ᠡᠮᠡᠭᠲᠡᠢ ᠠᠵᠢᠯᠲᠠᠨ ᠤ ᠡᠷᠡᠭᠦᠯ ᠬᠠᠮᠠᠭᠠᠯᠠᠯ ᠤᠨ ᠵᠠᠷᠤᠳᠠᠯ ᠤᠯᠭᠤᠬᠤ ᠪᠠᠷᠢᠮᠵᠢᠶ᠎ᠠ ᠳᠤ ᠲᠤᠬᠢᠷᠠᠭᠤᠯᠤᠯᠳᠠ ᠬᠢᠭᠰᠡᠨ ᠮᠡᠳᠡᠭᠳᠡᠯ
ᠨᠡᠶᠢᠲᠡᠯᠡᠭᠰᠡᠨ ᠴᠠᠭ᠄
2024/1/20
  ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠲᠥᠰᠥᠪ ᠤᠨ ᠰᠠᠯᠠᠭ᠎ᠠ ᠮᠥᠴᠢᠷ᠂ ᠨᠢᠭᠡᠴᠡ᠂ ᠡᠯ᠎ᠡ ᠠᠶᠢᠮᠠᠭ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠢᠯᠴᠢᠨ ᠤ ᠶᠡᠷᠦᠩᠬᠡᠢ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠢᠯᠴᠢᠨ ᠤ ᠶᠡᠷᠦᠩᠬᠡᠢ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠯ᠎ᠡ ᠬᠤᠯᠪᠣᠭᠳᠠᠯ ᠪᠦᠬᠦᠢ ᠬᠥᠮᠥᠨ ᠬᠡᠷᠡᠭᠯᠡᠬᠦ ᠨᠢᠭᠡᠴᠡ ᠳᠤ᠄      ᠨᠠᠮ ᠵᠠᠰᠠᠭ ᠤᠨ ᠬᠠᠶᠢᠷ᠎ᠠ ᠬᠠᠯᠠᠮᠵᠢ ᠶᠢ ᠭᠦᠢᠴᠡᠳ ᠬᠠᠷᠠᠭᠤᠯᠵᠤ᠂ ᠡᠮᠡᠭᠲᠡᠢ ᠠᠵᠢᠯᠲᠠᠨ ᠤ ᠬᠥᠳᠡᠯᠮᠦᠷᠢ ᠶᠢᠨ ᠬᠠᠮᠠᠭᠠᠯᠠᠯᠲᠠ ᠶᠢ ᠴᠢᠩᠭᠠᠳᠬᠠᠨ᠂ ᠡᠮᠡᠭᠲᠡᠢ ᠠᠵᠢᠯᠲᠠᠨ ᠤ ᠡᠷᠬᠡ ᠠᠰᠢᠭ ᠢ ᠬᠠᠮᠠᠭᠠᠯᠠᠵᠤ᠂ ᠡᠮᠡᠭᠲᠡᠢ ᠠᠵᠢᠯᠲᠠᠨ  ᠤ ᠠᠵᠢᠯ ᠬᠢᠵᠦ ᠦᠢᠯᠡᠰ ᠪᠦᠳᠦᠭᠡᠬᠦ ᠬᠠᠯᠠᠭᠤᠨ ᠰᠡᠳᠬᠢᠯᠭᠡ ᠶᠢ ᠲᠠᠶᠢᠴᠢᠯᠠᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠮᠠᠨ ᠤ ᠣᠷᠣᠨ ᠤ ᠠᠵᠢᠯ ᠤᠨ ᠪᠠᠶᠢᠷᠢ ᠳᠤ ᠪᠠᠶᠢᠭ᠎ᠠ ᠡᠮᠡᠭᠲᠡᠢ ᠠᠵᠢᠯᠲᠠᠨ ᠤ ᠡᠷᠡᠭᠦᠯ ᠬᠠᠮᠠᠭᠠᠯᠠᠯ ᠤᠨ ᠵᠠᠷᠤᠳᠠᠯ ᠤᠯᠭᠤᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠪᠠᠷ  ᠲᠤᠭᠳᠠᠭᠰᠠᠨ ᠪᠠᠶᠢᠨ᠎ᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠳᠤ ᠪᠠᠶᠢᠭ᠎ᠠ ᠡᠮᠡᠭᠲᠡᠢ ᠠᠵᠢᠯᠲᠠᠨ ᠤ ᠡᠷᠡᠭᠦᠯ ᠬᠠᠮᠠᠭᠠᠯᠠᠯ ᠤᠨ ᠵᠠᠷᠤᠳᠠᠯ ᠣᠯᠭᠤᠬᠤ ᠪᠠᠷᠢᠮᠵᠢᠶ᠎ᠠ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠬᠥᠮᠥᠨ ᠪᠦᠷᠢ ᠰᠠᠷ᠎ᠠ ᠳᠤ 5 ᠲᠥᠭᠦᠷᠢᠭ ᠪᠠᠶᠢᠭᠰᠠᠨ ᠠᠴᠠ ᠬᠥᠮᠥᠨ ᠪᠦᠷᠢ ᠰᠠᠷ᠎ᠠ ᠳᠤ 50 ᠲᠥᠭᠦᠷᠢᠭ ᠪᠣᠯᠭᠠᠨ ᠳᠡᠭᠡᠭᠰᠢᠯᠡᠭᠦᠯᠵᠦ᠂ ᠬᠡᠷᠡᠭᠰᠡᠬᠦ ᠵᠠᠷᠤᠳᠠᠯ ᠢ ᠠᠰ ᠲᠤᠨᠢ ᠬᠢᠨᠠᠨ ᠲᠣᠭᠲᠠᠭᠠᠭᠰᠠᠨ ᠤ ᠳᠠᠷᠠᠭ᠎ᠠ ︽ᠠᠰᠠᠷᠠᠮᠵᠢ ᠶᠢᠨ ᠵᠠᠷᠤᠳᠠᠯ︾ ᠤᠨ ᠲᠥᠷᠥᠯ ᠵᠦᠢᠯ ᠳᠤ ᠨᠡᠶᠢᠯᠡᠭᠦᠯᠦᠨ ᠣᠷᠣᠭᠤᠯᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠠᠷᠭ᠎ᠠ ᠵᠠᠮ ᠢᠶᠠᠷ ᠰᠠᠯᠠᠭ᠎ᠠ ᠮᠥᠴᠢᠷ ︵ᠨᠢᠭᠡᠴᠡ︶ ᠤᠨ ᠣᠨ ᠤ ᠲᠥᠰᠥᠪ ᠲᠤ ᠣᠷᠣᠭᠤᠯᠬᠤ ᠶᠢᠨ ᠬᠠᠮᠲᠤ ᠵᠢᠯ ᠪᠦᠷᠢ ᠶᠢᠨ 3 ᠰᠠᠷ᠎ᠠ ᠳᠤ ᠨᠢᠭᠡ ᠤᠳᠠᠭ᠎ᠠ ᠶᠢᠨ ᠴᠢᠨᠠᠷᠲᠠᠢ ᠪᠠᠷ ᠪᠦᠬᠦᠨ ᠢ ᠣᠯᠭᠤᠨ᠎ᠠ ᠃ ᠡᠯ᠎ᠡ ᠠᠶᠢᠮᠠᠭ ᠬᠤᠲᠠ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠣᠨ᠎ᠠ᠃    ᠬᠤᠶᠠᠷ᠂ ᠪᠤᠰᠤᠳ ᠨᠥᠬᠦᠴᠡᠯ ᠪᠤᠯᠤᠮᠵᠢ ᠲᠠᠢ ᠲᠠᠢ ᠬᠥᠮᠥᠨ ᠬᠡᠷᠡᠭᠯᠡᠬᠦ  ᠨᠢᠬᠡᠴᠡ ᠨᠢ ᠠᠵᠢᠯ ᠤᠨ ᠪᠠᠶᠢᠷᠢ ᠳᠤ ᠪᠠᠶᠢᠭ᠎ᠠ ᠡᠮᠡᠭᠲᠡᠢ ᠠᠵᠢᠯᠲᠠᠨ ᠳᠤ ᠬᠥᠮᠥᠨ ᠪᠦᠷᠢ ᠰᠠᠷ᠎ᠠ ᠶᠢᠨ 50 ᠲᠥᠭᠦᠷᠢᠭ ᠠᠴᠠ ᠳᠣᠣᠷ᠎ᠠ ᠦᠭᠡᠢ ᠪᠠᠷᠢᠮᠵᠢᠶ᠎ᠠ ᠪᠠᠷ ᠡᠷᠡᠭᠦᠯ ᠬᠠᠮᠠᠭᠠᠯᠠᠯ ᠤᠨ ᠬᠡᠷᠡᠭᠰᠡᠯ ᠪᠤᠶᠤ ᠡᠷᠡᠭᠦᠯ ᠬᠠᠮᠠᠭᠠᠯᠠᠯ ᠤᠨ ᠵᠠᠷᠤᠳᠠᠯ ᠤᠯᠭᠤᠵᠤ ᠪᠣᠯᠣᠨ᠎ᠠ᠂ ᠬᠡᠷᠡᠭᠰᠡᠬᠦ ᠵᠠᠷᠤᠳᠠᠯ ᠢ ᠠᠵᠢᠯᠲᠠᠨ ᠤ ᠠᠰᠠᠷᠠᠮᠵᠢ ᠶᠢᠨ ᠵᠠᠷᠤᠳᠠᠯ ᠠᠴᠠ ᠭᠠᠷᠭᠠᠵᠤ ᠪᠣᠯᠣᠨ᠎ᠠ᠃    ᠭᠤᠷᠪᠠ᠂ ᠡᠮᠡᠭᠲᠡᠢ ᠠᠵᠢᠯᠲᠠᠨ ᠤ ᠡᠷᠡᠭᠦᠯ ᠬᠠᠮᠠᠭᠠᠯᠠᠯ ᠤᠨ ᠵᠠᠷᠤᠳᠠᠯ ᠣᠯᠭᠤᠬᠤ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠣᠯᠣᠨ ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠦᠨᠳᠦᠰᠦᠯᠡᠵᠦ ᠪᠠᠶᠢᠭᠠᠳ ᠲᠤᠬᠢᠷᠠᠮᠵᠢᠳᠠᠢ ᠦᠶᠡᠰ ᠲᠣᠬᠢᠷᠠᠭᠤᠯᠤᠯᠲᠠ ᠬᠢᠨ᠎ᠡ᠃     ᠳᠥᠷᠪᠡ᠂ ᠲᠤᠰ ᠪᠢᠴᠢᠭ ᠮᠠᠲ᠋ᠧᠷᠢᠶᠠᠯ ᠢ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ                 2024 ᠣᠨ ᠤ 1 ᠰᠠᠷ᠎ᠠ ᠶᠢᠨ 22 ᠤᠨ ᠡᠳᠦᠷᠢᠷᠡᠯᠳᠡ᠄  ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号