1 ᠰᠠᠷ᠎ᠠ ᠶᠢᠨ 19 ᠤ ᠡᠳᠦᠷ᠂ ᠴᠢᠶᠠᠨ ᠶᠢᠨ ᠭᠧᠦ ᠪᠠᠯᠭᠠᠰᠤ ᠺᠠᠳ᠋ᠷ ᠤᠨ ᠢᠷᠠᠭᠤ ᠠᠯᠳᠠᠷᠲᠠᠢ ᠪᠠᠷ | ᠠᠵᠢᠯ ᠠᠴᠠ ᠪᠠᠨ ᠠᠮᠠᠷᠠᠬᠤ ᠶᠣᠰᠣᠯᠠᠯ ᠶᠠᠪᠤᠭᠤᠯᠵᠤ᠂ ᠠᠵᠢᠯ ᠠᠴᠠ ᠪᠠᠨ ᠠᠮᠠᠷᠠᠭᠰᠠᠨ ᠯᠢᠦ ᠱᠠᠩ ᡁᠢ ᠶᠢ ᠦᠳᠡᠨ | ᠮᠣᠷᠳᠠᠭᠤᠯᠪᠠ᠃ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂ ᠪᠠᠶᠢᠭᠤᠯᠭ᠎ᠠ ᠨᠢᠭᠡᠴᠡ ᠶᠢᠨ | ᠬᠠᠷᠢᠭᠤᠴᠠᠯᠭᠠᠲᠠᠨ᠂ ᠪᠠᠯᠭᠠᠰᠤᠨ ᠤ ᠪᠦᠬᠦ ᠺᠠᠳ᠋ᠷ ᠠᠵᠢᠯᠳᠠᠨ ᠡᠨᠡ ᠤᠳᠠᠭᠠᠨ ᠤ ᠠᠵᠢᠯᠯᠠᠭ᠎ᠠ ᠳᠤ ᠤᠷᠤᠯᠴᠠᠵᠠᠢ᠃ | ᠬᠤᠷᠠᠯ ᠳᠡᠭᠡᠷ᠎ᠡ᠂ ᠨᠠᠮ ᠤᠨ ᠬᠤᠷᠢᠶᠠᠨ ᠤ ᠱᠦᠵᠢ ᠭᠤᠤ ᠶᠢᠩ ᠵᠦᠸᠧ ᠠᠴᠠ ᠯᠢᠦ ᠱᠠᠩ ᡁᠢ ᠨᠥᠬᠦᠷ ᠤᠨ | ᠠᠵᠢᠯ ᠤᠨ ᠥᠩᠭᠡᠷᠡᠯᠲᠡ ᠶᠢ ᠡᠷᠭᠢᠴᠡᠭᠦᠯᠵᠦ᠂ ᠢᠷᠠᠭᠤ ᠠᠯᠳᠠᠷ ᠤᠨ ᠦᠨᠡᠮᠯᠡᠯ ᠤᠯᠭᠤᠨ᠂ ᠲᠡᠭᠦᠨ ᠤ ᠴᠢᠶᠠᠨ ᠶᠢᠨ | ᠭᠧᠦ ᠪᠠᠯᠭᠠᠰᠤᠨ ᠤ ᠡᠯ᠎ᠡ ᠲᠦᠷᠦᠯ ᠤᠨ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ | ᠲᠠᠯᠠᠷᠬᠠᠯ ᠢᠯᠡᠷᠭᠡᠶᠢᠯᠡᠭᠰᠡᠨ ᠤ ᠬᠠᠮᠳᠤ ᠂ ᠵᠠᠯᠠᠭᠤ ᠺᠠᠳ᠋ᠷᠴᠤᠳ ᠳᠤ ᠠᠷᠭ᠎ᠠ ᠲᠤᠷᠰᠢᠯᠭ᠎ᠠ ᠪᠠᠨ ᠢᠯᠡᠬᠦᠬᠡᠨ | ᠤᠯᠠᠮᠵᠢᠯᠠᠵᠤ᠂ ᠪᠠᠯᠭᠠᠰᠤᠨ ᠤ ᠠᠵᠢᠯ ᠦᠢᠯᠡᠰ ᠢ ᠢᠯᠡᠭᠦᠬᠡᠨ ᠬᠠᠯᠠᠮᠵᠢᠯᠠᠨ ᠲᠡᠮᠵᠢᠬᠦ ᠶᠢ ᠬᠦᠰᠡᠭᠰᠡᠨ ᠪᠠᠶᠢᠨ᠎ᠠ᠃ | ᠭᠤᠤ ᠶᠢᠩ ᠵᠦᠸᠧ ᠪᠠᠰᠠ ᠪᠠᠯᠭᠠᠰᠤᠨ ᠤ ᠺᠠᠳ᠋ᠷ ᠠᠵᠢᠯᠳᠠᠳ ᠠᠬᠠᠮᠠᠳ ᠨᠥᠬᠦᠳ ᠢᠶᠠᠷ ᠳᠠᠭᠤᠷᠢᠶᠠᠯ ᠪᠣᠯᠭᠠᠨ᠂ ︽ | ᠪᠤᠤᠬᠢᠶ᠎ᠠ︾ ᠶᠢ ᠰᠠᠶᠢᠲᠤᠷ ᠳᠤᠰᠴᠤ᠂ ᠡᠷᠴᠢ ᠵᠣᠷᠢᠭ ᠢᠶᠠᠨ ᠬᠦᠪᠴᠢᠯᠡᠨ᠂ ᠡᠷᠡᠯᠬᠡᠭᠯᠡᠨ ᠤᠷᠤᠭᠰᠢᠯᠠᠵᠤ᠂ | ᠪᠠᠯᠭᠠᠰᠤᠨ ᠤ ᠠᠵᠢᠯ ᠦᠢᠯᠡᠰ ᠢ ᠬᠠᠮᠲᠤᠪᠠᠷ ᠠᠬᠢᠭᠤᠯᠵᠤ ᠰᠢᠨ᠎ᠡ ᠳᠡᠭᠲᠡᠷ ᠲᠤ ᠭᠠᠷᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ ᠯᠢᠦ ᠱᠠᠩ ᡁᠢ ᠠᠴᠠ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠯᠠᠨ ᠵᠢᠯ ᠤᠨ | ᠲᠤᠷᠰᠢ ᠥᠪᠡᠷ ᠢ ᠪᠠᠨ ᠬᠠᠯᠠᠮᠵᠢᠯᠠᠨ ᠬᠥᠮᠥᠵᠢᠭᠦᠯᠦᠭᠰᠡᠨ ᠳᠤ ᠲᠠᠯᠠᠷᠬᠠᠯ ᠢᠯᠡᠷᠭᠡᠶᠢᠯᠡᠭᠰᠡᠨ ᠪᠥᠭᠡᠳ ᠠᠵᠢᠯ ᠠᠴᠠ ᠪᠠᠨ | ᠠᠮᠠᠷᠠᠭᠰᠠᠨ ᠤ ᠳᠠᠷᠠᠭ᠎ᠠ ᠴᠤ ᠭᠡᠰᠡᠨ ᠵᠦᠪ ᠡᠨᠧᠷᠬᠢ ᠲᠠᠢ ᠬᠥᠮᠥᠨ ᠪᠣᠯᠵᠤ᠂ ᠨᠡᠶᠢᠭᠡᠮ ᠨᠡᠶᠢᠳᠡ ᠳᠤ ᠲᠤᠰᠠᠲᠠᠢ | ᠶᠠᠪᠤᠳᠠᠯ ᠬᠢᠵᠦ᠂ ᠴᠢᠶᠠᠨ ᠶᠢᠨ ᠭᠧᠦ ᠪᠠᠯᠭᠠᠰᠤᠨ ᠤ ᠪᠠᠨ ᠬᠥᠭᠵᠢᠯᠲᠡ ᠶᠢ ᠢᠮᠠᠭᠲᠠ ᠬᠠᠯᠠᠮᠵᠢᠯᠠᠨ ᠲᠡᠮᠵᠢᠨ᠎ᠡ | ᠭᠡᠵᠦ ᠢᠯᠡᠳᠭᠡᠵᠡᠢ᠃ ᠬᠤᠷᠠᠯ ᠳᠤ ᠣᠷᠣᠯᠴᠠᠭᠰᠠᠨ ᠺᠠᠳ᠋ᠷ ᠠᠵᠢᠯᠳᠠᠳ ᠯᠢᠦ ᠱᠠᠩ ᡁᠢ ᠨᠥᠬᠦᠷ ᠲᠠᠢ ᠬᠠᠮᠲᠤ | ᠠᠵᠢᠯᠯᠠᠭᠰᠠᠨ ᠦᠩᠭᠡᠷᠡᠯᠳᠡ ᠪᠠᠨ ᠡᠷᠭᠢᠴᠡᠭᠦᠯᠵᠦ᠂ ᠲᠡᠭᠦᠨ ᠤ ᠬᠠᠪᠰᠤᠷᠤᠯᠭ᠎ᠠ ᠪᠠ ᠵᠢᠯᠣᠭᠤᠳᠤᠯᠭ᠎ᠠ ᠳᠤ ᠲᠠᠯᠠᠷᠬᠠᠨ᠂ | ᠠᠵᠠ ᠵᠢᠷᠭᠠᠯ ᠲᠠᠢ ᠠᠮᠢᠳᠤᠷᠠᠬᠤ ᠶᠢ ᠨᠢ ᠴᠢᠩ ᠰᠡᠳᠬᠢᠯ ᠠᠴᠠ ᠪᠠᠨ ᠵᠦᠩᠨᠡᠵᠡᠭᠡᠭᠰᠡᠨ ᠤ ᠬᠠᠮᠳᠤ᠂ ᠢᠲᠡᠭᠡᠯ | ᠪᠢᠰᠢᠷᠡᠯ ᠢᠶᠠᠨ ᠪᠠᠳᠤᠳᠬᠠᠨ᠂ ᠠᠵᠢᠯ ᠤᠨ ᠴᠢᠳᠠᠪᠤᠷᠢ ᠪᠠᠨ ᠲᠡᠭᠡᠭᠰᠢᠯᠡᠬᠦᠯᠵᠦ᠂ ᠡᠯ᠎ᠡ ᠲᠦᠷᠦᠯ ᠤᠨ ᠠᠵᠢᠯ | ᠦᠢᠯᠡᠰ ᠢᠶᠠᠨ ᠠᠮᠵᠢᠯᠳᠠ ᠪᠦᠳᠦᠮᠵᠢ ᠲᠠᠢ ᠦᠷᠨᠢᠬᠦᠯᠦᠨ᠎ᠡ ᠭᠡᠵᠦ ᠢᠯᠡᠳᠬᠡᠵᠡᠭᠡᠪᠡ᠃ |