ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶᠠᠨ ᠤ ᠠᠷᠠᠳ ᠤᠨ ᠬᠠᠪᠰᠤᠷᠤᠨ ᠰᠢᠭᠦᠭᠴᠢ ᠶᠢ ᠢᠯᠡ ᠪᠠᠷ ᠰᠣᠩᠭᠤᠨ ᠲᠣᠮᠢᠯᠠᠬᠤ ᠠᠯᠪᠠᠨ ᠵᠠᠷ
ᠨᠡᠶᠢᠲᠡᠯᠡᠭᠰᠡᠨ ᠴᠠᠭ᠄
2024/1/24
 ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠬᠠᠪᠰᠤᠷᠤᠨ ᠰᠢᠭᠦᠭᠴᠢ ᠶᠢᠨ ᠬᠠᠤᠯᠢ︾ ᠪᠣᠯᠣᠨ ︽ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠠᠷᠭ᠎ᠠ︾ ᠶᠢᠨ ᠲᠣᠭᠲᠠᠭᠠᠯ ᠢ  ᠦᠨᠳᠦᠰᠦᠯᠡᠵᠦ᠂ ᠡᠳᠦᠭᠡ ᠲᠠᠶᠢᠹᠤᠰᠧ ᠬᠤᠰᠢᠭᠤᠨ ᠤ 2024 ᠣᠨ ᠤ ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠤᠴᠢᠷ ᠤᠨ ᠲᠤᠬᠠᠢ ᠳᠣᠣᠷᠠᠬᠢ ᠮᠡᠲᠦ ᠵᠠᠷᠯᠠᠨ ᠮᠡᠳᠡᠭᠳᠡᠵᠦ ᠪᠠᠶᠢᠨ᠎ᠠ᠄    ᠨᠢᠭᠡ᠂ ᠰᠣᠩᠭᠤᠨ ᠲᠣᠮᠢᠯᠠᠬᠤ ᠨᠥᠬᠦᠴᠡᠯ    ︵ᠨᠢᠭᠡ︶ ᠠᠷᠠᠳ ᠤᠨ ᠬᠠᠪᠰᠤᠷᠤᠨ ᠰᠢᠭᠦᠭᠴᠢ ᠪᠣᠯᠬᠤ ᠳᠤ ᠲᠤᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠢ    1. ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠶᠢ ᠵᠢᠷᠤᠮᠯᠠᠵᠤ ᠰᠠᠬᠢᠨ᠎ᠠ᠃    2. ᠪᠦᠬᠦᠯᠢ ᠬᠤᠷᠢᠨ ᠨᠠᠢᠮᠠᠨ ᠨᠠᠰᠤ ᠬᠦᠷᠦᠭᠰᠡᠨ ︵1996 ᠣᠨ ᠤ 1 ᠰᠠᠷ᠎ᠠ ᠶᠢᠨ 22 ᠤᠨ ᠡᠳᠦᠷ ᠠᠴᠠ ᠡᠮᠦᠨ᠎ᠡ ᠲᠦᠷᠦᠭᠰᠡᠨ︶ ᠪᠠᠶᠢᠩᠭᠤ ᠰᠠᠭᠤᠭ᠎ᠠ ᠰᠠᠭᠤᠭᠠᠯᠢ ᠠᠷᠠᠳ᠃    3. ᠬᠠᠤᠯᠢ ᠲᠦᠷᠢᠮ ᠢ ᠰᠠᠬᠢᠳᠠᠭ᠂ ᠵᠠᠩ ᠰᠤᠷᠲᠠᠯ ᠰᠠᠶᠢᠲᠠᠢ᠂  ᠲᠥᠪ ᠭᠤᠣᠯᠴᠢ ᠬᠦᠮᠦᠨ᠃    4. ᠡᠬᠦᠷᠭᠡ ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠬᠡᠬᠦ ᠪᠡᠶ᠎ᠡ ᠮᠠᠬᠠᠪᠤᠳ ᠤᠨ ᠨᠥᠬᠦᠴᠡᠯ ᠲᠠᠢ᠃    5. ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ  ᠠᠩᠭᠢ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ᠃    6. ᠰᠢᠭᠦᠨ ᠲᠠᠰᠤᠯᠬᠤ ᠠᠵᠢᠯ ᠦᠢᠯᠡᠰ ᠢ ᠬᠠᠶᠢᠷᠠᠯᠠᠵᠤ᠂ ᠬᠡᠷᠡᠭ ᠰᠢᠭᠦᠬᠦ ᠠᠵᠢᠯ ᠳᠤ ᠴᠠᠭ ᠲᠠᠭᠠᠨ ᠣᠷᠣᠯᠴᠠᠵᠤ᠂ ᠠᠷᠠᠳ ᠤᠨ ᠬᠠᠪᠰᠤᠷᠤᠨ ᠰᠢᠭᠦᠭᠴᠢ ᠶᠢᠨ ᠡᠬᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠨ᠎ᠡ᠃    ︵ᠬᠤᠶᠠᠷ︶ ᠳᠣᠣᠷ᠎ᠠ ᠵᠢᠭᠰᠠᠭᠠᠭᠰᠠᠨ ᠬᠥᠮᠥᠰ ᠠᠷᠠᠳ ᠤᠨ ᠬᠠᠪᠰᠤᠷᠤᠨ ᠰᠢᠭᠦᠭᠴᠢ ᠪᠣᠯᠵᠤ ᠪᠣᠯᠬᠤ ᠦᠭᠡᠢ᠄   1. ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠬᠦᠨ᠂ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂  ᠤᠯᠤᠰ ᠤᠨ ᠠᠮᠤᠷ ᠲᠦᠪᠰᠢᠨ ᠤ ᠪᠠᠶᠢᠭᠤᠯᠭ᠎ᠠ᠂ ᠬᠠᠤᠯᠢ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠲᠠᠨ᠃    2 . ᠬᠠᠤᠯᠢᠴᠢ᠂ ᠠᠯᠪᠠᠨ ᠭᠡᠷᠡᠴᠢᠯᠡᠭᠴᠢ᠂ ᠬᠥᠨᠳᠡᠯᠡᠨ ᠠᠴᠠ ᠲᠠᠰᠤᠯᠤᠭᠴᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ᠃    3.  ᠡᠬᠦᠷᠭᠡ ᠲᠤᠰᠢᠶᠠᠯ ᠤᠨ ᠰᠢᠯᠲᠠᠭᠠᠨ ᠠᠴᠠ ᠪᠣᠯᠵᠤ ᠠᠷᠠᠳ ᠤᠨ ᠬᠠᠪᠰᠤᠷᠤᠨ ᠰᠢᠭᠦᠭᠴᠢ ᠪᠣᠯᠬᠤ ᠳᠤ ᠲᠣᠬᠢᠷᠠᠬᠤ ᠦᠭᠡᠢ ᠪᠤᠰᠤᠳ ᠬᠥᠮᠥᠰ᠃    ︵ᠭᠤᠷᠪᠠ︶ ᠳᠣᠣᠷ᠎ᠠ ᠵᠢᠭᠰᠠᠭᠠᠭᠰᠠᠨ ᠪᠠᠶᠢᠳᠠᠯ ᠤᠨ ᠠᠯᠢ ᠨᠢᠭᠡ ᠨᠢ ᠪᠠᠶᠢᠪᠠᠯ᠂ ᠠᠷᠠᠳ ᠤᠨ ᠬᠠᠪᠰᠤᠷᠤᠨ ᠰᠢᠭᠦᠭᠴᠢ ᠶᠢᠨ ᠲᠤᠰᠢᠶᠠᠯ ᠢ ᠡᠭᠦᠷᠭᠡᠯᠡᠵᠦ ᠪᠣᠯᠬᠤ ᠦᠭᠡᠢ᠄    1. ᠡᠷᠡᠭᠦᠦ ᠶᠢᠨ ᠰᠢᠳᠬᠡᠯ ᠣᠯᠵᠤ ᠥᠩᠭᠡᠷᠡᠭᠰᠡᠨ ᠬᠦᠮᠦᠰ᠃     2. ᠠᠯᠪᠠᠨ ᠠᠵᠢᠯ ᠠᠴᠠ ᠪᠠᠨ  ᠬᠦᠭᠡᠭᠡᠭᠳᠡᠭᠰᠡᠨ ᠬᠦᠮᠦᠰ᠃     3. ᠬᠠᠤᠯᠢᠴᠢ᠂ ᠠᠯᠪᠠᠨ ᠭᠡᠷᠡᠴᠢᠯᠡᠭᠴᠢ ᠶᠢᠨ ᠠᠵᠢᠯ ᠡᠷᠬᠢᠯᠡᠬᠦ ᠦᠨᠡᠮᠯᠡᠯ ᠢᠶᠠᠨ ᠬᠤᠷᠢᠶᠠᠯᠭᠠᠵᠤ ᠬᠦᠴᠦᠨ ᠦᠭᠡᠢ  ᠪᠤᠯᠭᠠᠭᠳᠠᠭᠰᠠᠨ ᠬᠦᠮᠦᠰ᠃     4.ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠲᠤ ᠤᠷᠤᠭᠰᠠᠨ ᠬᠦᠮᠦᠰ᠃     5. ᠵᠠᠯᠬᠠᠭᠠᠯ ᠴᠡᠭᠡᠷᠯᠡᠯ ᠠᠴᠠ ᠪᠣᠯᠵᠤ ᠠᠷᠠᠳ ᠤᠨ ᠬᠠᠪᠰᠤᠷᠤᠨ ᠰᠢᠭᠦᠭᠴᠢ ᠶᠢᠨ ᠲᠤᠰᠢᠶᠠᠯ ᠠᠴᠠ ᠪᠠᠨ ᠤᠭᠴᠠᠷᠠᠭᠤᠯᠤᠭᠳᠠᠭᠰᠠᠨ ᠬᠦᠮᠦᠰ᠃     6. ᠬᠠᠤᠯᠢ ᠲᠦᠷᠢᠮ ᠰᠠᠬᠢᠯᠭ᠎ᠠ ᠪᠠᠲᠤ ᠶᠢ ᠬᠦᠨᠳᠦ ᠨᠣᠴᠢᠲᠠᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠲᠠᠢ ᠪᠠᠶᠢᠵᠤ᠂ ᠬᠠᠤᠯᠢ ᠴᠠᠭᠠᠵᠠ ᠶᠢᠨ ᠢᠳᠡᠭᠡᠯ ᠬᠦᠨᠳᠦ ᠶᠢ ᠨᠥᠯᠥᠭᠡᠯᠡᠵᠦ ᠮᠡᠳᠡᠬᠦ ᠬᠦᠮᠦᠰ᠃    ︵ᠳᠥᠷᠪᠡ︶ ᠠᠷᠠᠳ ᠤᠨ ᠬᠠᠪᠰᠤᠷᠤᠨ ᠰᠢᠭᠦᠭᠴᠢ ᠶᠢᠨ ᠲᠤᠰᠢᠶᠠᠯ ᠡᠬᠦᠷᠭᠡᠯᠡᠬᠦ ᠬᠤᠭᠤᠴᠠᠭ᠎ᠠ ᠨᠢ ᠲᠠᠪᠤᠨ ᠵᠢᠯ᠂ ᠡ᠊ᠩ ᠤᠨ ᠪᠠᠶᠢᠳᠠᠯ ᠳᠤ ᠦᠷᠭᠦᠯᠵᠢᠯᠡᠨ ᠲᠤᠰᠢᠶᠠᠯ ᠡᠭᠦᠷᠭᠡᠯᠡᠵᠦ ᠪᠣᠯᠬᠤ ᠦᠭᠡᠢ᠃  ᠡᠷᠭᠡᠳᠦ ᠠᠷᠠᠳ ᠤᠨ ᠬᠠᠪᠰᠤᠷᠤᠨ ᠰᠢᠭᠦᠭᠴᠢ ᠪᠣᠯᠬᠤ ᠤᠳᠠᠭ᠎ᠠ ᠲᠠᠷᠠᠭ᠎ᠠ ᠨᠢ ᠬᠤᠶᠠᠷ ᠤᠳᠠᠭ᠎ᠠ ᠠᠴᠠ ᠬᠡᠲᠦᠷᠡᠵᠦ ᠪᠣᠯᠬᠤ ᠦᠭᠡᠢ᠃      ︵ᠲᠠᠪᠤ︶  ᠡᠷᠭᠡᠳᠦ ᠠᠷᠠᠳ ᠬᠤᠶᠠᠷ ᠠᠴᠠ ᠳᠡᠭᠡᠭᠰᠢ ᠦᠨᠳᠦᠰᠦᠨ ᠱᠠᠲᠤᠨ ᠤ ᠠᠷᠠᠳ ᠤᠨ ᠰᠢᠭᠦᠬᠦ ᠬᠤᠷᠢᠶᠠᠨ ᠳᠤ ᠵᠡᠷᠭᠡᠪᠡᠷ ᠠᠷᠠᠳ ᠤᠨ ᠬᠠᠪᠰᠤᠷᠤᠨ ᠰᠢᠭᠦᠭᠴᠢ ᠪᠣᠯᠵᠤ ᠪᠣᠯᠬᠤ ᠦᠭᠡᠢ᠃      ᠬᠤᠶᠠᠷ᠂ ᠰᠣᠩᠭᠤᠨ ᠲᠣᠮᠢᠯᠠᠬᠤ ᠣᠷᠣᠨ ᠲᠤᠭ᠎ᠠ ᠪᠠ ᠵᠠᠷᠯᠠᠨ ᠨᠡᠶᠢᠲᠡᠯᠡᠬᠦ ᠬᠤᠭᠤᠴᠠᠭ᠎ᠠ     ᠡᠨᠡ ᠤᠳᠠᠭ᠎ᠠ  ᠨᠡᠶᠢᠳᠡ 37 ᠨᠡᠷᠡᠰ ᠠᠷᠠᠳ ᠤᠨ ᠬᠠᠪᠰᠤᠷᠤᠨ ᠰᠢᠭᠦᠭᠴᠢ ᠶᠢ ᠰᠣᠩᠭᠤᠨ ᠲᠤᠮᠢᠯᠠᠨ᠎ᠠ᠃ ᠠᠯᠪᠠᠨ ᠵᠠᠷ ᠤᠨ ᠬᠤᠭᠤᠴᠠᠭ᠎ᠠ ᠨᠢ ᠳᠥᠴᠢᠨ ᠲᠠᠪᠤᠨ ᠡᠳᠦᠷ ︵2024 ᠣᠨ ᠤ 1 ᠰᠠᠷ᠎ᠠ ᠶᠢᠨ 22 ᠤᠨ ᠡᠳᠦᠷ ᠠᠴᠠ 2024 ᠣᠨ ᠤ 3 ᠰᠠᠷ᠎ᠠ ᠶᠢᠨ 7 ᠤ ᠡᠳᠦᠷ ᠪᠣᠯᠲᠠᠯ᠎ᠠ︶  ᠂ ᠨᠡᠷ᠎ᠡ ᠮᠡᠳᠡᠭᠦᠯᠦᠭᠰᠡᠨ ᠬᠠᠮᠤᠭ ᠰᠡᠭᠦᠯᠴᠢ ᠶᠢᠨ ᠡᠳᠦᠷ ᠨᠢ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠲᠤᠬᠢᠶᠠᠯᠳᠤᠪᠠᠯ  ᠴᠠᠭ ᠬᠤᠭᠤᠴᠠᠭ᠎ᠠ ᠶᠢ ᠵᠣᠬᠢᠴᠠᠩᠭᠤᠢ ᠪᠠᠷ ᠬᠤᠶᠢᠰᠢᠯᠠᠭᠤᠯᠤᠨ᠎ᠠ᠃        ᠭᠤᠷᠪᠠ᠂ ᠰᠣᠩᠭᠤᠨ ᠲᠣᠮᠢᠯᠠᠬᠤ ᠠᠯᠬᠤᠮ ᠶᠠᠪᠤᠴᠠ     ︵ᠨᠢᠭᠡ︶ ᠰᠣᠩᠭᠤᠨ ᠲᠣᠮᠢᠯᠠᠬᠤ ᠠᠷᠭ᠎ᠠ      1. ᠲᠤᠬᠢᠶᠠᠯᠳᠤᠯ ᠢᠶᠠᠷ ᠰᠤᠭᠤᠴᠢᠨ ᠰᠤᠩᠭᠤᠬᠤ᠃ ᠡᠯ᠎ᠡ ᠰᠤᠮᠤ ᠰᠢᠶᠠᠩ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ᠂  ᠲᠣᠮᠢᠯᠠᠭᠰᠠᠨ ᠰᠠᠯᠪᠤᠷᠢ᠂ ᠦᠨᠳᠦᠰᠦᠨ ᠱᠠᠲᠤᠨ ᠤ ᠰᠢᠭᠦᠬᠦ ᠲᠢᠩᠬᠢᠮ  ᠨᠢ ᠬᠠᠷᠢᠶ᠎ᠠ ᠣᠷᠣᠨ ᠤ ᠪᠠᠨ ᠳᠣᠲᠣᠷᠠᠬᠢ ᠪᠦᠬᠦᠯᠢ ᠬᠤᠷᠢᠨ ᠨᠠᠢᠮᠠᠨ ᠨᠠᠰᠤ ᠬᠦᠷᠦᠭᠰᠡᠨ ᠪᠥᠭᠡᠳ ᠵᠢᠷᠠᠨ ᠲᠠᠪᠤᠨ ᠨᠠᠰᠤ   ᠠᠴᠠ ᠳᠣᠷᠣᠭᠰᠢᠬᠢ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠨᠡᠷᠡᠰ ᠤᠨ ᠳᠣᠲᠣᠷ᠎ᠠ   ᠠᠴᠠ ᠲᠣᠮᠢᠯᠠᠬᠤ ᠪᠠᠷ ᠪᠠᠶᠢᠭ᠎ᠠ ᠬᠥᠮᠥᠨ ᠤ ᠲᠣᠭᠠᠨ ᠤ 5 ᠳᠠᠬᠢᠨ ᠢᠶᠠᠷ ᠠᠷᠠᠳ ᠤᠨ ᠬᠠᠪᠰᠤᠷᠤᠨ ᠰᠢᠭᠦᠭᠴᠢ ᠶᠢᠨ ᠵᠢᠱᠢᠭᠳᠡᠭᠴᠢ ᠶᠢ ᠲᠣᠬᠢᠶᠠᠯᠳᠤᠯ ᠢᠶᠠᠷ ᠰᠤᠭᠤᠴᠢᠨ ᠰᠣᠩᠭᠤᠨ᠎ᠠ᠃     2. ᠬᠤᠪᠢ ᠬᠥᠮᠥᠨ ᠡᠷᠡᠮᠡᠯᠵᠡᠯᠡᠬᠦ᠃ ᠨᠥᠬᠦᠴᠡᠯ ᠳᠤ ᠨᠡᠶᠢᠴᠡᠭᠰᠡᠨ ᠡᠷᠭᠡᠳᠦ ᠠᠷᠠᠳ ᠭᠡᠷᠪᠡ ᠡᠷᠦᠬᠡ ᠠᠮᠠ ᠶᠢᠨ ᠪᠠᠶᠢᠭ᠎ᠠ ᠭᠠᠵᠠᠷ ᠪᠤᠶᠤ ᠪᠠᠶᠢᠩᠭᠤ ᠰᠠᠭᠤᠭ᠎ᠠ ᠭᠠᠵᠠᠷ ᠨᠢ ᠲᠠᠶᠢᠹᠤᠰᠧ ᠬᠤᠰᠢᠭᠤᠨ ᠳᠤ ᠬᠠᠷᠢᠶᠠᠯᠠᠭᠳᠠᠪᠠᠯ᠂  ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠪᠢᠴᠢᠭ ᠤᠨ ᠭᠡᠯᠪᠡᠷᠢ ᠪᠠᠷ ᠡᠷᠡᠮᠡᠯᠵᠡᠯ ᠭᠠᠷᠭᠠᠵᠤ ᠪᠣᠯᠣᠨ᠎ᠠ᠃    3. ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠬᠤ᠃  ᠡᠷᠭᠡᠳᠦ ᠠᠷᠠᠳ ᠤᠨ ᠪᠠᠶᠢᠭ᠎ᠠ ᠨᠢᠭᠡᠴᠡ᠂ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠪᠤᠶᠤ ᠪᠠᠶᠢᠩᠭᠤ ᠰᠠᠭᠤᠭ᠎ᠠ ᠭᠠᠵᠠᠷ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠨᠢ ᠲᠠᠶᠢᠹᠤᠰᠧ ᠬᠤᠰᠢᠭᠤᠨ ᠳᠤ ᠬᠠᠷᠢᠶᠠᠯᠠᠭᠳᠠᠪᠠᠯ᠂  ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠨᠢ ᠲᠤᠰ ᠬᠦᠮᠦᠨ ᠤ ᠵᠥᠪᠰᠢᠶᠡᠷᠡᠯ ᠢ ᠣᠯᠣᠭᠰᠠᠨ ᠤ ᠳᠠᠷᠠᠭ᠎ᠠ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ  ᠪᠢᠴᠢᠭ ᠤᠨ ᠬᠡᠯᠪᠡᠷᠢ ᠪᠠᠷ ᠲᠠᠨᠢᠯᠴᠠᠭᠤᠯᠵᠤ ᠪᠣᠯᠣᠨ᠎ᠠ᠃  ᠡᠯ᠎ᠡ ᠠᠵᠢᠯ ᠲᠦᠷᠦᠯ ᠤᠨ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠬᠥᠮᠥᠰ ᠢ ᠤᠷᠢᠳ ᠢᠶᠠᠷ ᠪᠣᠳᠣᠯᠬᠢᠯᠠᠨ᠎ᠠ᠃     ︵ᠬᠤᠶᠠᠷ︶ ᠨᠡᠷ᠎ᠡ ᠮᠡᠳᠡᠭᠦᠯᠬᠦ   ᠳᠤ ᠭᠡᠷᠡᠭᠰᠡᠬᠦ ᠮᠠᠲ᠋ᠧᠷᠢᠶᠠᠯ     ᠨᠡᠷ᠎ᠡ ᠮᠡᠳᠡᠭᠦᠯᠬᠦ ᠦᠶ᠎ᠡ ᠳᠤ ︽ ᠬᠤᠪᠢ ᠬᠥᠮᠥᠨ ᠤ ᠡᠷᠡᠮᠡᠯᠵᠡᠯ ᠤᠨ ᠬᠦᠰᠦᠨᠦᠭᠲᠦ︾ ᠪᠤᠶᠤ ︽ ᠵᠣᠬᠢᠶᠠᠨ ᠪᠠᠶᠢᠭᠤᠯᠤᠯᠲᠠ ᠶᠢᠨ ᠲᠠᠨᠢᠯᠴᠠᠭᠤᠯᠭ᠎ᠠ ᠶᠢᠨ ᠬᠦᠰᠦᠨᠦᠭᠲᠦ︾ ᠶᠢ ᠲᠠᠭᠯᠠᠨ ᠲᠤᠰᠢᠶᠠᠬᠤ ᠶᠢᠨ ᠬᠠᠮᠳᠤ᠂  ᠳᠣᠣᠷᠠᠬᠢ ᠮᠡᠳᠦ ᠶᠢᠨ ᠭᠡᠷᠡᠴᠢᠯᠡᠬᠦ ᠮᠠᠲ᠋ᠧᠷᠢᠶᠠᠯ ᠢ ᠲᠤᠰᠢᠶᠠᠬᠤ ᠬᠡᠷᠡᠭᠲᠡᠢ᠄      1.  ᠪᠡᠶ᠎ᠡ ᠶᠢᠨ ᠦᠨᠡᠮᠯᠡᠯ ᠪᠠ 2 ᠬᠤᠪᠢ ᠬᠠᠭᠤᠯᠪᠤᠷᠢ  ᠃      2. ᠡᠷᠦᠭᠡ ᠠᠮᠠ ᠶᠢᠨ ᠲᠠᠩᠰᠠ  ᠪᠠ 2 ᠬᠤᠪᠢ ᠬᠠᠭᠤᠯᠪᠤᠷᠢ  ᠃        3. ᠰᠤᠷᠤᠯᠭ᠎ᠠ ᠶᠢᠨ ᠨᠠᠮᠲᠠᠷ ᠤᠨ ᠦᠨᠡᠮᠯᠡᠯ ᠪᠠ 2 ᠬᠤᠪᠢ ᠬᠠᠭᠤᠯᠪᠤᠷᠢ  ᠃      4. ᠣᠶᠢᠷ᠎ᠠ ᠶᠢᠨ ᠬᠤᠭᠤᠴᠠᠭᠠᠨ ᠤ ᠮᠠᠯᠠᠭᠠᠢ ᠦᠭᠡᠢ 1 ᠢᠮᠠᠬᠤ ᠶᠢᠨ ᠬᠥᠬᠡ ᠳᠡᠪᠢᠰᠬᠡᠷ ᠲᠠᠢ ᠪᠤᠳᠤᠭᠲᠤ ᠰᠡᠬᠦᠳᠡᠷ 3 ᠬᠤᠪᠢ ︵ᠡᠯᠧᠺᠲᠷᠣᠨ ᠵᠢᠷᠤᠭ ᠢ  tqsfjrcg@163.com ᠳᠤ ᠢᠯᠡᠭᠡᠨ᠎ᠡ︶᠃      ᠨᠡᠷ᠎ᠡ ᠮᠡᠳᠡᠭᠦᠯᠬᠦ ᠪᠠ ᠮᠠᠲ᠋ᠧᠷᠢᠶᠠᠯ ᠲᠤᠰᠢᠶᠠᠬᠤ ᠴᠠᠭ᠄ 2024 ᠣᠨ ᠤ 1 ᠰᠠᠷ᠎ᠠ ᠶᠢᠨ 22 ᠤᠨ ᠡᠳᠦᠷ ᠠᠴᠠ 2024 ᠣᠨ ᠤ 3 ᠰᠠᠷ᠎ᠠ ᠶᠢᠨ 7 ᠤ ᠡᠳᠦᠷ ᠪᠣᠯᠲᠠᠯ᠎ᠠ  ︵ᠪᠠᠶᠠᠷ ᠳᠤᠷᠠᠰᠬᠠᠯ ᠤᠨ ᠡᠳᠦᠷ᠂ ᠠᠮᠠᠷᠠᠯᠲᠠ ᠶᠢᠨ ᠡᠳᠦᠷ ᠠᠴᠠ ᠭᠠᠳᠠᠨ᠎ᠠ︶  ᠃  ᠨᠡᠷ᠎ᠡ ᠮᠡᠳᠡᠭᠦᠯᠦᠭᠰᠡᠨ ᠬᠠᠮᠤᠭ ᠰᠡᠭᠦᠯᠴᠢ ᠶᠢᠨ ᠡᠳᠦᠷ ᠨᠢ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ  ᠲᠤᠬᠢᠶᠠᠯᠳᠤᠪᠠᠯ ᠴᠠᠭ ᠬᠤᠭᠤᠴᠠᠭ᠎ᠠ ᠶᠢ ᠵᠣᠬᠢᠴᠠᠩᠭᠤᠢ ᠪᠠᠷ ᠬᠤᠶᠢᠰᠢᠯᠠᠭᠤᠯᠤᠨ᠎ᠠ᠃      ᠨᠡᠷ᠎ᠡ ᠮᠡᠳᠡᠭᠦᠯᠬᠦ ᠭᠠᠵᠠᠷ᠄  ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠤᠪᠴᠢᠶᠠᠨ ᠤ ᠬᠤᠶᠠᠳᠤᠭᠠᠷ ᠳᠠᠪᠬᠤᠷᠯᠢᠭ  ᠃      ᠬᠠᠷᠢᠯᠴᠠᠬᠤ ᠬᠥᠮᠥᠨ  ᠄ ᠹᠧᠩ ᠴᠤᠸ    ᠤᠳᠠᠰᠤ 18647911176     ︵ᠭᠤᠷᠪᠠ︶  ᠬᠢᠷᠢ ᠬᠡᠮ ᠢ ᠬᠢᠨᠠᠨ ᠪᠠᠶᠢᠴᠠᠭᠠᠵᠤ ᠵᠢᠱᠢᠭᠳᠡᠭᠴᠢ ᠶᠢ ᠲᠤᠭᠳᠠᠭᠠᠬᠤ᠃    ᠠᠷᠠᠳ ᠤᠨ ᠬᠠᠪᠰᠤᠷᠤᠨ ᠰᠢᠭᠦᠭᠴᠢ ᠪᠣᠯᠬᠤ ᠪᠠᠷ ᠲᠠᠨᠢᠯᠴᠠᠭᠤᠯᠤᠭᠳᠡᠭ᠌ᠰᠠᠨ ᠪᠠ ᠬᠤᠪᠢ ᠬᠥᠮᠥᠨ ᠤ ᠡᠷᠡᠮᠡᠯᠵᠡᠯ ᠲᠡᠪᠰᠢᠬᠦᠯᠦᠭᠰᠡᠨ ᠬᠦᠮᠦᠰ ᠲᠤ  ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂  ᠠᠷᠠᠳ ᠤᠨ ᠰᠢᠭᠦᠬᠦ ᠬᠤᠷᠢᠶ᠎ᠠ ᠂  ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠬᠠᠮᠲᠤ ᠪᠠᠷ ᠬᠢᠷᠢ ᠬᠡᠮ ᠤᠨ ᠬᠢᠨᠠᠨ ᠪᠠᠶᠢᠴᠠᠭᠠᠯᠲᠠ ᠬᠢᠵᠦ᠂ ᠠᠷᠠᠳ ᠤᠨ ᠬᠠᠪᠰᠤᠷᠤᠨ ᠰᠢᠭᠦᠭᠴᠢ ᠶᠢᠨ ᠡᠷᠬᠡ ᠡᠭᠦᠷᠭᠡ ᠶᠢ ᠮᠡᠳᠡᠭᠳᠡᠬᠦ ᠶᠢᠨ ᠬᠠᠮᠲᠤ᠂ ᠠᠷᠠᠳ ᠤᠨ ᠬᠠᠪᠰᠤᠷᠤᠨ ᠰᠢᠭᠦᠭᠴᠢ ᠶᠢᠨ ᠵᠢᠱᠢᠭᠳᠡᠭᠴᠢ ᠶᠢ ᠲᠣᠭᠲᠠᠭᠠᠨ᠎ᠠ᠃        ︵ᠳᠥᠷᠪᠡ︶ ᠲᠤᠰᠢᠶᠠᠯ ᠳᠤ ᠲᠣᠮᠢᠯᠠᠬᠤ ᠠᠴᠠ ᠡᠮᠦᠨ᠎ᠡ ᠵᠠᠷᠯᠠᠨ ᠨᠡᠶᠢᠲᠡᠯᠡᠬᠦ  ᠃      ᠵᠢᠱᠢᠭᠳᠡᠭᠴᠢ ᠶᠢ ᠲᠣᠭᠲᠠᠭᠠᠭᠰᠠᠨ ᠤ ᠳᠠᠷᠠᠭ᠎ᠠ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠨᠢ ᠠᠷᠠᠳ ᠤᠨ ᠰᠢᠭᠦᠬᠦ ᠬᠤᠷᠢᠶ᠎ᠠ ᠲᠠᠢ ᠬᠠᠮᠲᠤᠷᠠᠨ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠨ᠎ᠡ᠃      ︵ᠲᠠᠪᠤ︶ ᠲᠤᠰᠢᠶᠠᠯ ᠳᠤ ᠲᠣᠮᠢᠯᠠᠬᠤ ᠪᠠᠷ ᠨᠡᠷ᠎ᠡ ᠶᠢ ᠳᠡᠪᠰᠢᠭᠦᠯᠬᠦ  ᠃      ᠨᠡᠶᠢᠳᠡᠯᠡᠨ ᠲᠤᠭᠳᠠᠭᠠᠭᠰᠠᠨ ᠵᠢᠱᠢᠭᠳᠡᠭᠴᠢ  ᠶᠢᠨ ᠨᠡᠷᠡᠰ ᠢ ᠰᠢᠭᠦᠬᠦ ᠬᠤᠷᠢᠶᠠᠨ ᠤ ᠳᠠᠷᠤᠭ᠎ᠠ ᠠᠴᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠦᠨ᠎ᠠ ᠂ ᠲᠤᠰᠢᠶᠠᠯ ᠤᠨ ᠬᠤᠭᠤᠴᠠᠭ᠎ᠠ ᠨᠢ ᠲᠠᠪᠤᠨ ᠵᠢᠯ  ᠃       ︵ᠵᠢᠷᠭᠤᠭ᠎ᠠ︶ ᠲᠤᠰᠢᠶᠠᠯ ᠡᠬᠦᠷᠭᠡᠯᠡᠬᠦ ᠲᠠᠩᠭᠠᠷᠢᠭ      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠬᠠᠪᠰᠤᠷᠤᠨ ᠰᠢᠭᠦᠭᠴᠢ ᠶᠢ ᠲᠣᠮᠢᠯᠠᠭᠰᠠᠨ ᠤ ᠲᠠᠷᠠᠭ᠎ᠠ᠂ ᠲᠤᠰᠢᠶᠠᠯ ᠡᠬᠦᠷᠭᠡᠯᠡᠬᠦ ᠲᠠᠩᠭᠠᠷᠢᠭ ᠬᠢᠨ᠎ᠡ᠂ ᠲᠠᠩᠭᠠᠷᠢᠭᠯᠠᠬᠤ ᠶᠣᠰᠣᠯᠠᠯ ᠢ  ᠰᠢᠭᠦᠬᠦ ᠬᠤᠷᠢᠶ᠎ᠠ ᠨᠢ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ᠵᠣᠬᠢᠶᠠᠨ ᠪᠠᠶᠢᠭᠤᠯᠤᠨ᠎ᠠ᠃          ᠣᠨᠴᠠᠭᠠᠶᠢᠯᠠᠨ ᠵᠠᠷᠯᠠᠪᠠ                                               ᠲᠠᠶᠢᠹᠤᠰᠧ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ                                     2024 ᠣᠨ ᠤ 1 ᠰᠠᠷ᠎ᠠ ᠶᠢᠨ 22 ᠤᠨ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号