1 ᠰᠠᠷ᠎ᠠ ᠶᠢᠨ 19 ᠤ ᠡᠳᠦᠷ᠂ ᠬᠦᠨᠪᠤᠯᠠᠭ ᠰᠤᠮᠤᠨ ᠤ ᠨᠠᠮ ᠤᠨ ᠬᠤᠷᠢᠶ᠎ᠠ ᠬᠤᠶᠠᠳᠤᠭᠠᠷ ᠪᠦᠯᠦᠭ ᠤᠨ ᠭᠤᠣᠯ | ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ | ᠨᠠᠮ ᠤᠨ ᠬᠤᠷᠢᠶᠠᠨ ᠤ ᠱᠦᠵᠢ ᠣᠷᠭᠢᠯ ᠬᠤᠷᠠᠯ ᠢ ᠡᠷᠬᠢᠯᠡᠨ᠂ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ | ᠬᠥᠮᠦᠵᠢᠯ ᠤᠨ ᠲᠠᠪᠤᠳᠤᠭᠠᠷ ᠬᠠᠷᠢᠯᠴᠠᠬᠤ ᠳᠤᠭᠤᠶᠢᠯᠠᠩ ᠤᠨ ᠳᠠᠷᠤᠭ᠎ᠠ ᠰᠢᠶᠣᠣ ᠱᠤ᠋ ᠴᠢ ᠬᠤᠷᠠᠯ ᠳᠤ ᠤᠷᠤᠯᠴᠠᠵᠤ | ᠵᠢᠭᠠᠨ ᠵᠢᠯᠤᠭᠤᠳᠴᠠᠢ᠃ ᠬᠤᠷᠠᠯ ᠳᠡᠭᠡᠷ᠎ᠡ᠂ ᠤᠷᠬᠢᠯ ᠠᠴᠠ 2022 ᠣᠨ ᠤ ᠠᠷᠠᠳᠴᠢᠯᠠᠯ ᠤᠨ ᠠᠮᠢᠳᠤᠷᠠᠯ ᠤᠨ | ᠬᠤᠷᠠᠯ ᠲᠡᠭᠡᠷᠡᠬᠢ ᠪᠠᠶᠢᠴᠠᠭᠠᠨ ᠲᠡᠯᠭᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠡᠳᠡᠭᠳᠡᠵᠦ᠂ | ᠤᠳᠤᠷᠢᠳᠬᠤ ᠪᠠᠭ ᠢᠶᠠᠨ ᠲᠦᠯᠦᠬᠡᠯᠡᠵᠦ ᠬᠠᠷᠢᠴᠠᠭᠤᠯᠤᠨ ᠪᠠᠶᠢᠴᠠᠭᠠᠭᠰᠠᠨ ᠪᠦᠭᠡᠳ ᠤᠳᠤᠷᠢᠳᠬᠤ ᠪᠠᠭ ᠤᠨ | ᠭᠡᠰᠢᠬᠦᠳ ᠨᠢᠬᠡᠳ ᠨᠢᠬᠡ ᠪᠠᠷ ᠰᠢᠬᠦᠮᠵᠢᠯᠡᠯ ᠪᠠ ᠥᠪᠡᠷ ᠤᠨ ᠰᠢᠭᠦᠮᠵᠢᠯᠡᠯ ᠬᠢᠭᠰᠡᠨ ᠪᠠᠶᠢᠨ᠎ᠠ᠃ ᠰᠢᠶᠣᠣ ᠱᠤ᠋ ᠴᠢ | ᠠᠴᠠ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠪᠥᠬᠦ ᠲᠠᠯ᠎ᠠ ᠪᠠᠷ ᠦᠨᠡᠯᠡᠭᠰᠡᠨ ᠤ ᠬᠠᠮᠲᠤ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠦᠷ᠎ᠡ ᠪᠦᠲᠦᠭᠡᠯ ᠢ ᠪᠠᠬᠢᠵᠢᠭᠦᠯᠬᠦ ᠠᠵᠢᠯ ᠢ ᠤᠯᠠᠮ ᠰᠠᠶᠢᠨ ᠬᠢᠬᠦ | ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠃ ᠤᠷᠬᠢᠯ ᠳ᠋ᠦᠩᠨᠡᠯᠲᠡ ᠶᠢᠨ ᠶᠠᠷᠢᠶᠠᠨ ᠳᠠᠭᠠᠨ᠂ ᠬᠠᠷᠢᠴᠠᠯᠠᠰᠢᠭᠦᠢ | ᠦᠨᠡᠨᠴᠢ ᠰᠢᠳᠤᠷᠭᠤ ᠪᠠᠶᠢᠬᠤ ᠲᠠᠯ᠎ᠠ ᠪᠠᠷ ᠵᠢᠱᠢᠶ᠎ᠡ ᠦᠵᠡᠭᠦᠯᠵᠦ᠂ ︽ᠬᠤᠶᠠᠷ ᠢ ᠲᠣᠭᠲᠠᠭᠠᠬᠤ︾ ᠶᠢᠨ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠤᠶᠢᠯᠠᠭᠠᠨ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠬᠦ ᠬᠡᠷᠡᠭᠲᠡᠢ᠃ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠲᠠᠯ᠎ᠠ ᠪᠠᠷ ᠵᠢᠱᠢᠶ᠎ᠡ ᠦᠵᠡᠭᠦᠯᠵᠦ᠂ | ︽ᠬᠤᠶᠠᠷ ᠢ ᠤᠶᠠᠯᠳᠤᠭᠤᠯᠬᠤ︾᠂ ︽ᠵᠢᠷᠭᠤᠭ᠎ᠠ ᠶᠢ ᠪᠠᠷᠢᠮᠲᠠᠯᠠᠬᠤ︾ ᠶᠢᠨ ᠪᠠᠶᠠᠯᠢᠭ ᠠᠭᠤᠯᠤᠭᠳᠠᠬᠤᠨ ᠢ | ᠭᠦᠨᠵᠡᠭᠡᠢ ᠤᠶᠢᠯᠠᠭᠠᠨ᠂ ᠲᠡᠭᠦᠨ ᠤ ᠳᠤᠮᠳᠠ ᠲᠤᠤᠱᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ | ᠪᠠᠷᠢᠮᠲᠠᠯᠠᠨ ᠰᠠᠶᠢᠲᠤᠷ ᠬᠡᠷᠡᠭᠯᠡᠬᠦ ᠭᠡᠷᠡᠭᠳᠡᠢ᠃ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠳᠦᠮᠵᠢ ᠶᠢ ᠨᠡᠮᠡᠭᠳᠡᠭᠦᠯᠬᠦ | ᠲᠠᠯ᠎ᠠ ᠪᠠᠷ ᠵᠢᠱᠢᠶ᠎ᠡ ᠦᠵᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠶᠢ ᠰᠢᠨ᠎ᠡ ᠴᠠᠭ ᠦᠶ᠎ᠡ ᠶᠢᠨ | ᠬᠠᠲᠠᠭᠤ ᠶᠣᠰᠣ ᠪᠤᠯᠭᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠢ | ᠪᠦᠬᠦ ᠲᠠᠯ᠎ᠠ ᠪᠠᠷ ᠲᠤᠤᠱᠯᠠᠭᠤᠯᠵᠤ᠂ ᠠᠷᠠᠳ ᠲᠦᠮᠡᠨ ᠳᠤ ᠪᠤᠶᠠᠨ ᠦᠢᠯᠡᠳᠬᠦ ᠵᠥᠪ ᠣᠨᠣᠪᠴᠢᠲᠠᠢ ᠠᠵᠢᠯ ᠤᠨ | ᠠᠮᠵᠢᠯᠲᠠ ᠶᠢᠨ ᠦᠵᠡᠯᠲᠡ ᠶᠢ ᠪᠤᠢ ᠪᠣᠯᠭᠠᠨ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ | ᠤᠯᠠᠮᠵᠢᠯᠠᠯ ᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ | ᠵᠠᠮᠨᠠᠬᠤ ᠬᠡᠷᠡᠭᠲᠡᠢ ᠬᠡᠵᠦ ᠴᠢᠬᠤᠯᠠᠴᠢᠯᠠᠪᠠ᠃ |