᠠᠷᠠᠭᠤᠯᠤᠨ᠂  ᠰᠢᠨ᠎ᠡ ᠨᠢᠭᠡ ᠵᠢᠯ ᠳᠤ ᠨᠠᠩ ᠰᠠᠶᠢᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠠᠵᠢᠯ ᠦᠢᠯᠡᠰ ᠲᠡᠭᠡᠨ ᠰᠢᠮᠳᠠᠬᠤ  ᠳᠤᠨᠢ ᠢᠳᠡᠭᠡᠯ ᠵᠤᠷᠢᠭ ᠨᠡᠮᠡᠷᠢᠯᠡᠵᠡᠢ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号